ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠠᠵᠤ ᠠᠬᠤᠶᠢᠯᠠᠯ ᠳᠤ ᠠᠰᠢᠭᠲᠠᠢ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠲᠣᠭᠲᠠᠭᠠᠬᠤ ᠪᠠᠷ ᠳᠠᠮᠵᠢᠭᠤᠯᠤᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠤᠨ ᠲᠤᠬᠠᠢ ᠶᠡᠭᠡ ᠶᠠᠷᠢᠯᠴᠠᠭᠠᠨ ᠤ ᠠᠵᠢᠯᠯᠠᠭ᠎ᠠ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2022/3/24
      ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ︾ ᠶᠡᠭᠡ ᠶᠠᠷᠢᠯᠴᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠠᠵᠤ ᠠᠬᠤᠶᠢᠯᠠᠯ ᠪᠠ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠡᠭᠦᠰᠬᠡᠯ ᠪᠠ ᠲᠡᠭᠦᠰᠬᠡᠯ ᠪᠣᠯᠭᠠᠵᠤ᠂ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠥᠷᠭᠡᠨ ᠢᠶᠠᠷ ᠢᠳᠬᠠᠯ ᠭᠥᠯᠢᠶᠡᠨ ᠠᠪᠤᠭᠰᠠᠨ ᠪᠥᠭᠡᠳ ᠬᠤᠷᠢᠶᠠᠭᠰᠠᠨ ᠰᠠᠨᠠᠯ ᠪᠠ ᠰᠠᠨᠠᠭᠤᠯᠭ᠎ᠠ ᠶᠢ ᠦᠨᠳᠦᠰᠦᠯᠡᠨ᠂ 16 ᠵᠦᠢᠯ ᠤᠨ ᠠᠵᠤ ᠠᠬᠤᠶᠢᠯᠠᠯ ᠳᠤ ᠠᠰᠢᠭᠲᠠᠢ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠴᠠᠭ ᠲᠤᠬᠠᠢ ᠳᠤᠨᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠠᠷᠢᠭᠤᠯᠲᠠ ᠥᠭᠴᠦ᠂ ᠶᠡᠭᠡ ᠶᠠᠷᠢᠯᠴᠠᠭᠠᠨ ᠤ ᠠᠵᠢᠯᠯᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠠᠬᠢᠭᠤᠯᠵᠠᠢ᠃ ᠡᠨᠡ 16 ᠵᠦᠢᠯ ᠤᠨ ᠠᠵᠤ ᠠᠬᠤᠶᠢᠯᠠᠯ ᠳᠤ ᠠᠰᠢᠭᠲᠠᠢ ᠠᠷᠠᠳ ᠲᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠭᠤᠣᠯᠳᠠᠭᠤ ᠬᠠᠤᠯᠢ ᠶᠣᠰᠣᠭᠠᠷ ᠰᠢᠶᠠᠨ ᠢ ᠵᠠᠰᠠᠬᠤ᠂ ᠣᠯᠠᠨ ᠨᠡᠶᠢᠲᠡ   ᠶᠢᠨ ᠬᠠᠤᠯᠢ ᠴᠠᠭᠠᠵᠠ ᠶᠢᠨ ᠦᠢᠯᠡᠴᠢᠯᠡᠭᠡ᠂ ᠠᠯᠪᠠᠨ ᠭᠡᠷᠡᠴᠢᠯᠡᠭᠡ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ᠂ ᠠᠵᠤ ᠠᠬᠤᠶᠢᠯᠠᠯ ᠳᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠵᠡᠷᠭᠡ ᠠᠷᠪᠠᠨ ᠲᠠᠯ᠎ᠠ ᠠᠴᠠ ᠠᠪᠴᠠᠢ᠃ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠠᠵᠤ ᠠᠬᠤᠶᠢᠯᠠᠯ ᠪᠣᠯᠣᠨ ᠤᠯᠠᠨ ᠲᠦᠮᠡᠨ ᠳᠤ ᠨᠡᠩ ᠤᠯᠠᠨ ᠲᠦᠬᠦᠮ ᠦᠵᠡᠭᠦᠯᠵᠦ᠂ ᠬᠢᠨᠠᠯᠲᠠ ᠲᠠᠯᠪᠢᠭᠤᠯᠬᠤ ᠤᠬᠠᠮᠰᠠᠷ ᠢ ᠪᠤᠢ ᠪᠣᠯᠭᠠᠵᠤ᠂ ᠵᠠᠰᠠᠭ ᠵᠠᠬᠢᠷᠭᠠᠨ ᠤ ᠠᠵᠢᠯᠯᠠᠭ᠎ᠠ ᠶᠢ ᠨᠡᠩ ᠰᠠᠶᠢᠲᠤᠷ ᠵᠢᠷᠤᠮᠵᠢᠭᠤᠯᠵᠤ᠂ ᠬᠡᠷᠡᠭ ᠡᠷᠬᠢᠯᠡᠬᠦ ᠶᠠᠪᠤᠴᠠ ᠶᠢ ᠳᠥᠭᠦᠮᠴᠢᠯᠡᠨ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠢᠳᠡᠪᠬᠢᠲᠡᠢ ᠪᠠᠷ ᠪᠤᠢ ᠪᠣᠯᠭᠠᠵᠤ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠪᠠ᠃
      ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠣᠳᠣᠬᠠᠨ ᠤ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷᠳᠡᠯ᠂ ᠡᠪᠡᠷᠰᠢᠶᠡᠯ᠂ ᠬᠦᠴᠢᠷ ᠠᠰᠠᠭᠤᠳᠠᠯ ᠳᠤ ᠦᠷᠭᠦᠯᠵᠢᠯᠡᠨ ᠭᠦᠨᠵᠡᠭᠡᠢ ᠵᠠᠳᠠᠯᠤᠯᠲᠠ ᠬᠢᠵᠦ ᠰᠤᠳᠤᠯᠤᠨ ᠮᠠᠭᠠᠳᠯᠠᠯᠲᠠ ᠬᠢᠨ᠎ᠡ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠡᠭᠦᠷᠭᠡ ᠴᠢᠳᠠᠪᠬᠢ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠥᠷᠭᠡᠳᠬᠡᠵᠦ᠂ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠬᠡᠷᠡᠭᠴᠡᠭᠡ ᠶᠢ ᠤᠨᠢᠨ ᠳᠡᠭᠡᠷ᠎ᠡ ᠨᠢ ᠡᠵᠡᠮᠳᠡᠵᠦ᠂ ᠦᠢᠯᠡᠴᠢᠯᠡᠭᠡ ᠶᠢ ᠨᠡᠩ ᠤᠷᠢᠳᠴᠢᠯᠠᠨ᠂ ᠨᠡᠩ ᠨᠠᠷᠢᠯᠢᠭ ᠬᠢᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠲᠥᠪ ᠭᠤᠣᠯᠴᠢ ᠰᠢᠳᠤᠷᠭᠤ ᠶᠣᠰᠣᠨ ᠤ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠵᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠨᠡᠩ ᠰᠢᠯᠢᠳᠡᠭ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠢᠯᠡᠴᠢᠯᠡᠭᠡ ᠬᠠᠩᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1