ᠯᠢ ᠴᠦᠨ ᠶᠠᠨ᠄ ᠪᠢᠲᠡᠭᠦᠮᠵᠢᠯᠡᠭᠰᠡᠨ ᠮᠠᠶ᠋ᠢᠭ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠸᠠᠺᠼᠢᠨ ᠤ ᠲᠠᠷᠢᠯᠭ᠎ᠠ ᠶᠢ ᠲᠦᠷᠭᠡᠪᠴᠢᠯᠡᠨ ᠠᠬᠢᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠶ᠎ᠠ
ᠨᠡᠶᠢᠲᠡᠯᠡᠭᠰᠡᠨ ᠴᠠᠭ᠄
2022/3/19
ᠯᠢ ᠴᠦᠨ ᠶᠠᠨ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠸᠠᠺᠼᠢᠨ ᠤ ᠲᠠᠷᠢᠯᠭ᠎ᠠ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠄ᠪᠢᠲᠡᠭᠦᠮᠵᠢᠯᠡᠭᠰᠡᠨ ᠮᠠᠶ᠋ᠢᠭ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠸᠠᠺᠼᠢᠨ ᠤ ᠲᠠᠷᠢᠯᠭ᠎ᠠ ᠶᠢ ᠲᠦᠷᠭᠡᠳᠬᠡᠨ ᠠᠬᠢᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠶ᠎ᠠ      3 ᠳ᠋ᠤᠭᠠᠷ ᠰᠠᠷ᠎ᠠ ᠶᠢᠨ 17 ᠤ ᠡᠳᠦᠷ᠂ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠤᠷᠢᠳ ᠬᠤᠵᠢᠳ ᠰᠢᠶᠠᠨ ᠤ ᠨᠠᠰᠤᠲᠠᠨ ᠢ ᠠᠰᠠᠷᠠᠬᠤ ᠲᠥᠪ ᠬᠦᠷᠢᠶᠡᠯᠡᠩ᠂ ᠬᠤᠷᠢᠭᠤᠯ ᠤᠨ ᠭᠠᠵᠠᠷ᠂ ᠱᠤᠸᠠᠩ ᠾᠧ ᠪᠠᠯᠭᠠᠰᠤᠨ ᠤ ᠬᠤᠶᠠᠳᠤᠭᠠᠷ ᠨᠡᠶᠢᠭᠡᠮ ᠲᠣᠭᠤᠷᠢᠭ ᠲᠤ ᠬᠦᠷᠴᠦ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠸᠠᠺᠼᠢᠨ ᠤ ᠲᠠᠷᠢᠯᠭ᠎ᠠ ᠶᠢᠨ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃
     ᠰᠢᠶᠠᠨ ᠤ ᠲᠦᠪ ᠨᠠᠰᠤᠲᠠᠨ ᠢ ᠠᠰᠠᠷᠠᠬᠤ ᠬᠦᠷᠢᠶᠡᠯᠡᠩ ᠳᠤ᠂ ᠯᠢ ᠴᠦᠨ ᠶᠠᠨ ᠨᠠᠰᠤᠲᠠᠨ ᠢ ᠠᠰᠠᠷᠠᠬᠤ ᠬᠦᠷᠢᠶᠡᠯᠡᠩ ᠤᠨ ᠦᠨᠳᠦᠰᠦᠨ ᠪᠠᠶᠢᠳᠠᠯ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠣᠯᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ ᠴᠢᠬᠤᠯᠠᠴᠢᠯᠠᠭᠰᠠᠨ ᠨᠢ᠂ ᠨᠠᠰᠤᠲᠠᠨ   ᠢ ᠠᠰᠠᠷᠠᠬᠤ ᠬᠦᠷᠢᠶᠡᠯᠡᠩ ᠪᠣᠯ ᠬᠥᠮᠥᠰ ᠬᠠᠷᠢᠴᠠᠩᠭᠤᠢ ᠪᠠᠷ ᠲᠥᠪᠯᠡᠷᠡᠭᠰᠡᠨ ᠣᠷᠣᠨ ᠮᠥᠨ᠂ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠡᠪᠡᠳᠴᠢᠨ   ᠢ ᠡᠰᠡᠷᠭᠦᠴᠡᠬᠦ ᠴᠢᠳᠠᠪᠤᠷᠢ ᠪᠠᠭᠤᠷᠠᠢ ᠪᠠᠶᠢᠭ᠎ᠠ ᠨᠢ ᠠᠮᠠᠷᠬᠠᠨ ᠬᠠᠯᠳᠠᠪᠤᠷᠢᠯᠠᠭᠳᠠᠬᠤ ᠬᠥᠮᠥᠰ ᠲᠤ ᠬᠠᠷᠢᠶᠠᠯᠠᠭᠳᠠᠨ᠎ᠠ᠂ ᠡᠨᠡ ᠪᠣᠯ ᠣᠨᠴᠠᠭᠠᠶ ᠠᠩᠬᠠᠷᠤᠯ ᠲᠠᠯᠪᠢᠬᠤ ᠴᠢᠬᠤᠯᠠᠲᠠᠢ ᠬᠠᠮᠲᠤᠯᠢᠭ ᠮᠥᠨ ᠪᠣᠯᠬᠤᠷ ᠥᠴᠥᠬᠡᠨ ᠴᠦ ᠰᠤᠯᠠᠷᠠᠭᠤᠯᠵᠤ ᠪᠣᠯᠬᠤ ᠦᠭᠡᠢ ᠭᠡᠵᠡᠢ᠃ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ᠂ ᠮᠢᠨᠴᠦᠭᠦᠷᠡᠬᠦ᠂ ᠶᠠᠳᠠᠷᠠᠬᠤ ᠦᠵᠡᠯ ᠰᠠᠨᠠᠭ᠎ᠠ ᠢᠯᠡᠷᠡᠬᠦ ᠶᠢ ᠰᠡᠷᠭᠡᠶᠢᠯᠡᠵᠦ᠂ ᠬᠠᠮᠤᠭ ᠡᠴᠦᠰ ᠤᠨ ᠪᠦᠬᠦ ᠲᠠᠯ᠎ᠠ ᠶᠢᠨ ᠢᠯᠠᠯᠲᠠ ᠶᠢ ᠲᠡᠮᠡᠴᠡᠨ ᠣᠯᠬᠤ ᠦᠭᠡᠢ ᠪᠣᠯ ᠶᠠᠭᠠᠬᠢᠭᠰᠠᠨ ᠴᠤ ᠰᠤᠯᠠᠷᠠᠭᠤᠯᠵᠤ ᠪᠣᠯᠬᠤ ᠦᠭᠡᠢ᠃ ᠴᠢᠩᠭ᠎ᠠ ᠬᠠᠮᠢᠶᠠᠷᠴᠤ᠂ ᠪᠢᠲᠡᠭᠦᠮᠵᠢᠯᠡᠭᠰᠡᠨ ᠮᠠᠶ᠋ᠢᠭ ᠤᠨ ᠬᠠᠮᠢᠶᠠᠷᠤᠯᠲᠠ ᠶᠢᠨ ᠳᠦᠷᠢᠮ ᠪᠣᠯᠣᠨ ᠠᠮᠢᠳᠤᠷᠠᠯ ᠤᠨ ᠬᠡᠷᠡᠭᠰᠡᠯ ᠢ ᠲᠣᠬᠢᠷᠠᠭᠤᠯᠤᠨ ᠬᠦᠷᠭᠡᠬᠦ ᠳᠦᠷᠢᠮ ᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠣᠨᠴᠠᠭᠠᠶᠢᠯᠠᠨ ᠠᠵᠢᠯᠲᠠᠨ ᠢ ᠴᠢᠩᠭ᠎ᠠ ᠬᠠᠮᠢᠶᠠᠷᠴᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠸᠢᠷᠦ᠋ᠰ ᠤᠨ ᠬᠠᠯᠳᠠᠪᠤᠷᠢᠯᠠᠬᠤ ᠠᠷᠭ᠎ᠠ ᠵᠠᠮ ᠢ ᠲᠠᠰᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠨᠠᠰᠤᠲᠠᠶᠢᠴᠤᠳ ᠤᠨ ᠠᠮᠢᠳᠤᠷᠠᠯ ᠤᠨ ᠠᠮᠢᠳᠤᠷᠠᠯ ᠢ ᠰᠠᠶᠢᠲᠤᠷ ᠲᠣᠬᠢᠷᠠᠭᠤᠯᠵᠤ᠂ ᠨᠠᠰᠤᠲᠠᠶᠢᠴᠤᠳ ᠤᠨ ᠰᠡᠳᠬᠢᠴᠡ ᠶᠢᠨ ᠵᠢᠯᠣᠭᠤᠳᠤᠯᠭ᠎ᠠ ᠶᠢ ᠰᠠᠶᠢᠲᠤᠷ ᠬᠢᠵᠦ᠂ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠪᠠ ᠠᠮᠢ ᠨᠠᠰᠤᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠲᠣᠭᠤᠷᠢᠨ ᠪᠠᠶᠢᠴᠠᠭᠠᠬᠤ ᠶᠢ ᠰᠠᠶᠢᠲᠤᠷ ᠬᠢᠬᠦ ᠶᠢ ᠪᠠᠷᠢᠮᠲᠠᠯᠠᠵᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠢᠳᠡᠭᠡᠨ ᠤ ᠠᠮᠤᠷ ᠲᠦᠪᠰᠢᠨ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠴᠢᠨᠠᠭᠰᠢᠳᠠ ᠵᠢᠷᠤᠮᠵᠢᠭᠤᠯᠵᠤ᠂ ᠢᠳᠡᠭᠡᠨ ᠤ ᠵᠦᠢᠯ᠂ ᠭᠠᠯ ᠤᠨᠲᠠᠷᠠᠭᠠᠬᠤ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ᠃
     ︽ᠬᠤᠷᠢᠭᠳᠠᠵᠤ ᠪᠠᠶᠢᠭ᠎ᠠ ᠬᠥᠮᠥᠨ ᠬᠡᠳᠦᠢ ᠪᠠᠶᠢᠨ᠎ᠠ︖︾ ︽ᠬᠠᠮᠠᠭᠠᠯᠠᠯᠲᠠ ᠶᠢᠨ ᠡᠳ᠋ ᠪᠣᠳᠠᠰ ᠤᠨ ᠨᠥᠭᠡᠴᠡ ᠭᠦᠢᠴᠡᠳ  ᠤᠤ︖︾ ︽ᠪᠢᠲᠡᠭᠦᠮᠵᠢᠯᠡᠨ ᠬᠠᠮᠢᠶᠠᠷᠬᠤ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖︾ ︽ᠵᠢᠵᠢᠭᠦᠷ ᠤᠨ ᠪᠡᠯᠡᠳᠬᠡᠯ ᠠᠵᠢᠯ ᠢ ᠬᠡᠷᠬᠢᠨ ᠲᠣᠬᠢᠷᠠᠭᠤᠯᠬᠤ ᠪᠤᠢ︖︾ ᠰᠢᠶᠠᠨ ᠤ ᠬᠤᠷᠢᠭᠤᠯ ᠤᠨ ᠭᠠᠵᠠᠷ ᠲᠤ᠂ ᠯᠢ ᠴᠦᠨ ᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠮᠦᠨ᠎ᠡ ᠹᠷᠣᠨᠲ ᠲᠤ ᠣᠷᠳᠣ ᠬᠤᠭᠤᠴᠠᠭ᠎ᠠ ᠪᠠᠷ ᠡᠷᠡᠯᠬᠡᠭᠯᠡᠨ ᠪᠠᠶᠢᠯᠳᠤᠵᠤ ᠪᠠᠶᠢᠭᠰᠠᠨ ᠪᠥᠬᠦ ᠺᠠᠳ᠋ᠷ ᠴᠠᠭᠳᠠᠭ᠎ᠠ ᠳᠤ ᠲᠣᠬᠤᠨᠢᠭᠤᠯᠤᠯ ᠪᠠ ᠲᠠᠯᠠᠷᠬᠠᠯ ᠢᠶᠠᠨ ᠢᠯᠡᠳᠬᠡᠪᠡ᠃ ᠯᠢ ᠴᠦᠨ ᠶᠠᠨ ᠵᠢᠭᠠᠵᠤ ᠭᠠᠷᠭᠠᠭᠰᠠᠨ ᠨᠢ᠂ ᠬᠤᠷᠢᠭᠤᠯ ᠤᠨ ᠭᠠᠵᠠᠷ ᠤᠨ ᠲᠠᠯᠠᠪᠤᠷ ᠭᠠᠵᠠᠷ ᠣᠨᠴᠠᠭᠠᠶ᠂ ᠬᠥᠮᠥᠨ ᠬᠠᠷ᠎ᠠ ᠳᠡᠭᠡᠳᠦ ᠬᠡᠮᠵᠢᠶ᠎ᠡ ᠪᠠᠷ ᠨᠢᠭᠲᠠᠷᠠᠵᠤ ᠪᠠᠶᠢᠳᠠᠭ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠶᠡᠭᠡ ᠠᠶᠤᠯ ᠲᠦᠭᠰᠢᠭᠦᠷᠢ ᠪᠣᠯ ᠬᠠᠯᠳᠠᠪᠦᠷᠢᠯᠠᠬᠤ ᠠᠶᠤᠯ ᠲᠦᠭᠰᠢᠭᠦᠷᠢ ᠮᠥᠨ᠂ ᠬᠠᠮᠤᠭ ᠤᠨ ᠪᠦᠲᠦᠮᠵᠢᠲᠡᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠣᠯ ᠴᠢᠩᠭ᠎ᠠ ᠪᠢᠲᠡᠭᠦᠮᠵᠢᠯᠡᠭᠰᠡᠨ ᠬᠠᠮᠢᠶᠠᠷᠤᠯᠲᠠ ᠮᠥᠨ᠂ ᠡᠷᠬᠡᠪᠰᠢ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠂ ᠠᠮᠤᠷ ᠲᠦᠪᠰᠢᠨ ᠢ ᠬᠢᠨᠠᠨ ᠬᠠᠮᠢᠶᠠᠷᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠬᠠᠷᠢᠴᠠᠯᠠᠰᠢᠭᠦᠢ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠬᠥᠮᠥᠨ᠂ ᠲᠡᠷᠭᠡ ᠬᠥᠰᠬᠡ ᠶᠢᠨ ᠣᠷᠣᠵᠤ ᠭᠠᠷᠬᠤ ᠵᠡᠷᠭᠡ ᠡᠯ᠎ᠡ ᠵᠦᠢᠯ ᠤᠨ ᠲᠣᠭᠲᠠᠭᠠᠯ ᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂ ᠵᠢᠭᠰᠠᠭᠠᠨ ᠪᠠᠶᠢᠴᠠᠭᠠᠬᠤ᠂ ᠬᠢᠨᠠᠨ ᠬᠡᠮᠵᠢᠬᠦ ᠵᠡᠷᠭᠡ ᠠᠵᠢᠯ ᠢ ᠪᠥᠬᠦ ᠲᠠᠯ᠎ᠠ ᠪᠠᠷ ᠲᠤᠶᠢᠯᠪᠤᠷᠢᠲᠠᠢ ᠰᠠᠶᠢᠲᠤᠷ ᠬᠢᠵᠦ᠂ ᠸᠢᠷᠦ᠋ᠰ  ᠬᠠᠯᠳᠠᠪᠦᠷᠢᠯᠠᠬᠤ ᠠᠷᠭ᠎ᠠ ᠵᠠᠮ ᠢ ᠡᠷᠡᠰ ᠲᠠᠰᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠢᠲᠡᠭᠦᠮᠵᠢᠯᠡᠨ ᠬᠠᠮᠢᠶᠠᠷᠬᠤ᠂ ᠠᠷᠢᠭᠤᠨ ᠴᠡᠪᠡᠷ ᠢᠶᠠᠷ ᠠᠷᠢᠭᠤᠳᠬᠠᠬᠤ᠂ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠪᠠᠯᠠᠢ ᠣᠷᠣᠨ ᠦᠯᠡᠳᠡᠭᠡᠬᠦ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠨᠢᠭᠲᠠ ᠪᠥᠭᠡᠳ ᠪᠠᠲᠤ ᠰᠦᠯᠵᠢᠬᠦ ᠬᠡᠷᠡᠭᠲᠡᠢ ᠭᠡᠪᠡ᠃
     ᠱᠤᠸᠠᠩ ᠾᠧ ᠪᠠᠯᠭᠠᠰᠤᠨ ᠤ ᠬᠤᠶᠠᠳᠤᠭᠠᠷ ᠨᠡᠶᠢᠭᠡᠮ ᠲᠣᠭᠤᠷᠢᠭ ᠤᠨ ᠰᠢᠨ᠎ᠡ ᠲᠢᠳᠢᠮᠯᠢᠭ ᠸᠠᠺᠼᠢᠨ ᠤ ᠲᠠᠷᠢᠯᠭ᠎ᠠ ᠶᠢᠨ  ᠴᠢᠭ ᠲᠤ ᠯᠢ ᠴᠦᠨ ᠶᠠᠨ ᠰᠢᠨ᠎ᠡ ᠲᠢᠳᠢᠮᠯᠢᠭ ᠸᠠᠺᠼᠢᠨ ᠤ ᠲᠠᠷᠢᠯᠭ᠎ᠠ ᠶᠢᠨ ᠠᠵᠢᠯ ᠤᠨ ᠠᠬᠢᠴᠠ ᠶᠢ ᠨᠠᠷᠢᠨ ᠣᠶᠢᠯᠠᠭᠠᠵᠤ᠂ ᠲᠠᠷᠢᠯᠭ᠎ᠠ᠂ ᠣᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠲᠠᠷᠢᠯᠭ᠎ᠠ ᠬᠢᠭᠰᠡᠨ ᠤ ᠳᠠᠷᠠᠭᠠᠬᠢ ᠪᠡᠶ᠎ᠡ ᠶᠢᠨ ᠪᠠᠶᠢᠳᠠᠯ ᠢ ᠯᠠᠪᠯᠠᠨ ᠠᠰᠠᠭᠤᠵᠤ᠂ ᠭᠡᠷ ᠤᠨ ᠬᠥᠮᠥᠰ ᠤᠨ ᠲᠠᠷᠢᠯᠭ᠎ᠠ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ ᠪᠠᠰᠠ ᠲᠡᠳᠡᠨ ᠳᠤ ᠸᠠᠺᠼᠢᠨ ᠤ ᠲᠠᠷᠢᠯᠭ᠎ᠠ ᠶᠢᠨ ᠴᠢᠬᠤᠯᠠ ᠴᠢᠨᠠᠷ ᠢ ᠮᠡᠳᠡᠭᠦᠯᠦᠨ ᠪᠤᠰᠤᠳ ᠬᠦᠮᠦᠨ ᠳᠤ ᠲᠠᠷᠢᠯᠭ᠎ᠠ ᠬᠢᠬᠦ ᠶᠢ ᠵᠤᠷᠢᠭᠵᠢᠭᠤᠯᠤᠭᠠᠷᠠᠢ ᠭᠡᠵᠦ ᠵᠠᠬᠢᠪᠠ᠃ ᠯᠢ ᠴᠦᠨ ᠶᠠᠨ ᠴᠢᠬᠤᠯᠠᠴᠢᠯᠠᠭᠰᠠᠨ ᠨᠢ᠂ ᠰᠢᠨ᠎ᠡ ᠲᠢᠳᠢᠮᠯᠢᠭ ᠸᠠᠺᠼᠢᠨ ᠤ ᠲᠠᠷᠢᠯᠭ᠎ᠠ ᠪᠣᠯ ᠰᠢᠨ᠎ᠡ ᠲᠢᠳᠢᠮᠯᠢᠭ ᠠᠭᠤᠰᠬᠢᠨ ᠦᠷᠪᠢᠰᠦᠯ   ᠢ ᠰᠡᠷᠭᠡᠶᠢᠯᠡᠬᠦ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠂ ᠡᠨᠡ ᠨᠢ ᠬᠠᠮᠲᠤᠯᠢᠭ ᠤᠨ ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠦᠷ᠎ᠡ ᠪᠦᠲᠦᠭᠡᠯ ᠢ ᠪᠠᠬᠢᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠢᠨ᠎ᠡ ᠲᠢᠳᠢᠮᠯᠢᠭ ᠸᠠᠺᠼᠢᠨ ᠤ ᠲᠠᠷᠢᠯᠭ᠎ᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠣᠳᠣᠬᠠᠨ ᠤ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠢᠭ ᠲᠠᠢ ᠬᠠᠷᠢᠴᠠᠭᠤᠯᠤᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠸᠠᠺᠼᠢᠨ ᠤ ᠲᠠᠷᠢᠯᠭ᠎ᠠ ᠶᠢᠨ ᠠᠵᠢᠯ ᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ ᠨᠠᠷᠢᠯᠢᠭ ᠣᠨᠣᠴᠠᠲᠠᠢ ᠪᠠᠷ ᠰᠤᠳᠤᠯᠤᠨ ᠮᠠᠭᠠᠳᠯᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ᠂ ᠸᠠᠺᠼᠢᠨ ᠤ ᠬᠠᠩᠭᠠᠯᠭ᠎ᠠ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠠᠵᠢᠯᠲᠠᠨ ᠤ ᠲᠥᠬᠦᠭᠡᠷᠦᠮᠵᠢ ᠶᠢ ᠭᠦᠢᠴᠡᠳ ᠲᠣᠬᠢᠷᠠᠭᠤᠯᠤᠨ᠂ ᠲᠠᠷᠢᠯᠭ᠎ᠠ ᠶᠢᠨ ᠴᠢᠭ ᠢ ᠵᠦᠢ ᠵᠣᠬᠢᠰᠲᠠᠢ ᠪᠠᠶᠢᠷᠢᠯᠠᠭᠤᠯᠵᠤ᠂ ᠲᠠᠷᠢᠯᠭ᠎ᠠ ᠶᠢᠨ ᠪᠦᠷᠬᠦᠴᠡ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠸᠢᠴᠠᠲ ᠤᠨ ᠪᠦᠯᠦᠭ᠂ ᠨᠡᠶᠢᠲᠡ ᠶᠢᠨ ᠳ᠋ᠤᠭᠠᠷ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠸᠠᠺᠼᠢᠨ ᠤ ᠲᠠᠷᠢᠯᠭ᠎ᠠ ᠶᠢᠨ ᠠᠮᠤᠷ ᠲᠦᠪᠰᠢᠨ ᠴᠢᠨᠠᠷ ᠪᠠ ᠴᠢᠬᠤᠯᠠ ᠴᠢᠨᠠᠷ ᠢ ᠥᠷᠭᠡᠨ ᠢᠶᠠᠷ ᠤᠬᠠᠭᠤᠯᠵᠤ᠂ ᠥᠷᠭᠡᠨ ᠣᠯᠠᠨ ᠲᠦᠮᠡᠨ ᠢᠯᠠᠩᠭᠤᠶ᠎ᠠ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠨᠠᠰᠤᠲᠠᠨ᠂ ᠬᠡᠦᠬᠡᠳ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠸᠠᠺᠼᠢᠨ ᠤ ᠲᠠᠷᠢᠯᠭ᠎ᠠ ᠶᠢ ᠢᠳᠡᠪᠬᠢᠲᠡᠢ ᠬᠢᠯᠭᠡᠵᠦ᠂ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠬᠤ ᠶᠢ ᠰᠠᠶᠢᠲᠤᠷ ᠬᠢᠵᠦ᠂ ᠲᠠᠷᠢᠯᠭ᠎ᠠ ᠶᠢᠨ ᠬᠥᠮᠥᠨ ᠤ ᠲᠤᠭ᠎ᠠ ᠶᠢ ᠴᠠᠭ ᠲᠤᠬᠠᠢ ᠳᠤᠨᠢ ᠣᠨᠣᠪᠴᠢᠲᠠᠶ ᠡᠵᠡᠮᠰᠢᠨ᠂ ᠭᠥᠯᠢᠶᠡᠨ ᠠᠪᠬᠤ ᠶᠣᠰᠣᠲᠠᠢ ᠶᠢ ᠨᠢ ᠪᠦᠬᠦᠨ ᠢ ᠭᠥᠯᠢᠶᠡᠨ ᠠᠪᠴᠤ᠂ ᠠᠷᠠᠳ ᠣᠯᠠᠨ ᠤ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠬᠤ ᠬᠡᠷᠡᠭᠲᠡᠢ᠃ ᠲᠠᠷᠢᠯᠭ᠎ᠠ ᠶᠢᠨ ᠨᠢᠭᠡᠴᠡ ᠨᠦᠭᠦᠳ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠦᠨᠡᠨ ᠬᠦ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠢᠭᠡ ᠮᠧᠲᠷ ᠤᠨ ᠱᠤᠭᠤᠮ ᠢ ᠪᠠᠷᠢᠮᠲᠠᠯᠠᠨ᠂ ᠠᠮᠠᠪᠴᠢ ᠵᠡᠭᠦᠵᠦ᠂ ᠦᠷᠭᠦᠯᠵᠢ ᠠᠷᠢᠭᠤᠳᠬᠠᠬᠤ᠂ ᠣᠯᠠᠨ ᠲᠦᠮᠡᠨ ᠳᠤ ᠨᠠᠩ ᠵᠢᠷᠤᠮᠵᠢᠭᠤᠨ᠂ ᠴᠢᠨᠠᠷ ᠰᠠᠶᠢᠲᠠᠢ᠂ ᠠᠮᠤᠷ ᠲᠦᠪᠰᠢᠨ ᠲᠠᠷᠢᠯᠭ᠎ᠠ ᠶᠢᠨ ᠦᠢᠯᠡᠴᠢᠯᠡᠭᠡ ᠬᠠᠩᠭᠠᠬᠤ ᠬᠡᠷᠡᠭᠲᠡᠢ ᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1