ᠮᠠᠨ ᠤ ᠰᠢᠶᠠᠨ ᠦᠪᠡᠳᠡᠭᠰᠢ ᠶᠡᠬᠡᠪᠡᠷ ᠶᠣᠰᠣᠯᠠᠯ ᠶᠠᠪᠤᠭᠤᠯᠵᠤ᠂ ᠬᠥᠬᠡᠬᠤᠲᠠ ᠶᠢ ᠲᠡᠮᠵᠢᠬᠦ ᠡᠮ ᠡᠮᠨᠡᠯᠭᠡ ᠶᠢᠨ ᠠᠩᠭᠢ ᠶᠢᠨ ᠠᠯᠳᠠᠷ ᠬᠦᠨᠳᠦᠳᠡᠢ ᠪᠤᠴᠠᠵᠤ ᠢᠷᠡᠭᠰᠡᠨ ᠢ ᠬᠠᠯᠠᠭᠤᠨ ᠢᠶᠠᠷ ᠤᠭᠲᠤᠪᠠ
ᠨᠡᠶᠢᠲᠡᠯᠡᠭᠰᠡᠨ ᠴᠠᠭ᠄
2022/3/19
     3 ᠳ᠋ᠤᠭᠠᠷ ᠰᠠᠷ᠎ᠠ ᠶᠢᠨ 18  ᠤ ᠡᠳᠦᠷ᠂ ᠮᠠᠨ ᠤ ᠰᠢᠶᠠᠨ ᠦᠪᠡᠳᠡᠭᠰᠢ ᠶᠡᠬᠡᠪᠡᠷ ᠶᠣᠰᠣᠯᠠᠯ ᠶᠠᠪᠤᠭᠤᠯᠵᠤ᠂ ᠬᠥᠬᠡᠬᠤᠲᠠ ᠶᠢ ᠲᠡᠮᠵᠢᠬᠦ ᠡᠮ ᠡᠮᠨᠡᠯᠭᠡ ᠶᠢᠨ ᠠᠩᠭᠢ ᠶᠢᠨ ᠠᠯᠳᠠᠷ ᠬᠦᠨᠳᠦᠳᠡᠢ ᠪᠤᠴᠠᠵᠤ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠭ᠎ᠠ ᠨᠢ      ᠰᠦᠨ ᠰᠢᠶᠦ᠋ᠨ᠂ ᠶᠦᠨ ᠷᠦᠢ ᠵᠢᠶᠦ᠋ᠨ᠂ ᠸᠠᠩ ᠮᠢᠩ ᠵᠡᠷᠭᠡ ᠰᠢᠶᠠᠨ ᠤ ᠤᠳᠤᠷᠢᠳᠤᠯᠭ᠎ᠠ ᠤᠭᠲᠤᠬᠤ ᠶᠣᠰᠣᠯᠠᠯ ᠳᠤ ᠣᠷᠣᠯᠴᠠᠭᠰᠠᠨ ᠪᠥᠭᠡᠳ ᠡᠮ ᠡᠮᠨᠡᠯᠭᠡ ᠶᠢᠨ ᠠᠩᠭᠢ ᠶᠢᠨ ᠭᠡᠰᠢᠭᠦᠳ ᠲᠤ ᠰᠣᠷᠭᠤᠭ ᠴᠡᠴᠡᠭ ᠬᠦᠷᠭᠡᠪᠡ      ᠰᠢᠶᠠᠨ ᠤ ᠳᠡᠳ᠋ ᠳᠠᠷᠤᠭ᠎ᠠ ᠶᠠᠩ ᠶᠢᠨ ᠤᠭᠲᠤᠬᠤ ᠶᠣᠰᠣᠯᠠᠯ   ᠢ ᠡᠷᠭᠢᠯᠡᠪᠡ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠭᠤᠣ ᠬᠠᠨ ᠶᠠᠷᠢᠶ᠎ᠠ ᠲᠠᠯᠪᠢᠬᠤ ᠳᠠᠭᠠᠨ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠪᠣᠯᠣᠨ ᠪᠦᠬᠦ ᠰᠢᠶᠠᠨ ᠤ ᠠᠷᠠᠳ ᠲᠦᠮᠡᠨ  ᠢ ᠲᠥᠯᠥᠭᠡᠯᠡᠨ ᠡᠮ ᠡᠮᠨᠡᠯᠭᠡ   ᠶᠢᠨ ᠠᠩᠭᠢ   ᠶᠢᠨ ᠭᠡᠰᠢᠭᠦᠳ ᠪᠣᠯᠣᠨ ᠲᠡᠳᠡᠨ ᠤ ᠭᠡᠷ ᠪᠦᠯᠢ ᠶᠢᠨ ᠬᠥᠮᠥᠰ ᠲᠤ ᠡᠷᠬᠢᠮ ᠳᠡᠭᠡᠳᠦ ᠬᠦᠨᠳᠦᠳᠬᠡᠯ ᠪᠣᠯᠣᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃      ᠭᠤᠣ ᠬᠠᠨ ᠵᠢᠭᠠᠵᠤ ᠭᠠᠷᠭᠠᠭᠰᠠᠨ ᠨᠢ᠂ 3 ᠳ᠋ᠤᠭᠠᠷ ᠰᠠᠷ᠎ᠠ ᠶᠢᠨ 2 ᠤᠨ ᠡᠳᠦᠷ᠂ ᠣᠷᠣᠨ ᠤ ᠲᠥᠪ ᠤᠨ ᠬᠢᠵᠢᠭ ᠤᠨ ᠪᠠᠶᠢᠳᠠᠯ ᠬᠠᠮᠤᠭ ᠤᠨ ᠵᠠᠩᠭᠢᠯᠠᠭ᠎ᠠ ᠶᠢᠨ ᠦᠶ᠎ᠡ ᠳᠤ ᠬᠦᠷᠴᠦ᠂ ᠲᠤᠰᠠᠯᠠᠮᠵᠢ ᠶᠢ ᠪᠠᠴᠢᠮ ᠱᠠᠭᠠᠷᠳᠠᠵᠤ ᠪᠠᠶᠢᠭ᠎ᠠ ᠦᠶ᠎ᠡ ᠳᠤ᠂ ᠡᠮ ᠡᠮᠨᠡᠯᠭᠡ ᠶᠢᠨ ᠠᠩᠭᠢ ᠶᠢᠨ ᠭᠡᠰᠢᠭᠦᠳ ᠬᠤᠲᠠ᠂ ᠰᠢᠶᠠᠨ ᠤ ᠬᠤᠶᠠᠷ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠰᠠᠨᠠᠭᠠᠴᠢᠯᠠᠭ᠎ᠠ ᠠᠴᠠ ᠪᠠᠨ ᠪᠠᠶᠢᠯᠳᠤᠭᠠᠨ ᠳᠤ ᠣᠷᠤᠯᠴᠠᠬᠤ ᠪᠠᠷ ᠭᠤᠶᠤᠴᠢᠯᠠᠵᠤ᠂ ᠴᠠᠭᠠᠨ ᠬᠤᠪᠴᠠᠰᠤ ᠪᠠᠷ ᠬᠤᠶᠠᠭ ᠪᠠᠷᠢᠵᠤ᠂ ᠰᠥᠷᠭᠡᠦ ᠳᠠᠶᠢᠯᠠᠯᠳᠤᠭᠠᠨ ᠳᠤ ᠮᠣᠷᠳᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠡᠮᠦᠨ᠎ᠡ ᠹᠷᠣᠨᠲ ᠲᠤ ᠡᠷᠡᠰ ᠰᠢᠭᠤᠷᠬᠠᠢ ᠪᠠᠷ ᠬᠦᠷᠴᠦ᠂ ᠡᠳᠦᠷ ᠰᠥᠨᠢ ᠦᠭᠡᠢ ᠡᠷᠡᠯᠬᠡᠭᠯᠡᠨ ᠪᠠᠶᠢᠯᠳᠤᠵᠤ᠂ ᠠᠮᠢ ᠪᠡᠶ᠎ᠡ ᠪᠠᠨ ᠴᠦᠯᠡᠨ ᠠᠵᠢᠯᠯᠠᠵᠤ᠂ ᠪᠦᠭᠡᠮ ᠬᠦᠴᠢᠯ ᠤᠨ ᠪᠠᠶᠢᠴᠠᠭᠠᠯᠳᠠ ᠵᠡᠷᠭᠡ ᠡᠯ᠎ᠡ ᠵᠦᠢᠯ ᠤᠨ ᠡᠭᠦᠷᠭᠡ ᠶᠢ ᠭᠠᠷᠮᠠᠭᠠᠢ ᠪᠡᠶᠡᠯᠡᠭᠦᠯᠵᠦ᠂ ᠪᠦᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠢᠯᠠᠯᠲᠠ ᠣᠯᠬᠤ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ᠣᠳᠣ ᠭᠡᠷ ᠲᠡᠭᠡᠨ ᠪᠤᠴᠠᠨ ᠢᠷᠡᠯ᠎ᠡ᠂ ᠣᠯᠠᠨ ᠢᠶᠠᠷ ᠢᠶᠠᠨ ᠰᠠᠢᠲᠤᠷ ᠠᠮᠠᠷᠠᠵᠤ᠂ ᠲᠠᠮᠢᠷ ᠲᠡᠩᠬᠡᠭᠡ ᠪᠠᠨ ᠬᠤᠷᠠᠮᠳᠤᠭᠤᠯᠵᠤ᠂ ᠪᠡᠶ᠎ᠡ ᠮᠠᠬᠠᠪᠤᠳ ᠪᠠ ᠴᠤᠭ ᠰᠦᠯᠳᠡ ᠪᠠᠨ ᠰᠠᠢᠲᠤᠷ ᠲᠤᠬᠢᠷᠠᠭᠤᠯᠤᠭᠠᠷᠠᠢ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤᠯᠠᠨ ᠤ ᠪᠤᠶᠢᠵᠢᠯᠲᠠ ᠪᠣᠯᠣᠨ ᠬᠥᠭᠵᠢᠯᠲᠡ ᠶᠢ ᠦᠷᠭᠦᠯᠵᠢᠯᠡᠨ ᠠᠩᠬᠠᠷᠴᠤ᠂ ᠬᠥᠬᠡᠬᠤᠲᠠ ᠶᠢ ᠲᠤᠰᠠᠯᠠᠭᠰᠠᠨ ᠪᠠᠭᠠᠲᠤᠷᠴᠤᠳ ᠪᠣᠯᠣᠨ ᠥᠷᠭᠡᠨ ᠤᠯᠠᠨ ᠡᠮ ᠡᠮᠨᠡᠯᠭᠡ ᠶᠢᠨ ᠠᠵᠢᠯᠲᠠᠳ ᠲᠤ ᠰᠠᠶᠢᠲᠤᠷ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠪᠠᠲᠤ ᠴᠢᠩᠭ᠎ᠠ ᠥᠮᠥᠭ ᠲᠦᠰᠢᠭ ᠪᠣᠯᠬᠤ ᠪᠣᠯᠣᠨ᠎ᠠ᠃ ᠣᠯᠠᠨ ᠢᠶᠠᠷ ᠢᠶᠠᠨ ᠬᠤᠶᠢᠰᠢᠳᠠ ᠶᠢᠨ ᠠᠵᠢᠯ ᠤᠨ ᠳᠤᠮᠳᠠ ᠪᠠᠨ᠂ ︽ᠠᠮᠢ ᠨᠠᠰᠤ ᠪᠠᠨ ᠳᠡᠭᠡᠳᠦᠯᠡᠵᠦ᠂ ᠤᠯᠤᠰ ᠳᠠᠶᠠᠭᠠᠷ ᠢᠶᠠᠨ ᠰᠡᠳᠬᠢᠯ ᠨᠢᠭᠡᠳᠴᠦ᠂ ᠦᠬᠦᠵᠦ ᠰᠡᠬᠡᠬᠦ ᠪᠠᠨ ᠬᠠᠶᠢᠬᠤᠷᠤᠯ ᠦᠭᠡᠢ᠂ ᠰᠢᠨᠵᠢᠯᠡᠬᠦ ᠤᠬᠠᠭᠠᠨ ᠢ ᠬᠦᠨᠳᠦᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠬᠤ︾ ᠬᠢᠵᠢᠭ ᠢ ᠡᠰᠡᠷᠭᠦᠴᠡᠬᠦ ᠠᠭᠤᠤ ᠶᠡᠭᠡ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ︽ᠠᠮᠢ ᠨᠠᠰᠤ ᠶᠢ ᠢᠪᠡᠭᠡᠬᠦ᠂ ᠦᠬᠦᠯ ᠠᠴᠠ ᠠᠪᠤᠷᠠᠨ ᠰᠢᠷᠬᠠᠲᠤᠭᠰᠠᠳ ᠢ ᠲᠡᠳᠬᠦᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ᠂ ᠬᠢᠵᠠᠭᠠᠯᠠᠰᠢ ᠦᠭᠡᠢ ᠬᠠᠶᠢᠷᠠᠯᠠᠬᠤ ︾ ᠲᠤᠬᠠᠶᠢᠯᠠᠭᠰᠠᠨ ᠠᠵᠢᠯ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠣᠷᠭᠢᠯᠤᠮ᠎ᠠ ᠬᠠᠯᠠᠭᠤᠨ ᠰᠡᠳᠬᠢᠯᠭᠡ᠂ ᠰᠢᠯᠢᠳᠡᠭ ᠦᠢᠯᠡᠴᠢᠯᠡᠭᠡ᠂ ᠨᠠᠷᠢᠯᠢᠭ ᠡᠮᠴᠢᠯᠡᠭᠡᠨ ᠤ ᠮᠡᠷᠭᠡᠵᠢᠯ ᠢᠶᠠᠷ ᠠᠷᠠᠳ ᠤᠯᠠᠨ ᠤ ᠡᠷᠡᠭᠦᠯ ᠮᠡᠨᠳᠦ ᠶᠢ ᠬᠠᠮᠠᠭᠠᠯᠠᠵᠤ᠂ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠰᠢᠨ᠎ᠡ ᠡᠭᠦᠷᠭᠡᠯᠡᠯ ᠢ ᠢᠯᠡᠷᠡᠭᠦᠯᠵᠦ᠂ ᠰᠢᠨ᠎ᠡ ᠠᠮᠵᠢᠯᠲᠠ ᠪᠦᠲᠦᠮᠵᠢ ᠭᠠᠷᠭᠠᠵᠤ᠂ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠭᠠᠷᠠᠢ ᠭᠡᠪᠡ᠃      ᠰᠢᠶᠠᠨ ᠤ ᠡᠮᠨᠡᠯᠭᠡ ᠶᠢᠨ ᠬᠤᠷᠢᠶᠠᠨ ᠤ ᠰᠤᠪᠢᠯᠠᠭᠴᠢ ᠵᠠᠩ ᠰᠢᠶᠣᠣ ᠯᠢᠩ ᠬᠥᠬᠡᠬᠤᠲᠠ ᠶᠢ ᠲᠤᠰᠠᠯᠠᠬᠤ ᠡᠮᠨᠡᠯᠭᠡ ᠶᠢᠨ ᠠᠩᠭᠢ ᠶᠢᠨ ᠡᠮᠨᠡᠯᠭᠡ ᠶᠢᠨ ᠠᠩᠭᠢ ᠶᠢ ᠲᠥᠯᠥᠭᠡᠯᠡᠨ ᠶᠠᠷᠢᠶ᠎ᠠ ᠲᠠᠯᠪᠢᠵᠤ᠂ ᠴᠠᠭ ᠢᠮᠠᠭᠲᠠ ᠨᠠᠮ ᠤᠨ ᠤᠷᠢᠶᠠᠯᠠᠭ᠎ᠠ ᠶᠢ ᠰᠣᠨᠣᠰᠴᠤ᠂ ᠤᠭ ᠰᠠᠨᠠᠭ᠎ᠠ ᠪᠠᠨ ᠦᠯᠦ ᠮᠠᠷᠲᠠᠨ᠂ ᠡᠷᠡᠮᠡᠬᠡᠶᠢᠯᠡᠨ ᠤᠷᠤᠭᠰᠢᠯᠠᠵᠤ᠂ ᠮᠠᠨ ᠤ ᠰᠢᠶᠠᠨ ᠤ ᠡᠮᠨᠡᠯᠭᠡ ᠶᠢᠨ ᠦᠢᠯᠡᠰ ᠤᠨ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1