ᠲᠣᠭᠲᠠᠬᠤ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ ᠲᠡᠷᠭᠡ ᠬᠥᠰᠬᠡ ᠪᠠ ᠬᠥᠮᠥᠨ ᠤ ᠰᠢᠯᠵᠢᠯᠲᠡ ᠶᠢ ᠪᠠᠭᠠᠰᠬᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2022/3/2
      ᠲᠣᠭᠲᠠᠬᠤ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ ᠲᠡᠷᠭᠡ ᠬᠥᠰᠬᠡ ᠪᠠ ᠬᠥᠮᠥᠨ ᠤ ᠰᠢᠯᠵᠢᠯᠲᠡ ᠶᠢ ᠪᠠᠭᠠᠰᠬᠠᠬᠤ ᠲᠤᠬᠠᠢ ᠠᠯᠪᠠᠨ ᠵᠠᠷ       ﹇2022﹈   ᠣᠨ ᠤ 14 ᠳ᠋ᠤᠭᠡᠷ ᠲᠣᠭᠠᠲᠤ︶      ᠬᠢᠵᠢᠭ ᠤᠨ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠸᠢᠷᠦ᠋ᠰ ᠤᠨ ᠬᠠᠯᠳᠠᠪᠤᠷᠢᠯᠠᠬᠤ ᠠᠷᠭ᠎ᠠ ᠵᠠᠮ ᠢ ᠪᠦᠲᠦᠮᠵᠢᠲᠡᠶ ᠪᠠᠷ ᠲᠡᠰᠦᠯᠦᠨ᠂ ᠬᠢᠵᠢᠭ ᠤᠨ ᠪᠠᠶᠢᠳᠠᠯ ᠤᠨ ᠬᠠᠯᠳᠠᠪᠦᠷᠢᠯᠠᠬᠤ ᠶᠢ ᠴᠢᠩᠭ᠎ᠠ ᠰᠡᠷᠭᠡᠶᠢᠯᠡᠵᠦ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠃      ᠨᠢᠭᠡ᠂ ᠲᠡᠷᠭᠡᠨ ᠥᠷᠲᠡᠭᠡᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠭᠠᠯᠲᠤ ᠲᠡᠷᠭᠡᠨ ᠥᠷᠲᠡᠭᠡᠨ ᠤ ᠪᠠᠶᠢᠴᠠᠭᠠᠨ ᠰᠢᠯᠭᠠᠯᠲᠠ ᠶᠢ ᠴᠢᠩᠭᠠᠳᠬᠠᠵᠤ᠂ ᠲᠤᠭᠳᠠᠬᠤ ᠰᠢᠶᠠᠨ ᠢᠶᠠᠷ ᠣᠷᠣᠵᠤ ᠭᠠᠷᠬᠤ ᠴᠢᠬᠤᠯᠠ ᠪᠤᠰᠤ ᠬᠥᠮᠥᠰ ᠢ ᠢᠳᠬᠠᠨ  ᠪᠤᠴᠠᠭᠠᠨ᠎ᠠ᠃ ᠦᠨᠡᠬᠡᠷ ᠣᠨᠴᠠᠭᠠᠶ ᠰᠢᠯᠲᠠᠭᠠᠨ ᠠᠴᠠ ᠪᠣᠯᠵᠤ ᠲᠤᠭᠳᠠᠬᠤ ᠰᠢᠶᠠᠨ ᠢᠶᠠᠷ ᠣᠷᠣᠵᠤ ᠭᠠᠷᠬᠤ ᠴᠢᠬᠤᠯᠠᠲᠠᠢ ᠪᠠᠶᠢᠪᠠᠯ᠂ 48 ᠴᠠᠭ ᠤᠨ   ᠲᠤᠳᠤᠷᠠᠬᠢ 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠢ ᠪᠥᠭᠡᠳ ᠪᠤᠰᠤᠳ ᠲᠣᠭᠲᠠᠭᠠᠯ ᠤᠨ ᠪᠠᠶᠢᠴᠠᠭᠠᠨ ᠰᠢᠯᠭᠠᠬᠤ ᠵᠢᠷᠤᠮ ᠢ ᠭᠦᠢᠴᠡᠳᠭᠡᠭᠰᠡᠨ ᠪᠠᠶᠢᠬᠤ ᠬᠡᠷᠡᠭᠲᠡᠢ᠃      ᠬᠤᠶᠠᠷ᠂ ᠵᠠᠰᠠᠮᠠᠯ ᠵᠠᠮ ᠢᠶᠠᠷ ᠨᠡᠪᠲᠡᠷᠡᠬᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠲᠤᠭᠳᠠᠬᠤ ᠰᠢᠶᠠᠨ ᠢᠶᠠᠷ ᠣᠷᠣᠵᠤ ᠭᠠᠷᠬᠤ ᠲᠡᠷᠭᠡ ᠬᠥᠰᠬᠡ ᠶᠢ ᠭᠤᠣᠯᠳᠠᠭᠤ ᠪᠠᠴᠢᠮ ᠪᠠᠶᠢᠳᠠᠯ ᠢ ᠠᠷᠭᠠᠴᠠᠬᠤ ᠡᠭᠦᠷᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠬᠠᠮᠢᠶ᠎ᠠ ᠪᠦᠬᠦᠢ ᠠᠵᠢᠯ ᠤᠨ ᠡᠭᠦᠷᠭᠡ ᠶᠢ ᠭᠦᠢᠴᠡᠳᠬᠡᠬᠦ᠂ ᠴᠢᠬᠤᠯᠠ ᠪᠦᠬᠦᠢ ᠦᠢᠯᠡᠳᠪᠦᠷᠢᠯᠡᠯ ᠠᠮᠢᠳᠤᠷᠠᠯ ᠤᠨ ᠡᠳ᠋ ᠪᠣᠳᠠᠰ ᠵᠢᠴᠢ ᠪᠤᠰᠤᠳ ᠣᠨᠴᠣᠭᠤᠢ ᠪᠠᠶᠢᠳᠠᠯ ᠠᠴᠠ ᠪᠤᠰᠤᠳ ᠲᠡᠷᠭᠡ ᠬᠥᠰᠬᠡ ᠶᠢ ᠢᠳᠬᠠᠨ ᠪᠤᠴᠠᠭᠠᠨ᠎ᠠ᠃      ᠭᠤᠷᠪᠠ᠂ ᠣᠷᠣᠨ ᠪᠦᠰᠡ ᠶᠢᠨ ᠨᠡᠭᠦᠳᠡᠯ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠲᠤᠭᠳᠠᠬᠤ ᠰᠢᠶᠠᠨ ᠬᠢᠭᠡᠳ ᠬᠤᠲᠠ ᠶᠢᠨ ᠳᠥᠷᠪᠡᠨ ᠲᠣᠭᠤᠷᠢᠭ᠂ ᠪᠤᠰᠤᠳ ᠬᠤᠰᠢᠭᠤ ᠰᠢᠶᠠᠨ ᠤ ᠬᠤᠭᠤᠷᠣᠨᠳᠣᠬᠢ ᠲᠡᠷᠭᠡ ᠬᠥᠰᠬᠡ ᠪᠠ ᠠᠵᠢᠯᠲᠠᠨ ᠤ ᠰᠢᠯᠵᠢᠯᠲᠡ ᠶᠢ ᠠᠯᠢ ᠴᠢᠳᠠᠬᠤ ᠪᠠᠷ ᠪᠠᠭᠠᠰᠬᠠᠨ᠎ᠠ︔ ᠰᠢᠶᠠᠨ ᠤ ᠳᠣᠲᠣᠷᠠᠬᠢ ᠬᠦᠨᠳᠦ ᠶᠡᠭᠡ ᠡᠪᠡᠳᠴᠢᠨ ᠡᠮᠭᠡᠭ᠂ ᠭᠡᠨᠡᠳᠲᠡ ᠶᠢᠨ ᠬᠡᠷᠡᠭ ᠵᠡᠷᠭᠡ ᠣᠨᠴᠠᠭᠠᠶ ᠪᠠᠶᠢᠳᠠᠯ ᠵᠢᠴᠢ ᠤᠰᠤ ᠬᠠᠩᠭᠠᠬᠤ᠂ ᠴᠠᠬᠢᠯᠭᠠᠨ ᠬᠠᠩᠭᠠᠬᠤ᠂ ᠳᠤᠯᠠᠭᠠᠯᠠᠭ᠎ᠠ ᠬᠠᠩᠭᠠᠬᠤ᠂ ᠡᠮᠨᠡᠯᠭᠡ ᠶᠢᠨ ᠬᠤᠷᠢᠶ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠬᠢᠵᠢᠭ ᠢ ᠰᠡᠷᠭᠡᠶᠢᠯᠡᠬᠦ ᠵᠢᠴᠢ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠢᠭᠡᠳᠦᠭᠡᠷ ᠹᠷᠣᠨᠲ ᠤᠨ ᠠᠵᠢᠯᠲᠠᠨ ︽ᠬᠤᠶᠠᠷ ᠴᠢᠭ ᠨᠢᠭᠡ ᠱᠤᠭᠤᠮ︾ ᠤᠨ ᠵᠠᠭᠪᠤᠷ ᠢᠶᠠᠷ ᠭᠠᠳᠠᠭᠰᠢ ᠭᠠᠷᠴᠤ᠂ ᠪᠤᠰᠤᠳ ᠬᠥᠮᠥᠰ ᠢ ᠠᠯᠢ ᠴᠢᠳᠠᠬᠤ ᠪᠠᠷ ᠰᠢᠯᠵᠢᠭᠦᠯᠬᠦ ᠦᠭᠡᠢ ᠪᠠᠶᠢᠬᠤ ᠬᠡᠷᠡᠭᠲᠡᠢ᠃      ᠳᠥᠷᠪᠡ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠰᠢᠶᠠᠨ ᠤ ᠬᠡᠪᠴᠢᠶᠡᠨ ᠳᠠᠬᠢ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠵᠠᠮ ᠱᠤᠭᠤᠮ ᠢ ᠪᠠᠭᠠᠰᠬᠠᠨ ᠲᠣᠬᠢᠷᠠᠭᠤᠯᠵᠤ ᠂ ᠲᠡᠷᠭᠡ ᠶᠠᠪᠤᠭᠤᠯᠬᠤ ᠤᠳᠠᠭ᠎ᠠ ᠶᠢ ᠪᠠᠭᠠᠰᠬᠠᠨ᠂ ᠠᠯᠤᠰᠯᠠᠬᠤ ᠴᠠᠭ ᠢ ᠶᠡᠬᠡᠰᠬᠡᠬᠦ ᠬᠡᠷᠡᠭᠲᠡᠢ︔ ᠰᠢᠶᠠᠨ ᠤ ᠳᠣᠲᠣᠷᠠᠬᠢ ᠲᠦᠷᠢᠶᠡᠰᠦᠨ ᠮᠠᠰᠢᠨ ᠲᠡᠷᠭᠡ᠂  ᠪᠤᠯᠵᠤᠭᠠᠨ ᠤ ᠮᠠᠰᠢᠨ ᠲᠡᠷᠭᠡ ᠵᠡᠷᠭᠡ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠭᠦᠷᠭᠡ ᠶᠢ ᠭᠦᠢᠴᠡᠳᠬᠡᠬᠦ ᠠᠴᠠ ᠭᠠᠳᠠᠨ᠎ᠠ᠂ ᠠᠯᠢ ᠴᠢᠳᠠᠬᠤ ᠪᠠᠷ ᠰᠢᠯᠵᠢᠬᠦ ᠶᠢ ᠪᠠᠭᠠᠰᠬᠠᠨ᠎ᠠ︔ ᠬᠤᠪᠢ ᠶᠢᠨ ᠮᠠᠰᠢᠨ ᠲᠡᠷᠭᠡ ᠶᠢ ᠴᠢᠬᠤᠯᠠ ᠦᠭᠡᠢ ᠪᠤᠯ ᠵᠠᠮ ᠳᠤ ᠭᠠᠷᠭᠠᠬᠤ ᠦᠭᠡᠢ᠃      ᠲᠠᠪᠤ᠂ ᠦᠨᠳᠦᠰᠦᠨ ᠱᠠᠲᠤᠨ ᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠡᠯ᠎ᠡ ᠪᠠᠯᠭᠠᠰᠤ ︵ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ︶ ᠨᠢ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠲᠣᠰᠬᠤᠨ ︵ᠨᠡᠶᠢᠭᠡᠮ ᠲᠣᠭᠤᠷᠢᠭ︶ ᠢᠶᠠᠷ ᠨᠢᠭᠡᠴᠢ ᠪᠣᠯᠭᠠᠨ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠮᠥᠰ ᠤᠨ ᠶᠠᠪᠤᠵᠤ ᠰᠠᠭᠤᠬᠤ ᠪᠠ ᠰᠢᠯᠵᠢᠬᠦ ᠶᠢ ᠪᠠᠭᠠᠰᠬᠠᠬᠤ ᠬᠡᠷᠡᠭᠲᠡᠢ᠃ ︽ᠳᠥᠷᠪᠡᠨ   ᠪᠦᠬᠦᠨ ᠢ︾ ᠲᠦᠷ ᠴᠠᠭ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠂ ᠲᠤᠬᠠᠶᠢᠯᠠᠪᠠᠯ ︽ᠭᠠᠳᠠᠨ᠎ᠠ ᠠᠴᠠ ᠢᠷᠡᠭᠰᠡᠨ ᠬᠦᠮᠦᠨ ᠪᠦᠬᠦᠨ ᠢ ᠤᠷᠤᠭᠤᠯᠵᠦ ᠪᠣᠯᠬᠤ ᠦᠭᠡᠢ᠂ ᠰᠢᠷ᠎ᠠ ᠺᠣᠳ᠋ ᠪᠠ ᠤᠯᠠᠭᠠᠨ ᠺᠣᠳ᠋ ᠤᠨ ᠬᠦᠮᠦᠨ ᠪᠦᠬᠦᠨ ᠢ ᠤᠷᠤᠭᠤᠯᠵᠦ ᠪᠣᠯᠬᠤ ᠦᠭᠡᠢ᠂ ᠲᠣᠰ ᠬᠤᠷᠢᠶᠠᠯᠠᠯ ᠤᠨ ᠬᠥᠮᠥᠰ ᠤᠨ ᠣᠷᠣᠵᠤ ᠭᠠᠷᠬᠤ ᠳᠤ ᠪᠦᠬᠦᠨ ᠢ ︿ᠪᠥᠭᠡᠮ ᠬᠦᠴᠢᠯ ᠤᠨ ᠪᠠᠶᠢᠴᠠᠭᠠᠯᠳᠠ ᠶᠢᠨ ᠱᠣᠰᠢᠭ᠎ᠠ﹀ ᠪᠤᠶᠤ ᠪᠥᠭᠡᠮ ᠬᠦᠴᠢᠯ ᠤᠨ ᠪᠠᠶᠢᠴᠠᠭᠠᠯᠳᠠ ᠶᠢᠨ ᠭᠡᠷᠡᠴᠢ ᠶᠢ ᠪᠠᠶᠢᠴᠠᠭᠠᠨ ᠰᠢᠯᠭᠠᠵᠤ᠂ ᠵᠢᠵᠢᠭ ᠲᠣᠭᠤᠷᠢᠭ ᠲᠤ ᠴᠤᠭᠯᠠᠷᠠᠬᠤ ᠶᠢ ᠴᠥᠮ ᠴᠠᠭᠠᠵᠠᠯᠠᠨ᠎ᠠ︾᠃      ᠳᠡᠭᠡᠷ᠎ᠡ ᠳᠤᠷᠠᠳᠤᠭᠰᠠᠨ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠳᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠤᠭᠤᠳᠬᠤ ᠭᠠᠵᠠᠷ ᠠᠴᠠ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭ ᠲᠤᠬᠠᠢ ᠳᠤᠨᠢ ᠵᠣᠬᠢᠴᠠᠩᠭᠤᠢ ᠲᠣᠬᠢᠷᠠᠭᠤᠯᠤᠯᠲᠠ ᠬᠢᠵᠦ ᠪᠣᠯᠣᠨ᠎ᠠ᠃      ᠲᠣᠭᠲᠠᠬᠤ ᠰᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠨ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠤᠭᠤᠳᠬᠤ ᠭᠠᠵᠠᠷ      2022 ᠣᠨ ᠤ 3  ᠳ᠋ᠤᠭᠠᠷ ᠰᠠᠷ᠎ᠠ ᠶᠢᠨ 2 ᠤ ᠡᠳᠦᠷ
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1