ᠲᠣᠭᠲᠠᠬᠤ ᠰᠢᠶᠠᠨ ᠤ ᠠᠶᠤᠯᠭᠦᠢ ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ ᠢ ᠰᠡᠷᠭᠡᠶᠢᠯᠡᠨ ᠭᠠᠯ ᠤᠨᠲᠠᠷᠠᠭᠠᠬᠤ ᠵᠢᠴᠢ ᠪᠦᠬᠦ ᠤᠯᠤᠰ ᠤᠨ ᠠᠩᠬᠠᠳᠤᠭᠠᠷ ᠤᠳᠠᠭ᠎ᠠ ᠶᠢᠨ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/3/22
      3 ᠳ᠋ᠤᠭᠠᠷ ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠠᠶᠤᠯᠭᠦᠢ ᠦᠢᠯᠡᠳᠪᠦᠷᠢᠯᠡᠯ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠴᠢ ᠪᠥᠬᠦ ᠤᠯᠤᠰ ᠤᠨ ᠠᠩᠬᠠᠳᠤᠭᠠᠷ ᠤᠳᠠᠭᠠᠨ ᠤ ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠤᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠪᠠ᠃ ᠮᠠᠨ ᠤ ᠰᠢᠶᠠᠨ ᠤ ᠨᠢᠭᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠪᠠ ᠪᠦᠬᠦ ᠤᠯᠤᠰ ᠤᠨ ᠠᠩᠬᠠᠳᠤᠭᠠᠷ ᠤᠳᠠᠭᠠᠨ ᠤ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠳ᠋ᠦᠩᠨᠡᠵᠦ᠂ ᠲᠠᠷᠠᠭᠠᠴᠢ ᠶᠢᠨ ᠠᠯᠬᠤᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠤᠬᠢᠷᠠᠭᠤᠯᠤᠯᠳᠠ ᠪᠠᠶᠢᠷᠢᠯᠠᠭᠤᠯᠤᠯᠳᠠ ᠬᠢᠪᠡ᠃
     ᠬᠤᠷᠠᠯ ᠠᠴᠠ᠂ 2022 ᠣᠨ ᠤ ᠨᠢᠭᠡᠳᠦᠭᠡᠷ ᠤᠯᠠᠷᠢᠯ ᠳᠤ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠢᠶᠠᠷ ᠰᠠᠶᠢᠵᠢᠷᠠᠭᠰᠠᠨ ᠪᠣᠯᠪᠠᠴᠤ ᠪᠠᠶᠢᠳᠠᠯ ᠮᠥᠨ ᠯᠡ ᠲᠡᠶᠢᠮᠦ ᠰᠠᠶᠢᠨ ᠪᠢᠰᠢ ᠪᠠᠶᠢᠨ᠎ᠠ᠃ ᠡᠯ᠎ᠡ ᠪᠠᠯᠭᠠᠰᠤ᠂ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠷᠭᠦᠯᠵᠢᠯᠡᠨ ᠭᠦᠨᠵᠡᠭᠡᠢ ᠰᠡᠷᠭᠡᠶᠢᠯᠡᠨ ᠠᠷᠢᠯᠭᠠᠵᠤ᠂ ᠠᠶᠦᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠪᠥᠬᠦ ᠬᠦᠴᠦᠨ ᠢᠶᠠᠷ ᠢᠶᠠᠨ ᠠᠶᠤᠯ ᠲᠦᠭᠰᠢᠭᠦᠷᠢ ᠶᠢ ᠠᠷᠢᠯᠭᠠᠵᠤ᠂ ᠳᠠᠯᠳᠠ ᠬᠡᠮ ᠢ ᠪᠦᠲᠦᠮᠵᠢᠲᠡᠶ ᠠᠷᠢᠯᠭᠠᠵᠤ᠂ ᠶᠡᠭᠡ ᠠᠳᠡᠯ ᠢ ᠬᠤᠷᠢᠭᠯᠠᠨ ᠵᠣᠭᠰᠣᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠪᠣᠳᠠᠲᠤ ᠠᠵᠢᠯᠯᠠᠭ᠎ᠠ ᠪᠠ ᠪᠣᠳᠠᠲᠤ ᠦᠷ᠎ᠡ ᠪᠦᠲᠦᠮᠵᠢ ᠪᠠᠷ ᠢᠶᠠᠨ ︽ᠬᠤᠶᠠᠷ ᠢ ᠬᠦᠷᠢᠶᠡᠯᠡᠬᠦ︾ ᠶᠢ ᠦᠢᠯᠡᠳᠦᠯᠭᠡᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠭᠦᠯᠵᠦ᠂ ᠠᠶᠤᠯᠲᠠᠢ ᠬᠢᠮᠢ ᠶᠢᠨ ᠪᠣᠳᠠᠰ᠂ ᠪᠠᠷᠢᠯᠭ᠎ᠠ ᠶᠢᠨ ᠭᠠᠵᠠᠷ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ᠂ ᠢᠳᠡᠭᠡᠨ ᠤ ᠠᠮᠤᠷ ᠲᠦᠪᠰᠢᠨ᠂ ᠭᠠᠯ ᠰᠡᠷᠭᠡᠶᠢᠯᠡᠬᠦ ᠠᠮᠤᠷ ᠲᠦᠪᠰᠢᠨ᠂ ᠰᠢᠲᠠᠮᠠᠬᠠᠢ ᠬᠡᠢ ᠶᠢᠨ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠦᠷᠦᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠡᠯ᠎ᠡ ᠲᠦᠷᠦᠯ ᠤᠨ ᠠᠳᠡᠯ ᠤᠨ ᠬᠡᠮ ᠰᠣᠭᠤᠭ ᠢ ᠦᠨᠡᠨᠬᠦ ᠪᠠᠶᠢᠴᠠᠭᠠᠵᠤ ᠵᠠᠰᠠᠬᠤ ᠬᠡᠷᠡᠭᠲᠡᠢ᠃ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠪᠣᠳᠠᠲᠠᠢ ᠨᠠᠷᠢᠯᠢᠭ ᠰᠠᠶᠢᠲᠤᠷ ᠠᠳᠬᠤᠬᠤ ᠬᠡᠷᠡᠭᠲᠡᠢ᠃ ᠠᠵᠤ ᠠᠬᠤᠶᠢᠯᠠᠯ ᠤᠨ  ᠠᠶᠦᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠂ ᠲᠤᠰᠬᠠᠢ ᠮᠡᠷᠭᠡᠵᠢᠯᠲᠡᠨ ᠤ ᠬᠠᠮᠲᠤᠷᠠᠨ ᠣᠨᠣᠰᠢᠯᠠᠬᠤ ᠵᠠᠭᠪᠤᠷ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠭᠦᠨᠵᠡᠭᠡᠢ ᠪᠥᠭᠡᠳ ᠪᠥᠬᠦ ᠲᠠᠯ᠎ᠠ ᠪᠠᠷ ᠨᠠᠷᠢᠨ ᠨᠢᠮᠪᠠᠢ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ   ᠠᠴᠠ ᠴᠢᠬᠤᠯᠠᠴᠢᠯᠠᠭᠰᠠᠨ ᠨᠢ᠂ ᠣᠳᠣᠬᠠᠨ ᠳᠤ᠂ ᠠᠭᠠᠷ ᠤᠨ ᠳᠤᠯᠠᠭᠠᠨ ᠲᠦᠷᠭᠡᠨ ᠢᠶᠠᠷ ᠳᠡᠭᠡᠭᠰᠢᠯᠡᠵᠦ ᠪᠠᠶᠢᠬᠤ ᠪᠥᠭᠡᠳ ᠰᠠᠯᠬᠢᠨ ᠤ ᠬᠦᠴᠦ ᠨᠡᠮᠡᠭᠳᠡᠵᠦ ᠪᠠᠶᠢᠬᠤ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠤ᠂ ᠭᠠᠯ ᠤᠨ ᠠᠶᠤᠯ ᠤᠨ ᠲᠠᠰ ᠢᠯᠡᠳᠲᠡ ᠳᠡᠭᠡᠭᠰᠢᠯᠡᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠭᠦᠷᠭᠡ ᠪᠡᠷᠬᠡ ᠬᠠᠲᠠᠭᠤᠵᠢᠯᠲᠠᠢ ᠪᠠᠶᠢᠨ᠎ᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠲᠣᠭᠤᠷᠢᠨ ᠪᠠᠶᠢᠴᠠᠭᠠᠬᠤ ᠨᠢᠭᠲᠠᠴᠠ ᠪᠣᠯᠣᠨ ᠬᠦᠴᠦᠯᠡᠴᠡ ᠶᠢ ᠨᠡᠮᠡᠭᠳᠡᠭᠦᠯᠵᠦ᠂ ᠬᠡᠭᠡᠷ᠎ᠡ ᠶᠢᠨ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠪᠠ ᠭᠠᠯ ᠤᠨ ᠭᠠᠮᠰᠢᠭ ᠤᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠳᠠᠯᠠᠵᠤ᠂ ᠬᠥᠮᠥᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠶᠢ ᠵᠡᠷᠭᠡ ᠪᠠᠷ ᠬᠢᠬᠦ ᠬᠡᠷᠡᠭᠲᠡᠢ᠃ ᠪᠡᠯᠡᠳᠬᠡᠯ ᠲᠥᠰᠥᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯᠲᠠᠨ ᠤ ᠬᠦᠴᠦᠨ ᠪᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠭᠠᠯ ᠰᠡᠷᠭᠡᠶᠢᠯᠡᠨ ᠤᠨᠲᠠᠷᠠᠭᠠᠬᠤ ᠰᠣᠷᠢᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠂ ᠵᠢᠵᠢᠭᠦᠷᠯᠡᠨ ᠰᠠᠬᠢᠬᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠬᠠᠩᠰᠢ ᠶᠢᠨ ᠡᠳᠦᠷ ᠤᠨ ᠴᠢᠬᠤᠯᠠ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠤᠬᠠᠭᠤᠯᠭ᠎ᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠷᠠᠳᠢᠣ᠋ ᠨᠡᠪᠲᠡᠷᠡᠭᠦᠯᠭᠡ᠂ ᠰᠡᠷᠡᠮᠵᠢ ᠶᠢᠨ ᠫᠠᠶᠢᠰᠠ ᠪᠠᠶᠢᠷᠢᠯᠠᠭᠤᠯᠬᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠺᠠᠳ᠋ᠷ ᠤᠯᠠᠨ ᠲᠦᠮᠡᠨ ᠤ ᠪᠣᠯᠪᠠᠰᠤᠨ ᠢᠶᠠᠷ ᠳᠠᠬᠢᠯᠭ᠎ᠠ ᠬᠢᠬᠦ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠪᠡ᠃       ᠬᠤᠷᠠᠯ ᠠᠴᠠ ᠴᠢᠬᠤᠯᠠᠴᠢᠯᠠᠭᠰᠠᠨ ᠨᠢ᠂ ᠪᠠᠶᠢᠭᠠᠯᠢ ᠶᠢᠨ ᠭᠠᠢ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠪᠣᠯ ᠨᠢᠭᠡ ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠪᠠᠰᠠ ᠴᠤ ᠮᠠᠨ ᠤ ᠰᠢᠶᠠᠨ ᠤ ᠪᠠᠶᠢᠭᠠᠯᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠶᠢ ᠲᠦᠯᠬᠢᠨ ᠠᠬᠢᠭᠤᠯᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠰᠠᠭᠤᠷᠢ ᠴᠢᠨᠠᠷᠲᠠᠢ ᠢᠨᠵᠧᠨᠧᠷᠢᠩ ᠮᠥᠨ᠂ ᠡᠯ᠎ᠡ ᠰᠠᠯᠠᠭ᠎ᠠ ᠮᠥᠴᠢᠷ ᠤᠳ ᠲᠡᠷᠡ ᠶᠣᠰᠣᠭᠠᠷ ᠨᠢ᠂ ᠴᠢᠨᠠᠷ ᠰᠠᠶᠢᠲᠠᠢ ᠨᠠᠶᠢᠳᠠᠪᠤᠷᠢᠵᠢᠭᠤᠯᠵᠤ᠂ ᠠᠩᠬᠠᠳᠤᠭᠠᠷ ᠤᠳᠠᠭᠠᠨ ᠤ ᠪᠥᠬᠦ ᠤᠯᠤᠰ ᠤᠨ ᠪᠠᠶᠢᠭᠠᠯᠢ ᠶᠢᠨ ᠭᠠᠢ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃      ᠰᠢᠶᠠᠨ ᠤ ᠤᠳᠤᠷᠢᠳᠤᠯᠭ᠎ᠠ ᠯᠢᠦ ᡁᠢ ᠴᠢᠶᠠᠩ᠂ ᠭᠤᠸ ᠬᠠᠨ᠂ ᠶᠠᠩ ᠶᠢᠨ᠂ ᠡᠯ᠎ᠡ ᠪᠠᠯᠭᠠᠰᠤ᠂ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1