ᠲᠣᠭᠲᠠᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠵᠢᠦ ᠲᠠᠢ ᠰᠢᠨ᠎ᠡ ᠮᠠᠲ᠋ᠧᠷᠢᠶᠠᠯ ᠤᠨ ᠺᠣᠮᠫᠠᠨᠢ ᠶᠢᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠪᠠᠶᠢᠴᠠᠭᠠᠨ ᠰᠤᠳᠤᠯᠵᠤ ᠰᠢᠪᠠᠳᠠᠨ ᠵᠢᠯᠣᠭᠤᠳᠪᠠ
ᠨᠡᠶᠢᠲᠡᠯᠡᠭᠰᠡᠨ ᠴᠠᠭ᠄
2022/3/17
     3 ᠳ᠋ᠤᠭᠠᠷ ᠰᠠᠷ᠎ᠠ   ᠶᠢᠨ 16 ᠤ ᠡᠳᠦᠷ᠂ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠣ ᠵᠧᠩ ᠵᠢᠦ ᠲᠠᠢ ᠰᠢᠨ᠎ᠡ ᠮᠠᠲ᠋ᠧᠷᠢᠶᠠᠯ ᠤᠨ ᠺᠣᠮᠫᠠᠨᠢ ᠳᠤ ᠬᠦᠷᠴᠦ ᠠᠵᠢᠯ ᠦᠢᠯᠡᠳᠪᠦᠷᠢᠯᠡᠯ  ᠢᠶᠠᠨ ᠰᠡᠷᠭᠦᠭᠡᠬᠦ ᠲᠤᠰᠬᠠᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠴᠤ ᠪᠠᠶᠢᠭ᠎ᠠ ᠨᠢ᠃      ᠭᠤᠤ ᠵᠧᠩ ᠵᠢᠦ ᠲᠠᠢ ᠰᠢᠨ᠎ᠡ ᠮᠠᠲ᠋ᠧᠷᠢᠶᠠᠯ ᠤᠨ ᠺᠣᠮᠫᠠᠨᠢ ᠶᠢᠨ ᠠᠵᠢᠯ ᠢᠶᠠᠨ ᠰᠡᠷᠭᠦᠭᠡᠬᠦ ᠪᠡᠯᠡᠳᠬᠡᠯ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠴᠢᠬᠤᠯᠠᠴᠢᠯᠠᠭᠰᠠᠨ ᠨᠢ᠂ ᠣᠳᠣᠬᠠᠨ ᠳᠤ ᠬᠥᠬᠡᠬᠤᠲᠠ ᠶᠢᠨ ᠬᠢᠵᠢᠭ ᠤᠨ ᠪᠠᠶᠢᠳᠠᠯ ᠢ ᠪᠦᠲᠦᠮᠵᠢᠲᠡᠢ ᠬᠢᠵᠠᠭᠠᠷᠯᠠᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠨᠢ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠤᠴᠢᠷ ᠠᠴᠠ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠱᠠᠯᠠᠪᠳᠠᠨ ᠠᠬᠢᠭᠤᠯᠬᠤ ᠨᠢ ᠪᠠᠴᠢᠮ ᠲᠤᠯᠭᠠᠮ᠎ᠠ ᠶᠠᠪᠤᠳᠠᠯ ᠪᠣᠯᠣᠨ᠎ᠠ᠃ ᠠᠵᠤ ᠠᠬᠤᠶᠢᠯᠠᠯ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠠᠳᠠᠨ᠎ᠠ ᠠᠴᠠ ᠬᠠᠯᠳᠠᠪᠦᠷᠢᠯᠠᠬᠤ ᠶᠢ ᠰᠡᠷᠭᠡᠶᠢᠯᠡᠵᠦ︾᠂ ᠪᠠᠴᠢᠮ ᠪᠠᠶᠢᠳᠠᠯ ᠢ ᠠᠷᠭᠠᠴᠠᠬᠤ ᠲᠥᠰᠥᠯ ᠲᠣᠭᠲᠠᠭᠠᠵᠤ᠂ ᠠᠵᠢᠯ ᠤᠨ ᠪᠠᠶᠢᠷᠢ ᠳᠠᠭᠠᠨ ᠪᠤᠴᠠᠭᠰᠠᠳ ᠢ ᠬᠥᠲᠥᠯᠥᠨ ᠵᠢᠯᠤᠭᠤᠳᠴᠤ ᠪᠠᠶᠢᠭᠠᠳ ᠪᠦᠯᠦᠭ ᠤᠳᠠᠭ᠎ᠠ ᠬᠤᠪᠢᠶᠠᠨ ᠡᠮᠬᠢ ᠵᠢᠷᠤᠮ ᠲᠠᠢ ᠡᠷᠡᠭᠦᠯ ᠢᠶᠠᠷ ᠠᠵᠢᠯ ᠤᠨ ᠪᠠᠶᠢᠷᠢ ᠳᠤᠨᠢ ᠪᠤᠴᠠᠭᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠵᠡᠷᠭᠡᠴᠡᠭᠡᠪᠡᠷ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠣᠯᠠᠨ ᠠᠷᠭ᠎ᠠ ᠵᠠᠮ ᠢᠶᠠᠷ ᠣᠶᠢᠯᠠᠭᠠᠵᠤ᠂ ᠨᠠᠷᠢᠯᠢᠭ ᠣᠨᠣᠴᠠᠲᠠᠢ ᠪᠠᠷ ᠦᠢᠯᠡᠴᠢᠯᠡᠬᠦ ᠶᠢ ᠥᠨᠳᠥᠷ ᠪᠦᠲᠦᠮᠵᠢᠲᠡᠶ ᠪᠠᠷ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢᠨ ᠪᠠᠴᠢᠮ ᠬᠡᠷᠡᠭᠴᠡᠭᠡ ᠲᠠᠢ ᠭᠠᠵᠠᠷ ᠲᠤ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠲᠣᠭᠲᠠᠭᠤᠨ ᠢᠶᠠᠷ ᠰᠢᠯᠵᠢᠬᠦ᠂ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠡᠮᠬᠢ ᠵᠢᠷᠤᠮ ᠢ ᠠᠯᠬᠤᠮ ᠠᠯᠬᠤᠮ ᠢᠶᠠᠷ ᠰᠡᠷᠭᠦᠭᠡᠬᠦ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠡᠢ᠃ ᠲᠤᠭᠳᠠᠬᠤ ᠴᠢᠩ ᠱᠦᠢ ᠾᠧ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠢᠨ ᠨᠡᠷ᠎ᠡ ᠳᠤᠷᠠᠳᠤᠭᠰᠠᠨ ᠵᠢᠱᠢᠭᠳᠡᠭᠴᠢ᠂ ᠲᠤᠭᠳᠠᠬᠤ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ ᠯᠢᠦ ᡁᠢ ᠴᠢᠶᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1