ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠰᠤᠯᠠᠷᠠᠭᠤᠯᠬᠤ ᠦᠭᠡᠢ ᠣᠯᠠᠨ ᠠᠷᠭ᠎ᠠ ᠬᠡᠮᠵᠢᠶ᠎ᠡ ᠪᠠᠷ ᠬᠠᠪᠤᠷ ᠤᠨ ᠲᠠᠷᠢᠶᠠᠯᠠᠭ᠎ᠠ ᠳᠤ ᠪᠡᠯᠡᠳᠭᠡᠵᠦ ᠪᠠᠶᠢᠨ᠎ᠠ
ᠨᠡᠶᠢᠲᠡᠯᠡᠭᠰᠡᠨ ᠴᠠᠭ᠄
2022/3/17
     ᠡᠬᠡ ᠭᠠᠵᠠᠷ ᠰᠡᠷᠭᠦᠵᠦ᠂ ᠲᠦᠮᠡᠨ ᠪᠣᠳᠠᠰ ᠠᠮᠢᠯᠠᠨ᠎ᠠ᠃ ᠪᠠᠰᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠢᠬᠤᠯᠠ ᠴᠠᠭ ᠦᠶ᠎ᠡ ᠪᠣᠯᠬᠤ ᠳᠤ᠂ ᠬᠠᠲᠤᠨ ᠭᠤᠣᠯ ᠤᠨ ᠲᠣᠭᠲᠠᠬᠤ ᠰᠢᠶᠠᠨ ᠤ ᠬᠡᠰᠡᠭ ᠨᠢ 3 ᠳ᠋ᠤᠭᠠᠷ ᠰᠠᠷ᠎ᠠ ᠶᠢᠨ 14 ᠤ ᠡᠳᠦᠷ ᠭᠤᠣᠯ ᠨᠡᠭᠡᠭᠡᠵᠦ᠂ ᠡᠩ ᠤᠨ ᠵᠢᠯ ᠤᠨ ᠬᠢ ᠠᠴᠠ 6 ᠡᠳᠦᠷ ᠡᠷᠲᠡ ᠪᠣᠯᠵᠠᠢ᠃ ᠲᠤᠭᠳᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠢ ᠨᠢᠭᠡᠳᠦᠯᠲᠡᠢ ᠲᠥᠯᠥᠪᠯᠡᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ   ᠢ ᠢᠳᠡᠪᠬᠢᠲᠡᠢ ᠪᠠᠷ ᠥᠷᠨᠢᠭᠦᠯᠵᠦ᠂ ᠴᠠᠭ ᠤᠯᠠᠷᠢᠯ ᠢ ᠠᠮᠵᠢᠨ᠂ ᠰᠢᠨᠵᠢᠯᠡᠬᠦ ᠤᠬᠠᠭᠠᠨᠴᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠦᠢᠯᠡᠴᠢᠯᠡᠭᠡ ᠶᠢ ᠰᠢᠯᠢᠳᠡᠭᠵᠢᠭᠦᠯᠦᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠤᠶᠠᠷ ᠲᠠᠯ᠎ᠠ ᠪᠠᠷ ᠠᠳᠬᠤᠵᠤ᠂ ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠭᠰᠠᠨ ᠪᠠᠶᠢᠨ᠎ᠠ᠃
     ᠨᠢᠭᠡ ᠳᠤ᠂ ᠵᠣᠬᠢᠶᠠᠨ ᠪᠠᠶᠢᠭᠤᠯᠤᠯᠳᠠ ᠶᠢᠨ ᠤᠳᠤᠷᠢᠳᠦᠯᠭ᠎ᠠ ᠪᠠᠨ ᠴᠢᠩᠭᠠᠳᠬᠠᠨ᠎ᠠ᠃ ᠡᠷᠲᠡ ᠠᠴᠠ ᠲᠣᠬᠢᠷᠠᠭᠤᠯᠵᠤ᠂ ᠡᠷᠲᠡ ᠠᠴᠠ ᠪᠠᠶᠢᠷᠢᠯᠠᠭᠤᠯᠵᠤ᠂ ᠪᠥᠬᠦ ᠰᠢᠶᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ  ᠪᠠᠳᠤᠯᠠᠨ᠎ᠠ᠃      ᠬᠤᠶᠠᠷ ᠲᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡ ᠶᠢ ᠪᠠᠲᠤᠯᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠠᠵᠢᠯᠲᠠᠳ 24 ᠴᠠᠭ ᠲᠤ ᠲᠠᠷᠢᠶᠠᠯᠠᠩ ᠤᠨ ᠬᠡᠷᠡᠭᠰᠡᠯ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠨᠡᠪᠳᠡᠷᠡᠯᠴᠡᠭᠡ ᠶᠢ ᠨᠢᠭᠡᠳᠦᠯᠳᠡᠢ ᠲᠦᠯᠦᠪᠵᠢᠭᠦᠯᠪᠡ᠃ ᠠᠳᠠᠯᠢ ᠬᠤᠭᠤᠴᠠᠭᠠᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡ ᠠᠴᠠ ᠭᠦᠢᠴᠡᠳ ᠪᠠᠶᠢᠵᠤ᠂ ᠦᠨ᠎ᠡ ᠬᠠᠩᠰᠢ ᠨᠡᠶᠢᠳᠡᠮ ᠳᠡᠭᠡᠨ ᠥᠰᠴᠡᠢ᠃ ᠪᠦᠬᠦ ᠰᠢᠶᠠᠨ ᠤ ᠬᠥᠳᠡᠭᠡ ᠠᠵᠤ ᠠᠬᠤᠢ ᠶᠢᠨ ᠮᠧᠬᠠᠨᠢᠭ ᠤᠨ ᠶᠡᠷᠦᠩᠬᠡᠢ ᠬᠥᠳᠡᠯᠭᠡᠭᠦ ᠬᠦᠴᠦᠨ 51 ᠲᠦᠮᠡᠨ ᠺᠢᠯᠣᠸᠠᠲ ᠲᠤ ᠬᠦᠷᠴᠦ᠂ ᠬᠥᠳᠡᠭᠡ ᠠᠵᠤ ᠠᠬᠤᠢ ᠶᠢᠨ ᠮᠧᠬᠠᠨᠢᠭᠵᠢᠭᠤᠯᠤᠯᠲᠠ ᠶᠢᠨ ᠨᠤᠷᠮ᠎ᠠ ᠵᠢᠱᠢᠯᠲᠡ ᠪᠠᠷ 94% ᠳᠤ ᠬᠦᠷᠬᠦ ᠪᠣᠯᠣᠨ᠎ᠠ᠃      ᠪᠥᠬᠦ ᠰᠢᠶᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠡᠷᠡᠭᠰᠡᠬᠦ ᠬᠡᠮᠵᠢᠶᠡᠨ ᠤ ᠦᠷ᠎ᠡ 1800 ᠲᠣᠨ ᠪᠠᠶᠢᠵᠤ᠂ ᠣᠲᠣ 560 ᠲᠣᠨ ᠨᠥᠭᠡᠴᠡᠯᠡᠵᠦ ᠪᠠᠶᠢᠨ᠎ᠠ᠂ ᠦᠷ᠎ᠡ ᠶᠢᠨ ᠦᠨ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.3 ᠲᠥᠭᠦᠷᠢᠭ ᠥᠰᠪᠡ᠃ ᠰᠦᠯᠢᠶᠥᠦ ᠪᠦᠷᠬᠦᠪᠴᠢ ᠶᠢ 4500 ᠲᠣᠨ ᠬᠡᠷᠡᠭᠰᠡᠵᠦ᠂ ᠤᠳᠤ 570 ᠲᠣᠨ ᠨᠥᠭᠡᠴᠡᠯᠡᠵᠦ᠂ ᠰᠦᠯᠢᠶᠥᠦ ᠪᠦᠷᠬᠦᠪᠴᠢ ᠶᠢᠨ ᠦᠨ᠎ᠡ ᠲᠣᠭᠲᠠᠭᠤᠨ ᠪᠠᠶᠢᠨ᠎ᠠ᠃ ᠬᠢᠮᠢ ᠶᠢᠨ ᠪᠣᠷᠳᠣᠭᠤᠷ 36000 ᠲᠣᠨ ᠬᠡᠷᠡᠭᠰᠡᠨ᠎ᠡ᠂ ᠣᠲᠣ 9600 ᠲᠣᠨ ᠨᠥᠭᠡᠴᠡᠯᠡᠵᠦ ᠪᠣᠶ᠂ ᠡᠭᠦᠨ ᠳᠤ ᠰᠢᠭᠡᠰᠦᠯᠢᠭ ᠡᠳ᠋ ᠤᠨ ᠦᠨ᠎ᠡ ᠲᠣᠨ ᠪᠦᠷᠢ ᠳᠡᠭᠡᠨ 2600 ᠲᠥᠭᠦᠷᠢᠭ ᠪᠠᠶᠢᠵᠤ᠂ ᠨᠢᠳᠤᠨᠤᠨ ᠤ ᠬᠢ ᠲᠠᠢ ᠲᠡᠩᠴᠡᠨ᠎ᠡ᠃ ᠬᠤᠶᠠᠷ ᠠᠮᠮᠤᠨᠢ ᠲᠣᠨ ᠪᠦᠷᠢ ᠳᠡᠭᠡᠨ 3900 ᠲᠥᠭᠦᠷᠢᠭ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠣᠨ ᠪᠦᠷᠢ ᠳᠡᠭᠡᠨ 500 ᠲᠥᠭᠦᠷᠢᠭ ᠥᠰᠪᠡ᠃ ᠨᠡᠶᠢᠯᠡᠮᠡᠯ ᠪᠣᠷᠳᠣᠭᠤᠷ ᠲᠣᠨ ᠪᠦᠷᠢ ᠳᠡᠭᠡᠨ 3600 ᠲᠥᠭᠦᠷᠢᠭ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠣᠨ ᠪᠦᠷᠢ ᠳᠡᠭᠡᠨ 400 ᠲᠥᠭᠦᠷᠢᠭ ᠥᠰᠪᠡ᠃ ᠲᠠᠷᠢᠶᠠᠨ ᠡᠮ ᠳᠤ 50 ᠲᠣᠨ ᠬᠡᠷᠡᠭᠰᠡᠨ᠎ᠡ᠂ ᠣᠲᠣ 8 ᠲᠣᠨ ᠨᠥᠭᠡᠴᠡᠯᠡᠵᠦ ᠪᠠᠶᠢᠨ᠎ᠠ᠂ ᠲᠠᠷᠢᠶᠠᠨ ᠡᠮ ᠤᠨ ᠦᠨ᠎ᠡ ᠨᠢᠳᠤᠨᠤᠨ ᠤ ᠬᠢ ᠠᠴᠠ 15% ᠪᠠᠷ ᠨᠡᠮᠡᠭᠳᠡᠵᠡᠢ᠃      ᠭᠤᠷᠪᠠ ᠳᠤ᠂ ᠵᠠᠬ᠎ᠠ ᠳᠡᠯᠭᠡᠭᠦᠷ ᠢ ᠵᠢᠷᠤᠮᠵᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠪᠥᠬᠦ ᠰᠢᠶᠠᠨ ᠤ 71 ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠡᠷᠦᠬᠡ ᠳᠤ ᠬᠠᠤᠯᠢ ᠬᠡᠷᠡᠭᠵᠢᠭᠦᠯᠦᠯᠲᠡ ᠶᠢᠨ ᠲᠤᠰᠬᠠᠢ ᠪᠠᠶᠢᠴᠠᠭᠠᠯᠲᠠ ᠬᠢᠵᠦ᠂ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠨᠡᠭᠦᠳᠡᠯ ᠬᠤᠳᠠᠯᠳᠤᠭᠠᠴᠢᠨ᠂ ︽ᠬᠠᠭᠤᠷᠤᠨ ᠮᠡᠬᠡᠯᠡᠬᠦ ᠪᠦᠯᠬᠦᠮ︾᠂ ᠦᠢᠯᠡᠳᠪᠦᠷᠢᠯᠡᠬᠦ᠂ ᠡᠵᠡᠩᠨᠡᠬᠦ ᠵᠡᠷᠭᠡ ᠬᠠᠤᠯᠢ ᠠᠴᠠ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠲᠣᠭᠲᠠᠭᠤᠨ ᠪᠠᠶᠢᠬᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠤ ᠶᠠᠰᠤ ᠴᠢᠨᠠᠷ ᠤᠨ ᠨᠠᠶᠢᠳᠠᠪᠤᠷᠢᠲᠠᠢ ᠪᠠᠶᠢᠬᠤ ᠶᠢ ᠦᠨᠡᠨᠬᠦ ᠪᠠᠲᠤᠯᠠᠨ᠎ᠠ᠃      ᠳᠥᠷᠪᠡ ᠳᠤ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ᠂ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠨ᠎ᠠ᠃ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠶᠡᠭᠡ ᠪᠠᠷ ᠤᠬᠠᠭᠤᠯᠵᠤ᠂ ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠥᠬᠦᠪᠦᠷᠢ ᠥᠭᠴᠦ᠂ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ ᠨᠥᠬᠦᠪᠦᠷᠢ ᠥᠭᠭᠦᠨ᠎ᠡ᠃ ᠤᠰᠤ ᠶᠢ ᠠᠷᠪᠢᠯᠠᠵᠤ ᠬᠡᠷᠡᠭᠯᠡᠬᠦ᠂ ᠲᠠᠷᠢᠶᠠᠯᠠᠩ ᠤᠨ ᠵᠤᠯᠤᠮ᠎ᠠ ᠪᠦᠷᠬᠦᠪᠴᠢ᠂ ᠲᠠᠷᠢᠶᠠᠨ ᠡᠮ᠂ ᠬᠢᠮᠢ ᠶᠢᠨ ᠪᠣᠷᠳᠣᠭᠤᠷ ᠤᠨ ᠬᠡᠷᠡᠭᠯᠡᠯᠲᠡ ᠶᠢᠨ ᠬᠡᠮᠵᠢᠶ᠎ᠡ ᠶᠢ ᠪᠠᠭᠠᠰᠬᠠᠬᠤ ᠵᠡᠷᠭᠡ ᠲᠠᠷᠢᠶᠠᠯᠠᠩ ᠮᠠᠯ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠠᠷᠠᠳ ᠤᠨ ᠰᠡᠳᠬᠢᠯ ᠳᠤ ᠭᠦᠨᠵᠡᠭᠡᠶᠢᠷᠡᠭᠦᠯᠦᠨ᠎ᠡ᠃
     ᠲᠧᠭᠨᠢᠭ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠳᠠᠷᠢᠵᠤ ᠲᠡᠵᠢᠭᠡᠬᠦ ᠪᠦᠲᠦᠴᠡ ᠶᠢ ᠲᠣᠬᠢᠷᠠᠭᠤᠯᠤᠨ᠎ᠠ᠃ ᠲᠠᠷᠢᠶᠠᠴᠢᠳ ᠢ ᠬᠥᠲᠥᠯᠥᠨ ᠵᠢᠯᠤᠭᠤᠳᠴᠤ ᠵᠣᠷᠢᠭᠵᠢᠭᠤᠯᠵᠤ ᠪᠠᠶᠢᠭᠠᠳ ᠠᠮᠢ ᠠᠬᠤᠢ ᠶᠢᠨ ᠰᠡᠷᠭᠦᠭᠡᠯᠲᠡ ᠶᠢ ᠲᠠᠷᠢᠶᠠᠯᠠᠩ ᠮᠠᠯ ᠠᠵᠤ ᠠᠬᠤᠢ ᠠᠵᠤ ᠦᠢᠯᠡᠰ ᠤᠨ ᠬᠥᠭᠵᠢᠯᠲᠡ ᠯᠦᠭᠡ ᠬᠤᠯᠪᠣᠭᠳᠠᠭᠤᠯᠬᠤ ᠶᠠᠪᠤᠳᠠᠯ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠠᠮᠢ ᠠᠬᠤᠢ ᠬᠢᠭᠡᠳ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠵᠣᠬᠢᠴᠠᠩᠭᠤᠢ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1