ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠄ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠰᠤᠯᠠᠷᠠᠭᠤᠯᠬᠤ ᠦᠭᠡᠢ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ  ᠦᠷᠭᠦᠯᠵᠢᠯᠡᠭᠦᠯᠦᠨ᠎ᠡ
ᠨᠡᠶᠢᠲᠡᠯᠡᠭᠰᠡᠨ ᠴᠠᠭ᠄
2022/3/24
      ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠣᠨᠴᠠᠭᠠᠶ ᠴᠠᠭ ᠬᠤᠭᠤᠴᠠᠭᠠᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ ᠦᠢᠯᠡᠴᠢᠯᠡᠭᠡᠨ ᠤ ᠠᠵᠤ ᠠᠬᠤᠶᠢᠯᠠᠯ ᠪᠠ ᠣᠯᠠᠨ ᠲᠦᠮᠡᠨ ᠤ ᠣᠯᠠᠨ ᠨᠡᠶᠢᠲᠡ ᠶᠢᠨ ᠲᠠᠯᠠᠪᠤᠷ ᠪᠣᠯᠤᠭᠰᠠᠨ ᠤ ᠬᠤᠪᠢ ᠳᠤ᠂ ᠣᠷᠣᠨ ᠵᠠᠢ  ᠨᠢ ᠬᠠᠷᠢᠴᠠᠩᠭᠤᠢ ᠪᠠᠷ ᠨᠢᠭᠲᠠ ᠪᠢᠲᠡᠭᠦᠮᠵᠢᠯᠡᠭᠳᠡᠵᠦ᠂ ᠬᠥᠮᠥᠨ ᠤ ᠤᠷᠤᠰᠬᠠᠯ ᠤᠨ ᠬᠡᠮᠵᠢᠶ᠎ᠡ ᠨᠡᠯᠢᠶᠡᠳ ᠶᠡᠭᠡ᠂ ᠰᠣᠯᠪᠢᠴᠠᠨ ᠬᠠᠯᠳᠠᠪᠤᠷᠢᠯᠠᠬᠤ ᠶᠢ ᠰᠡᠷᠭᠡᠶᠢᠯᠡᠨ ᠡᠵᠡᠮᠳᠡᠬᠦ ᠬᠦᠴᠢᠷᠳᠡᠯ ᠶᠡᠭᠡ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠪᠡᠷᠬᠡ ᠣᠷᠣᠨ ᠪᠦᠰᠡ ᠪᠣᠯᠤᠭᠰᠠᠨ ᠪᠠᠶᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠦᠲᠦᠮᠵᠢᠲᠡᠶ ᠠᠷᠭᠠᠴᠠᠬᠤ ᠶᠢᠨ ᠲᠥᠯᠥᠭᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢᠶᠠᠷ ᠳᠡᠮᠵᠢᠨ ᠬᠢᠵᠢᠭ ᠳᠡᠯᠭᠡᠷᠡᠬᠦ ᠶᠢ ᠡᠷᠡᠰ ᠰᠡᠷᠭᠡᠶᠢᠯᠡᠵᠦ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠠᠵᠤ ᠠᠬᠤᠶᠢᠯᠠᠯ᠂ ᠣᠯᠠᠨ ᠲᠦᠮᠡᠨ ᠳᠤ ᠪᠦᠲᠦᠮᠵᠢᠲᠡᠶ ᠦᠢᠯᠡᠴᠢᠯᠡᠭᠡ ᠬᠠᠩᠭᠠᠵᠤ᠂ ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ  ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠠᠴᠢᠮ ᠪᠤᠰᠤ ᠠᠯᠭᠤᠷᠯᠠᠨ ᠭᠦᠢᠴᠡᠳᠬᠡᠬᠦ᠂ ᠪᠠᠴᠢᠮ ᠶᠠᠪᠤᠳᠠᠯ ᠢ ᠰᠦᠯᠵᠢᠶ᠎ᠡ ᠪᠠᠷ ᠭᠦᠢᠴᠡᠳᠬᠡᠬᠦ᠂ ᠵᠠᠪᠠᠯ ᠭᠦᠢᠴᠡᠳᠬᠡᠬᠦ ᠪᠠ ᠪᠣᠯᠵᠣᠨ ᠭᠦᠢᠴᠡᠳᠬᠡᠬᠦ᠂ ᠰᠠᠯᠭᠠᠨ ᠬᠠᠮᠢᠶᠠᠷᠬᠤ︾ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠠᠪᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠰᠤᠯᠠᠷᠠᠭᠤᠯᠬᠤ ᠦᠭᠡᠢ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠡᠭᠦᠳᠡ ᠪᠠᠨ ᠬᠠᠭᠠᠬᠤ ᠦᠭᠡᠢ ᠪᠠᠶᠢᠬᠤ ᠬᠡᠷᠡᠭᠲᠡᠢ᠃ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠭᠡᠷ ᠲᠡᠭᠡᠨ ᠰᠠᠭᠤᠬᠤ ᠨᠢ ᠬᠥᠮᠥᠨ ᠨᠢᠭᠡᠪᠦᠷᠢ ᠶᠢᠨ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠦᠵᠡᠭᠦᠯᠦᠭᠰᠡᠨ ᠬᠠᠮᠤᠭ ᠤᠨ ᠰᠠᠶᠢᠨ ᠬᠤᠪᠢ ᠨᠡᠮᠡᠷᠢ ᠪᠣᠯᠣᠨ᠎ᠠ᠃ ᠣᠯᠠᠨ ᠲᠦᠮᠡᠨ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠲᠣᠰ ᠲᠣᠪᠴᠢᠶ᠎ᠠ ᠠᠴᠠ ︽ᠲᠣᠭᠲᠠᠬᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠬᠡᠷᠡᠭᠵᠢᠭᠦᠯᠬᠦ᠂ ᠲᠤᠬᠠᠢ ᠶᠢᠨ ᠲᠠᠯᠠᠪᠤᠷ ᠲᠤ ᠭᠦᠢᠴᠡᠳᠬᠡᠬᠦ ᠶᠢ ᠪᠠᠭᠠᠰᠬᠠᠬᠤ ᠰᠠᠨᠠᠭᠠᠴᠢᠯᠠᠭ᠎ᠠ ᠶᠢᠨ ᠪᠢᠴᠢᠭ︾ ᠢ ᠨᠡᠶᠢᠲᠡᠯᠡᠵᠦ᠂ ︽ᠰᠦᠯᠵᠢᠶᠡᠨ ᠳᠡᠭᠡᠷ᠎ᠡ ᠭᠦᠢᠴᠡᠳᠬᠡᠬᠦ᠂ ᠠᠭᠤᠯᠵᠠᠬᠤ ᠦᠭᠡᠢ︾ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠪᠥᠬᠦ ᠲᠠᠯ᠎ᠠ ᠪᠠᠷ ᠰᠠᠨᠠᠭᠠᠴᠢᠯᠠᠨ ᠬᠡᠷᠡᠭᠵᠢᠭᠦᠯᠪᠡ᠃ ᠠᠵᠢᠯᠯᠠᠬᠤ ᠴᠠᠭ ᠲᠤ ︽ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ︾ ᠳᠤ ᠭᠠᠷᠬᠤ ᠪᠤᠶᠤ ︽ᠮᠦᠩᠬᠡ ᠰᠤᠪᠠᠭ ᠠᠯᠪᠠᠨ ᠭᠡᠷ︾ ᠤᠨ APP ᠶᠢ ᠪᠠᠭᠤᠯᠭᠠᠨ ᠠᠪᠴᠤ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠰᠦᠯᠵᠢᠶᠡᠨ ᠳᠡᠭᠡᠷ᠎ᠡ ᠠᠰᠠᠭᠤᠨ ᠯᠠᠪᠯᠠᠬᠤ ᠪᠠ ᠰᠦᠯᠵᠢᠶᠡᠨ ᠳᠡᠭᠡᠷ᠎ᠡ ᠭᠦᠢᠴᠡᠳᠬᠡᠨ᠎ᠡ᠃ ᠭᠤᠶᠤᠴᠢᠯᠠᠭᠴᠢ ᠶᠢᠨ ᠰᠦᠯᠵᠢᠶᠡᠨ ᠳᠡᠭᠡᠷ᠎ᠡ ᠮᠠᠲ᠋ᠧᠷᠢᠶᠠᠯ ᠲᠤᠰᠢᠶᠠᠬᠤ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠣᠯᠠᠨ ᠲᠦᠮᠡᠨ ᠤ ᠬᠦᠯᠢᠶᠡᠬᠦ ᠴᠠᠭ ᠢ ᠪᠠᠭᠠᠰᠬᠠᠭᠰᠠᠨ ᠢᠶᠠᠷ ᠪᠠᠷᠠᠬᠤ ᠦᠭᠡᠢ ᠪᠠᠰᠠ ᠬᠥᠮᠥᠨ ᠴᠤᠭᠯᠠᠷᠠᠬᠤ ᠶᠢ ᠪᠠᠭᠠᠰᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠢᠨᠠᠨ ᠵᠥᠪᠰᠢᠶᠡᠷᠡᠬᠦ ᠦᠢᠯᠡᠴᠢᠯᠡᠭᠡ ᠶᠢᠨ ᠠᠯᠢ ᠠᠯᠢᠨ ᠢ ᠨᠢ ᠴᠦ ᠰᠠᠭᠠᠲᠠᠭᠠᠬᠤ ᠦᠭᠡᠢ ᠪᠠᠶᠢᠬᠤ ᠶᠢ ᠦᠨᠡᠨ ᠬᠦ ᠪᠡᠶᠡᠯᠡᠭᠦᠯᠵᠦ᠂ ᠬᠢᠨᠠᠨ ᠵᠥᠪᠰᠢᠶᠡᠷᠡᠬᠦ ᠳᠤ ︽ᠠᠭᠤᠯᠵᠠᠬᠤ ᠦᠭᠡᠢ︾᠂ ︽ᠭᠦᠶᠦᠯᠭᠡᠬᠦ ᠦᠭᠡᠢ︾ ᠪᠠᠶᠢᠬᠤ ᠶᠢ ᠪᠡᠶᠡᠯᠡᠭᠦᠯᠪᠡ᠃ ᠡᠭᠦᠨ ᠤ ᠬᠠᠮᠲᠤ᠂ ᠲᠣᠭᠲᠠᠬᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠣᠷᠣᠵᠤ ᠰᠠᠭᠤᠭᠰᠠᠨ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠲᠤᠬᠠᠶᠢᠯᠠᠭᠰᠠᠨ ᠠᠵᠢᠯ ᠤᠨ ᠤᠷᠢᠳᠴᠢᠯᠠᠨ ᠪᠣᠯᠵᠣᠬᠤ ᠠᠰᠠᠭᠤᠨ ᠯᠠᠪᠯᠠᠬᠤ ᠤᠲᠠᠰᠤ ᠶᠢ ᠲᠥᠪᠯᠡᠷᠡᠭᠦᠯᠦᠨ ᠨᠡᠶᠢᠲᠡᠯᠡᠵᠦ᠂ ᠪᠠᠴᠢᠮ᠂ ᠣᠨᠴᠠᠭᠠᠶ ᠲᠤᠬᠠᠶᠢᠯᠠᠭᠰᠠᠨ ᠠᠵᠢᠯ ᠢ ᠡᠷᠬᠡᠪᠰᠢ ᠰᠦᠯᠵᠢᠶᠡᠨ ᠠᠴᠠ ᠭᠠᠳᠠᠨ᠎ᠠ ᠭᠦᠢᠴᠡᠳᠬᠡᠬᠦ ᠴᠢᠬᠤᠯᠠᠲᠠᠢ ᠪᠠᠶᠢᠪᠠᠯ᠂ ᠡᠯ᠎ᠡ ᠰᠠᠯᠠᠭ᠎ᠠ ᠮᠥᠴᠢᠷ ᠤᠨ ᠤᠲᠠᠰᠤ ᠪᠠᠷ ᠠᠰᠠᠭᠤᠨ ᠯᠠᠪᠯᠠᠬᠤ ᠪᠠ ᠤᠷᠢᠳᠴᠢᠯᠠᠨ ᠪᠣᠯᠵᠣᠵᠤ᠂ ᠦᠨᠡᠨ ᠨᠡᠷ᠎ᠡ ᠪᠠᠷ ᠢᠶᠠᠨ ᠪᠣᠯᠵᠣᠭᠰᠠᠨ ᠤ ᠳᠠᠷᠠᠭ᠎ᠠ ᠲᠤᠬᠠᠢ ᠶᠢᠨ ᠲᠠᠯᠠᠪᠤᠷ ᠲᠤ ᠣᠴᠢᠵᠤ ᠭᠦᠢᠴᠡᠳᠬᠡᠨ᠎ᠡ᠂ ᠪᠠᠷᠢᠨ ᠭᠦᠢᠴᠡᠳᠬᠡᠪᠡᠯ ᠪᠠᠷᠢᠨ ᠶᠠᠪᠤᠭᠤᠯᠵᠤ᠂ ᠶᠡᠭᠡ ᠲᠢᠩᠬᠢᠮ ᠳᠤ ᠬᠦᠯᠢᠶᠡᠬᠦ ᠴᠠᠭ ᠢ ᠪᠠᠭᠠᠰᠬᠠᠨ᠎ᠠ᠃
     ᠲᠣᠭᠲᠠᠬᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ︽ᠨᠢᠭᠡ ᠮᠧᠲᠷ︾ ᠤᠨ ᠠᠵᠢᠯᠯᠠᠭ᠎ᠠ ᠥᠷᠨᠢᠭᠦᠯᠬᠦ ᠶᠢ ᠲᠦᠯᠬᠢᠨ ᠠᠬᠢᠭᠤᠯᠵᠤ᠂ ᠠᠰᠠᠭᠤᠨ ᠯᠠᠪᠯᠠᠬᠤ ᠲᠠᠪᠴᠠᠩ᠂ ᠬᠡᠷᠡᠭ ᠡᠷᠭᠢᠯᠡᠬᠦ ᠴᠣᠩᠬᠤ ᠵᠡᠷᠭᠡ ᠬᠥᠮᠥᠰ ᠴᠤᠭᠯᠠᠷᠠᠵᠤ ᠮᠡᠳᠡᠬᠦ ᠭᠠᠵᠠᠷ ᠲᠤ ᠴᠥᠮ ᠬᠡᠷᠡᠭ ᠡᠷᠭᠢᠯᠡᠬᠦ ᠬᠥᠮᠥᠰ ᠢ ᠨᠢᠭᠡ ᠮᠧᠲᠷ ᠤᠨ ᠱᠤᠭᠤᠮ ᠠᠯᠤᠰᠯᠠᠭᠤᠯᠬᠤ ᠪᠠᠷ ᠱᠠᠭᠠᠷᠳᠠᠪᠠ᠃ ᠡᠭᠦᠨ ᠤ ᠵᠡᠷᠭᠡ ᠳᠤ᠂ ᠠᠵᠢᠯ ᠡᠷᠭᠢᠯᠡᠬᠦ ᠬᠥᠮᠥᠰ ᠤᠨ ᠣᠷᠣᠨ ᠪᠠᠶᠢᠷᠢ ᠠᠯᠤᠰᠯᠠᠨ ᠰᠠᠭᠤᠬᠤ ᠶᠢ ᠰᠠᠨᠠᠭᠠᠴᠢᠯᠠᠨ᠎ᠠ᠃ ᠵᠠᠰᠠᠭ ᠤᠨ ᠶᠠᠪᠤᠳᠠᠯ ᠤᠨ ᠲᠥᠪ ᠪᠠᠰᠠ ᠭᠠᠳᠠᠨ᠎ᠠ ᠭᠠᠵᠠᠷ ᠠᠴᠠ ᠤᠷᠤᠵᠦ ᠢᠷᠡᠭᠰᠡᠨ ᠬᠦᠮᠦᠰ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠲᠣᠭᠤᠷᠢᠭ ᠭᠠᠷᠭᠠᠵᠤ᠂ ᠳᠤᠯᠠᠭᠠᠨ ᠢ ᠬᠡᠮᠵᠢᠬᠦ ᠣᠶᠤᠨᠴᠢ ᠢᠯᠭᠠᠨ ᠲᠠᠨᠢᠬᠤ ᠰᠢᠰᠲ᠋ᠧᠮ ᠢ ᠲᠣᠬᠢᠷᠠᠭᠤᠯᠵᠤ᠂ ᠨᠡᠪᠲᠡᠷᠡᠬᠦ ᠬᠥᠮᠥᠰ ᠲᠤ ᠪᠡᠶ᠎ᠡ ᠶᠢᠨ ᠳᠤᠯᠠᠭᠠᠨ ᠢ ᠲᠦᠷᠭᠡᠨ ᠪᠥᠭᠡᠳ ᠣᠨᠣᠪᠴᠢᠲᠠᠶ ᠬᠢᠨᠠᠨ ᠬᠡᠮᠵᠢᠵᠦ᠂ ᠸᠢᠷᠦ᠋ᠰ ᠬᠠᠯᠳᠠᠪᠤᠷᠢᠯᠠᠬᠤ ᠳᠠᠯᠳᠠ ᠲᠦᠭᠰᠢᠭᠦᠷᠢ ᠶᠢ ᠬᠠᠮᠤᠭ ᠤᠨ ᠲᠡᠷᠢᠭᠦᠨ ᠳᠤ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ ᠪᠣᠯᠣᠨ᠎ᠠ᠃ ᠨᠢᠭᠡᠳᠦᠭᠡᠷ ᠳᠠᠪᠬᠤᠷᠯᠢᠭ ᠤᠨ ᠡᠯᠧᠺᠲᠷᠣᠨ ᠳᠡᠯᠭᠡᠴᠡᠨ ᠳᠤ ᠰᠢᠨ᠎ᠡ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠬᠠᠯᠳᠠᠪᠤᠷᠢᠯᠠᠯ ᠤᠨ ᠸᠢᠳᠢᠤ᠋ ᠶᠢ ᠡᠳᠦᠷ ᠪᠦᠷᠢ ᠦᠷᠭᠦᠯᠵᠢᠯᠡᠨ ᠨᠠᠪᠲᠠᠷᠡᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠬᠠᠯᠠᠭᠤᠨ ᠳᠣᠲᠣᠨᠣ ᠪᠠᠷ ᠰᠠᠨᠠᠭᠤᠯᠵᠤ᠂ ᠣᠯᠠᠨ ᠲᠦᠮᠡᠨ ᠵᠢᠴᠢ ᠠᠵᠢᠯᠲᠠᠨ ᠢ ᠬᠥᠲᠥᠯᠥᠨ ᠵᠢᠯᠤᠭᠤᠳᠴᠤ ᠪᠠᠶᠢᠭᠠᠳ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠯᠭᠡᠨ᠎ᠡ᠃ ᠡᠭᠦᠨ ᠢᠶᠠᠷ ᠪᠠᠷᠠᠬᠤ ᠦᠭᠡᠢ᠂ ᠲᠣᠭᠲᠠᠬᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠪᠠᠰᠠ ᠲᠢᠩᠬᠢᠮ ᠤᠨ ᠳᠣᠲᠣᠷᠠᠬᠢ ᠠᠷᠢᠭᠤᠨ ᠴᠡᠪᠡᠷ ᠪᠠ ᠠᠷᠢᠭᠤᠳᠬᠠᠬᠤ ᠠᠵᠢᠯ ᠢ ᠴᠢᠩᠭᠠᠳᠬᠠᠵᠤ᠂ ᠡᠳᠦᠷ ᠪᠦᠷᠢ ᠲᠣᠭᠲᠠᠭᠰᠠᠨ ᠴᠠᠭ ᠲᠤ ᠴᠣᠩᠬᠤ᠂ ᠴᠠᠬᠢᠯᠭᠠᠨ ᠱᠠᠲᠤ᠂ ᠬᠤᠩᠭᠢᠯ ᠵᠡᠷᠭᠡ ᠣᠯᠠᠨ ᠨᠡᠶᠢᠲᠡ ᠶᠢᠨ ᠣᠷᠣᠨ ᠪᠦᠰᠡ ᠶᠢ ᠰᠦᠷᠴᠢᠨ ᠠᠷᠢᠭᠤᠳᠬᠠᠳᠠᠭ᠃      ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠲᠤᠭᠳᠠᠬᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠪᠦᠭᠦ ᠺᠠᠳ᠋ᠷ ᠠᠵᠢᠯᠲᠠᠳ ᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢᠨ ᠳᠤ ᠲᠣᠮᠢᠯᠠᠵᠠᠢ᠂ ᠲᠡᠳᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠥᠪᠡᠷ ᠤᠨ ᠲᠤᠬᠠᠶᠢᠯᠠᠭᠰᠠᠨ ᠠᠵᠢᠯ ᠢᠶᠠᠨ ᠴᠤ ᠣᠷᠬᠢᠭᠳᠠᠭᠤᠯᠤᠭᠰᠠᠨ ᠦᠭᠡᠢ᠂ ︽ᠠᠷᠠᠳ ᠲᠦᠮᠡᠨ ᠢᠶᠠᠷ ᠭᠤᠣᠯ ᠪᠣᠯᠭᠠᠬᠤ︾ ᠦᠢᠯᠡᠴᠢᠯᠡᠭᠡᠨ ᠤ ᠤᠬᠠᠮᠰᠠᠷ ᠢ ᠪᠤᠢ ᠪᠣᠯᠭᠠᠵᠤ᠂ ᠥᠨᠳᠥᠷ ᠪᠦᠲᠦᠮᠵᠢᠲᠡᠶ ᠴᠢᠨᠠᠷ ᠰᠠᠶᠢᠲᠠᠢ ᠬᠢᠨᠠᠨ ᠵᠥᠪᠰᠢᠶᠡᠷᠡᠬᠦ ᠦᠢᠯᠡᠴᠢᠯᠡᠭᠡ ᠪᠠᠷ ᠬᠢᠵᠢᠭ ᠤᠨ ᠪᠠᠶᠢᠳᠠᠯ ᠢ ᠬᠤᠷᠢᠭᠯᠠᠨ ᠴᠣᠬᠢᠬᠤ ᠲᠠᠶᠢᠨ ᠤ ᠢᠯᠠᠯᠲᠠ ᠶᠢ ᠣᠯᠬᠤ ᠳᠤ ᠬᠦᠴᠦᠨ ᠴᠢᠳᠠᠯ ᠢᠶᠠᠨ ᠡᠷᠭᠦᠵᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1