ᠰᠢᠶᠠᠨ ᠤ ᠠᠷᠠᠳ ᠤᠨ ᠵᠠᠰᠠᠭ ᠤᠨ ᠣᠷᠳᠣᠨ 2022 ᠣᠨ ᠤ 4 ᠳ᠋ᠤᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 3 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠪᠠ 2022 ᠣᠨ ᠤ 4 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/18
     3 ᠳ᠋ᠤᠭᠠᠷ ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 4 ᠳ᠋ᠤᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 3 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠪᠠ 2022 ᠣᠨ ᠤ 4 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 2022 ᠣᠨ ᠤ ᠲᠥᠷᠥ ᠶᠢᠨ ᠶᠠᠪᠤᠳᠠᠯ ᠤᠨ ᠬᠤᠷᠢᠶᠠᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠣᠯ ᠵᠣᠷᠢᠭ ᠰᠠᠨᠠᠭ᠎ᠠ᠂ ᠬᠥᠬᠡᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠴᠢᠬᠤᠯᠠ ᠪᠠᠶᠢᠳᠠᠯ ᠢ ᠰᠣᠩᠭᠤᠨ ᠮᠡᠳᠡᠭᠦᠯᠬᠦ ︱ ᠰᠢᠯᠵᠢᠭᠦᠯᠦᠨ ᠤᠩᠰᠢᠬᠤ ᠳᠤ ᠵᠣᠷᠢᠭᠤᠯᠤᠭᠰᠠᠨ ᠮᠡᠳᠡᠭᠡ ᠵᠠᠩᠭᠢ ᠶᠢ ᠤᠯᠠᠮᠵᠢᠯᠠᠨ ᠰᠤᠷᠤᠯᠴᠠᠪᠠ︔᠂ ᠴᠠᠯᠢᠩ ᠥᠷᠢᠲᠦᠬᠦ ᠬᠦᠴᠢᠷ ᠠᠰᠠᠭᠤᠳᠠᠯ ᠢ ᠴᠢᠩᠭ᠎ᠠ ᠴᠡᠭᠴᠡᠯᠡᠨ ᠵᠠᠰᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠬᠢᠵᠢᠭᠦᠯᠦᠨ ᠲᠡᠭᠦᠯᠳᠡᠷᠵᠢᠭᠦᠯᠬᠦ᠂ ᠨᠣᠭᠤᠭᠠᠨ ᠦᠵᠡᠰᠬᠦᠯᠡᠩ ᠤᠨ ᠬᠦᠷᠢᠶᠡᠯᠡᠩ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠪᠠ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠡᠮᠦᠨᠡᠬᠢ ᠬᠤᠭᠤᠴᠠᠭᠠᠨ ᠤ ᠬᠤᠷᠠᠯ ᠤᠨ ᠬᠢᠨᠠᠨ ᠲᠣᠭᠲᠠᠭᠠᠬᠤ ᠲᠠᠰ ᠳᠠᠷᠠᠭᠠᠯᠠᠯ ᠢ ᠰᠤᠳᠤᠯᠤᠨ ᠶᠠᠷᠢᠯᠴᠠᠪᠠ᠃
     ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠶᠠᠷᠢᠶᠠᠨ ᠤ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠴᠢᠬᠤᠯᠠ ᠦᠵᠡᠯᠲᠡ᠂ ᠴᠢᠬᠤᠯᠠ ᠨᠤᠲᠠᠯᠠᠯᠲᠠ ᠶᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠮᠠᠨ ᠤ ᠰᠢᠶᠠᠨ ᠳᠤ ᠦᠨᠳᠦᠰᠦᠯᠡᠭᠳᠡᠵᠦ᠂ ᠴᠡᠴᠡᠭᠯᠡᠨ ᠵᠢᠮᠢᠰᠯᠡᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠰᠣᠷᠣᠭᠰᠠᠨ ᠢᠶᠠᠨ ᠬᠡᠷᠡᠭᠯᠡᠵᠦ᠂ ᠮᠡᠳᠡᠬᠦᠢ ᠬᠢᠬᠦᠢ ᠪᠠᠨ ᠨᠢᠭᠡᠳᠬᠡᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠬᠤ ᠲᠤᠬᠠᠢ ᠴᠢᠬᠤᠯᠠ ᠪᠠᠶᠢᠷᠢᠯᠠᠭᠤᠯᠤᠯᠲᠠ ᠶᠢ ᠭᠦᠨᠵᠡᠭᠡᠢ ᠣᠶᠢᠯᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠭᠠᠷᠭᠠᠭᠰᠠᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠰᠤᠷᠤᠯᠴᠠᠨ ᠣᠶᠢᠯᠠᠭᠠᠬᠤ ᠶᠢ ᠰᠠᠶᠢᠲᠤᠷ ᠠᠳᠬᠤᠵᠤ᠂ ᠲᠦᠷᠦ ᠶᠢᠨ ᠪᠣᠳᠣᠯᠭ᠎ᠠ ᠶᠢ ᠵᠣᠯᠭᠠᠭᠤᠯᠬᠤ ᠶᠢ ᠰᠠᠶᠢᠲᠤᠷ ᠠᠳᠬᠤᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠢ ᠪᠠᠲᠤᠯᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠢ ᠠᠷᠭᠠᠴᠠᠵᠤ᠂ ᠨᠡᠶᠢᠭᠡᠮ ᠤᠨ ᠶᠡᠭᠡ ᠲᠠᠯ᠎ᠠ ᠶᠢ ᠬᠦᠴᠦᠯᠡᠨ ᠲᠣᠭᠲᠠᠭᠤᠨ ᠪᠠᠶᠢᠯᠭᠠᠬᠤ ᠬᠡᠷᠡᠭᠲᠡᠢ᠃ ᠬᠥᠬᠡᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠣᠳᠣᠬᠠᠨ ᠤ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ ᠲᠠᠢ︾ ᠤᠯᠤᠰ ᠲᠥᠷᠥ ᠶᠢᠨ ᠡᠭᠦᠷᠭᠡ ᠶᠢ ᠰᠠᠶᠢᠲᠤᠷ ᠪᠡᠶᠡᠯᠡᠭᠦᠯᠵᠦ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ ᠲᠠᠢ︾ ᠪᠠᠷ ᠪᠥᠬᠦ ᠵᠢᠯ ᠤᠨ ︽ᠬᠠᠷᠠᠯᠲᠠ ᠲᠣᠭᠲᠠᠭᠤᠨ︾ ᠢ ᠪᠠᠲᠤᠯᠠᠬᠤ ᠬᠡᠷᠡᠭᠲᠡᠢ᠃ ︽ᠲᠦᠷᠦᠯ ᠵᠦᠢᠯ ᠢᠶᠠᠷ ᠭᠤᠣᠯ ᠪᠣᠯᠭᠠᠬᠤ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠪᠦᠬᠦ ᠶᠠᠪᠤᠴᠠ ᠶᠢᠨ ᠠᠰᠠᠷᠠᠭᠴᠢ ᠮᠠᠶ᠋ᠢᠭ ᠤᠨ ᠲᠤᠰᠬᠠᠢ ᠲᠤᠰᠢᠶᠠᠯᠲᠠᠨ ᠳᠤ ᠦᠢᠯᠡᠴᠢᠯᠡᠬᠦ ᠶᠢ ᠬᠡᠷᠡᠭᠵᠢᠭᠦᠯᠵᠦ᠂ ︽ᠲᠦᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ︾ ᠣᠶᠢᠯᠠᠭᠠᠭᠳᠠᠬᠤᠨ ᠢ ᠴᠢᠨᠠᠭᠰᠢᠳᠠ ᠪᠤᠢ ᠪᠣᠯᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠱᠠᠯᠠᠪᠳᠠᠨ ᠠᠬᠢᠭᠤᠯᠵᠤ᠂ ᠠᠵᠤ ᠠᠬᠤᠢ ᠶᠢᠨ ᠲᠣᠭᠲᠠᠭᠤᠨ ᠢᠶᠠᠷ ᠠᠵᠢᠯᠯᠠᠬᠤ᠂ ᠴᠢᠨᠠᠷ ᠰᠠᠶᠢᠲᠠᠢ ᠬᠥᠭᠵᠢᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢ ᠣᠨᠣᠪᠴᠢᠲᠠᠢ ᠡᠵᠡᠮᠳᠡᠵᠦ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ︽ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠴᠠᠯᠢᠩ ᠥᠷᠢᠲᠦᠬᠦ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠵᠠᠰᠠᠬᠤ ᠠᠵᠢᠯ ᠢ ᠬᠡᠪᠢᠰ ᠤᠨ ᠮᠠᠶᠢᠭ ᠢᠶᠠᠷ ᠥᠷᠨᠢᠭᠦᠯᠵᠦ᠂ ᠣᠯᠵᠤ ᠮᠡᠳᠡᠭᠰᠡᠨ ᠠᠰᠠᠭᠤᠳᠠᠯ ᠳᠤ ᠨᠢᠭᠡᠳ ᠨᠢᠭᠡ ᠪᠠᠷ ᠡᠬᠡ ᠳᠠᠩᠰᠠ ᠪᠠᠶᠢᠭᠤᠯᠤᠨ᠂ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠪᠣᠯᠣᠨ ᠴᠡᠭᠴᠡᠯᠡᠨ ᠥᠭᠡᠷᠡᠴᠢᠯᠡᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠢᠩᠭ᠎ᠠ ᠠᠵᠢᠭᠯᠠᠵᠤ᠂ ᠫᠠᠶᠢᠰᠠ ᠡᠯᠭᠦᠨ ᠬᠠᠰᠤᠵᠤ᠂ ᠬᠥᠯᠥᠰᠦᠨ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠥᠭᠬᠦ ᠶᠢ ᠪᠠᠲᠤᠯᠠᠵᠤ᠂ ᠬᠥᠯᠥᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠢ᠃ ᠮᠠᠨ ᠤ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠨ᠎ᠡ ᠠᠷᠭ᠎ᠠ ᠬᠡᠮᠵᠢᠶ᠎ᠡ ᠶᠢ ᠭᠦᠨᠵᠡᠭᠡᠢ ᠠᠭᠤᠳᠠᠯᠵᠤ᠂ ᠤᠳᠤ ᠶᠢᠨ ᠭᠦᠢᠴᠡᠳᠬᠡᠵᠦ ᠪᠠᠶᠢᠭ᠎ᠠ ᠭᠠᠷ ᠭᠦᠢᠴᠡᠳᠬᠡᠯ ᠪᠠ ᠠᠯᠬᠤᠮ ᠳᠠᠷᠠᠭ᠎ᠠ ᠲᠠᠢ ᠬᠠᠷᠢᠴᠠᠭᠤᠯᠵᠤ ᠪᠠᠶᠢᠭᠠᠳ ᠲᠠᠬᠢᠨ ᠡᠮᠬᠢᠯᠡᠨ ᠲᠠᠬᠢᠨ ᠰᠢᠯᠢᠳᠡᠭᠵᠢᠭᠦᠯᠵᠦ᠂ ᠨᠢᠭᠡ ᠯᠡ ᠠᠮᠢᠰᠬᠤᠭ᠎ᠠ ᠪᠠᠷ ᠥᠴᠥᠬᠡᠨ ᠴᠦ ᠰᠤᠯᠠᠷᠠᠭᠤᠯᠤᠯ ᠦᠭᠡᠢ ᠵᠣᠷᠢᠭ ᠰᠠᠨᠠᠭ᠎ᠠ ᠪᠠᠷ ᠰᠢᠨᠲᠠᠷᠠᠰᠢ ᠦᠭᠡᠢ ᠪᠠᠷ ᠡᠨᠡ ᠬᠦ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠯᠪᠣᠭᠳᠠᠭᠰᠠᠨ᠂ ᠠᠵᠤ ᠠᠬᠤᠶᠢᠯᠠᠯ ᠪᠠ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤ ᠢᠯᠠᠯᠲᠠ ᠶᠢ ᠦᠷᠭᠦᠯᠵᠢᠯᠡᠨ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠨᠡ ᠪᠣᠯ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠯᠪᠣᠭᠳᠠᠭᠰᠠᠨ᠂ ᠠᠵᠤ ᠠᠬᠤᠶᠢᠯᠠᠯ ᠪᠠ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤ ᠢᠯᠠᠯᠲᠠ ᠶᠢ ᠣᠯᠬᠤ ᠶᠢᠨ ᠲᠥᠯᠥᠭᠡ ᠶᠤᠮ᠃ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠠᠨᠠᠭᠠᠴᠢᠯᠠᠭ᠎ᠠ ᠠᠴᠠ ᠪᠠᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠮᠤ ᠪᠤᠳᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠪᠣᠯᠣᠨ ᠬᠠᠮᠢᠶ᠎ᠠ ᠪᠦᠬᠦᠢ ᠠᠵᠢᠯ ᠤᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠪᠠ ᠠᠮᠤ ᠪᠤᠳᠠᠭ᠎ᠠ ᠨᠥᠭᠡᠴᠡᠯᠡᠬᠦ ᠠᠮᠤ ᠪᠤᠳᠠᠭ᠎ᠠ ᠲᠣᠬᠢᠷᠠᠭᠤᠯᠬᠤ ᠠᠮᠤ ᠪᠤᠳᠠᠭ᠎ᠠ ᠬᠡᠷᠡᠭᠯᠡᠬᠦ ᠵᠡᠷᠭᠡ ᠭᠤᠭᠴᠤᠭ᠎ᠠ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠠᠮᠤ ᠪᠤᠳᠠᠭᠠᠨ ᠤ ᠪᠦᠬᠦ ᠬᠡᠯᠬᠢᠶ᠎ᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠭᠠᠳᠠᠭᠠᠳᠤ ᠠᠴᠠ ᠬᠠᠯᠳᠠᠪᠦᠷᠢᠯᠠᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠪᠠ ︽ᠬᠥᠳᠡᠯᠦᠩᠭᠦᠢ ᠪᠠᠷ ᠲᠡᠭ ᠪᠣᠯᠭᠠᠬᠤ︾ ᠶᠡᠷᠦᠩᠬᠡᠢ ᠴᠢᠭᠯᠡᠯᠲᠡ ᠶᠢ ᠡᠷᠡᠰ ᠨᠠᠶᠢᠳᠠᠪᠤᠷᠢᠵᠢᠭᠤᠯᠵᠤ᠂ ᠮᠢᠨᠴᠦᠭᠦᠷᠡᠬᠦ ᠦᠵᠡᠯ ᠰᠠᠨᠠᠭ᠎ᠠ᠂ ᠳᠠᠶᠢᠨ ᠠᠴᠠ ᠬᠠᠯᠠᠰᠢᠷᠠᠬᠤ ᠰᠡᠳᠬᠢᠯᠭᠡ᠂ ᠠᠵᠠ ᠵᠠᠪᠰᠢᠶᠠᠨ ᠢᠶᠠᠷ ᠭᠤᠷᠢᠳᠠᠬᠤ ᠰᠡᠳᠬᠢᠯᠭᠡ ᠪᠠ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭ᠎ᠠ ᠠᠳᠬᠤᠵᠤ᠂ ᠭᠤᠣᠯᠳᠠᠯᠭ᠎ᠠ  ᠲᠠᠢ ᠲᠠᠯᠠᠪᠤᠷ ᠤᠨ ᠬᠠᠮᠢᠶᠠᠷᠤᠯᠲᠠ ᠶᠢ ᠴᠢᠩᠭ᠎ᠠ ᠠᠳᠬᠤᠵᠤ᠂ ᠭᠤᠣᠯᠳᠠᠯᠭ᠎ᠠ  ᠲᠠᠢ ᠬᠥᠮᠥᠰ ᠤᠨ ᠬᠠᠮᠢᠶᠠᠷᠤᠯᠲᠠ  ᠶᠢ ᠴᠢᠩᠭᠠᠳᠬᠠᠵᠤ᠂ ᠵᠠᠮ ᠬᠠᠷᠢᠯᠴᠠᠭᠠᠨ ᠤ ᠪᠠᠶᠢᠴᠠᠭᠠᠨ ᠰᠢᠯᠭᠠᠬᠤ ᠴᠢᠭ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠠᠯᠠᠪᠤᠷ ᠭᠠᠵᠠᠷ ᠢ ᠠᠷᠢᠭᠤᠳᠬᠠᠨ ᠠᠷᠢᠯᠭᠠᠬᠤ ᠠᠵᠢᠯ ᠢ ᠰᠠᠶᠢᠲᠤᠷ ᠬᠢᠵᠦ᠂ ᠤᠬᠠᠭᠤᠯᠵᠤ ᠬᠥᠲᠥᠯᠥᠨ ᠵᠢᠯᠤᠭᠤᠳᠬᠤ ᠶᠢ ᠦᠷᠭᠦᠯᠵᠢᠯᠡᠨ ᠴᠢᠩᠭᠠᠳᠬᠠᠵᠤ᠂ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠰᠠᠶᠢᠲᠤᠷ ᠠᠳᠬᠤᠵᠤ᠂ ᠶᠡᠭᠡ ᠬᠡᠪᠴᠢᠶᠡᠨ ᠤ ᠪᠥᠭᠡᠮ ᠬᠦᠴᠢᠯ ᠢ ᠪᠠᠶᠢᠴᠠᠭᠠᠨ ᠬᠡᠮᠵᠢᠵᠦ ᠪᠠᠲᠤᠯᠠᠬᠤ ᠠᠵᠢᠯ ᠪᠠ ᠪᠢᠲᠡᠭᠦᠮᠵᠢᠯᠡᠨ ᠡᠵᠡᠮᠳᠡᠵᠦ ᠬᠠᠮᠢᠶᠠᠷᠤᠨ ᠡᠵᠡᠮᠳᠡᠬᠦ ᠪᠡᠯᠡᠳᠬᠡᠯ ᠠᠵᠢᠯ ᠢ ᠰᠠᠶᠢᠲᠤᠷ ᠬᠢᠵᠦ᠂ ᠴᠢᠩᠭ᠎ᠠ ᠪᠥᠭᠡᠳ ᠴᠢᠩᠭ᠎ᠠ᠂ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ᠂ ᠨᠠᠷᠢᠯᠢᠭ ᠪᠥᠭᠡᠳ ᠴᠢᠩᠭ᠎ᠠ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠯᠪᠠᠷ ᠪᠤᠰᠤ ᠪᠠᠷ ᠣᠯᠣᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠰᠠᠶᠢᠲᠤᠷ ᠰᠠᠬᠢᠨ ᠬᠠᠮᠠᠭᠠᠯᠠᠨ᠎ᠠ᠃      ᠬᠤᠷᠠᠯ ᠠᠴᠠ ᠪᠠᠰᠠ ᠣᠶᠢᠷ᠎ᠠ ᠶᠢᠨ ᠬᠤᠭᠤᠴᠠᠭᠠᠨ ᠤ ᠵᠢᠦ ᠲᠠᠢ ᠶᠢᠨ ᠠᠮᠤᠷ ᠲᠦᠪᠰᠢᠨ ᠣᠷᠣᠨ ᠪᠦᠰᠡ ᠶᠢᠨ ᠳᠣᠲᠣᠷᠠᠬᠢ ᠠᠶᠢᠯ ᠲᠣᠰᠬᠤᠨ ᠢ ᠨᠡᠭᠦᠯᠭᠡᠬᠦ ᠠᠵᠢᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠬᠠᠳᠤᠨ ᠭᠤᠣᠯ ᠤᠨ ᠰᠠᠶᠢᠷᠭᠠᠯ ᠭᠠᠵᠠᠷ ᠤᠨ ᠲᠠᠷᠢᠮᠠᠯ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ ᠵᠢᠷᠤᠮᠵᠢᠭᠤᠯᠬᠤ᠂ ᠲᠦᠷᠦᠯ ᠵᠦᠢᠯ ᠢ ᠲᠡᠮᠡᠴᠡᠨ ᠣᠯᠬᠤ ᠪᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠪᠠᠰᠠ ︽ᠲᠣᠭᠲᠠᠬᠤ ᠰᠢᠶᠠᠨ ᠤ ᠳᠣᠣᠷ᠎ᠠ ᠠᠰᠢᠭᠯᠠᠮᠵᠢᠲᠤ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢ ᠨᠡᠭᠡᠭᠡᠨ ᠠᠰᠢᠭᠯᠠᠬᠤ ᠲᠤᠬᠠᠢ ᠵᠢᠯᠤᠭᠤᠳᠬᠤ ᠰᠠᠨᠠᠯ︾ ︽ᠲᠣᠭᠲᠠᠬᠤ ᠰᠢᠶᠠᠨ ᠤ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠰᠦᠷᠦᠭᠵᠢᠯ ᠢ ᠪᠣᠶᠢᠵᠢᠭᠤᠯᠬᠤ ᠶᠢᠨ ᠬᠡᠷᠡᠭᠵᠢᠭᠦᠯᠬᠦ ᠲᠥᠰᠥᠯ︾ ︽ᠲᠣᠭᠲᠠᠬᠤ ᠰᠢᠶᠠᠨ ᠤ ︿ᠬᠥᠬᠡᠬᠤᠲᠠ ᠶᠢᠨ ᠪᠣᠬᠢᠷᠳᠤᠯ ᠦᠭᠡᠢ ᠴᠠᠬᠢᠯᠭᠠᠨ ᠬᠦᠴᠦᠨ ᠢᠶᠠᠷ ᠰᠠᠭᠤᠷᠢ ᠪᠣᠯᠭᠠᠭᠰᠠᠨ ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠰᠦᠷᠦᠭᠵᠢᠯ ᠢ ᠪᠣᠶᠢᠵᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠲᠥᠰᠥᠯ ︵2022 ︱ 2024 ᠣᠨ︶ ᠢ ᠬᠡᠷᠡᠭᠵᠢᠭᠦᠯᠬᠦ ᠲᠥᠰᠥᠯ ︵ᠶᠠᠷᠢᠯᠴᠠᠬᠤ ᠨᠣᠣᠷᠠᠭ︶︾ ︽ᠲᠣᠭᠲᠠᠬᠤ ᠰᠢᠶᠠᠨ ᠤ ︿ᠬᠥᠬᠡᠬᠤᠲᠠ ᠶᠢᠨ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠦᠷᠦᠭᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠲᠥᠰᠥᠯ ︵2022  ︱ 2024 ᠣᠨ︶ ᠢ ᠬᠡᠷᠡᠭᠵᠢᠭᠦᠯᠬᠦ ᠲᠥᠰᠥᠯ ︵ᠶᠠᠷᠢᠯᠴᠠᠬᠤ ᠨᠣᠣᠷᠠᠭ︶︾ ︽ᠲᠣᠭᠲᠠᠬᠤ ᠰᠢᠶᠠᠨ ᠤ ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠤᠨ ᠰᠦᠷᠦᠭᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2022 ︱ 2024 ᠣᠨ︶︾ ︽ᠲᠣᠭᠲᠠᠬᠤ ᠰᠢᠶᠠᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠰᠦᠷᠦᠭᠵᠢᠯ ᠢ ᠪᠣᠶᠢᠵᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2022 ︱ 2024 ᠣᠨ︶︾ ︽ᠲᠣᠭᠲᠠᠬᠤ ᠰᠢᠶᠠᠨ ᠤ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠰᠦᠷᠦᠭᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠲᠥᠰᠥᠯ ︵2022 ︱ 2024 ᠣᠨ︶︾ ︽ᠲᠣᠭᠲᠠᠬᠤ ᠰᠢᠶᠠᠨ ᠤ ᠠᠵᠤ ᠠᠬᠤᠶᠢᠯᠠᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠰᠠᠷᠠᠭᠴᠢ ᠮᠠᠶ᠋ᠢᠭ ᠤᠨ ᠲᠤᠰᠬᠠᠢ ᠲᠤᠰᠢᠶᠠᠯᠲᠠᠨ ᠤ ᠦᠢᠯᠡᠴᠢᠯᠡᠭᠡᠨ ᠤ ᠲᠣᠭᠲᠠᠴᠠ︾ ︽ᠲᠣᠭᠲᠠᠬᠤ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠭᠤᠷᠪᠠᠨ ᠲᠤᠰᠬᠠᠢ ᠮᠡᠷᠭᠡᠵᠢᠯ︾ ᠤᠨ ᠣᠷᠴᠢᠯ ᠠᠵᠢᠯ ᠤᠨ ᠲᠣᠭᠲᠠᠴᠠ︾ ︽ᠲᠣᠭᠲᠠᠬᠤ ᠰᠢᠶᠠᠨ ᠤ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ︾ ᠭᠤᠷᠪᠠ ᠶᠢ ᠢᠯᠭᠠᠷᠠᠭᠤᠯᠬᠤ᠂ ᠭᠤᠷᠪᠠ ᠶᠢ ᠴᠡᠭᠴᠡᠯᠡᠨ ᠵᠠᠰᠠᠬᠤ᠂ ᠳᠥᠷᠪᠡ ᠶᠢ ᠳᠡᠭᠡᠭᠰᠢᠯᠡᠭᠦᠯᠬᠦ︾ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠰᠤᠳᠤᠯᠤᠨ ᠶᠠᠷᠢᠯᠴᠠᠵᠤ ᠵᠠᠷᠴᠢᠮ ᠳᠡᠭᠡᠷ᠎ᠡ ᠪᠠᠨ ᠪᠠᠲᠤᠯᠠᠪᠠ᠃      ᠰᠢᠶᠠᠨ ᠤ ᠤᠳᠤᠷᠢᠳᠤᠯᠭ᠎ᠠ ᠯᠢᠦ ᡁᠢ ᠴᠢᠶᠠᠩ᠂ ᠭᠤᠸ ᠬᠠᠨ᠂ ᠶᠠᠩ ᠶᠢᠨ᠂ ᠶᠦᠨ ᠵᠢᠶᠠᠨ ᠵᠥᠩ᠂ ᠵᠠᠩ ᠵᠧᠨ ᠬᠠᠢ᠂ ᠰᠢᠶᠧ ᠴᠦᠨ ᠯᠦᠩ᠂ ᠡᠯ᠎ᠡ ᠪᠠᠯᠭᠠᠰᠤ᠂ ᠬᠠᠲᠤᠨ ᠭᠤᠣᠯ ᠤᠨ ᠴᠢᠭᠢᠭᠯᠢᠭ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1