ᠠᠮᠠᠪᠴᠢ ᠵᠡᠭᠦᠭᠰᠡᠨ ᠦᠭᠡᠢ ᠠᠴᠠ ᠪᠤᠯᠵᠦ ᠬᠢᠵᠢᠭ ᠲᠤ ᠨᠡᠷᠪᠡᠭᠳᠡᠪᠡ
ᠨᠡᠶᠢᠲᠡᠯᠡᠭᠰᠡᠨ ᠴᠠᠭ᠄
2022/3/24
      3 ᠳ᠋ᠣᠭᠠᠷ ᠰᠠᠷ᠎ᠠ ᠶᠢᠨ 21 ᠤ ᠡᠳᠦᠷ ᠤᠨ ᠴᠠᠩᠱᠠ ᠬᠤᠲᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠵᠢᠯᠤᠭᠤᠳᠬᠤ ᠭᠠᠵᠠᠷ ᠤᠨ ᠮᠡᠳᠡᠭᠡ ᠠᠴᠠ ᠦᠵᠡᠪᠡᠯ᠂ ᠬᠤᠨᠠᠨ ᠤ ᠴᠠᠩᠱᠠ ᠬᠤᠲᠠ ᠶᠢᠨ ᠹᠦ᠋ ᠷᠦᠩ ᠲᠣᠭᠤᠷᠢᠭ ᠲᠤ ᠬᠢᠵᠢᠭ ᠤᠨ ᠬᠠᠯᠳᠠᠪᠤᠷᠢ ᠠᠪᠤᠬᠰᠠᠨ 1 ᠬᠦᠮᠦᠨ ᠨᠡᠮᠡᠭᠳᠡᠭᠰᠡᠨ ᠪᠠᠶᠢᠨ᠎ᠠ᠃              ᠡᠪᠡᠳᠴᠢᠳᠡᠨ ᠵᠢᠶᠠᠩ ᠣᠪᠣᠭᠲᠤ 3 ᠳ᠋ᠣᠭᠠᠷ ᠰᠠᠷ᠎ᠠ ᠶᠢᠨ 16 ᠤ ᠡᠳᠦᠷ  ᠭᠠᠳᠠᠷ  ᠣᠷᠣᠨ   ᠠᠴᠠ ᠢᠷᠡᠭᠰᠡᠨ ᠡᠪᠡᠳᠴᠢᠳᠡᠨ ᠰᠢᠶᠠ ᠣᠪᠣᠭᠲᠤ ᠲᠠᠢ ᠵᠠᠳᠠᠭᠠᠢ ᠣᠯᠠᠨ ᠨᠡᠶᠢᠲᠡ ᠶᠢᠨ ᠲᠠᠯᠠᠪᠤᠷ ᠲᠤ ᠲᠦᠷ  ᠬᠠᠮᠳᠦ  ᠪᠠᠶᠢᠵᠦ  ᠥᠩᠭᠡᠷᠡᠭᠰᠡᠨ ᠪᠥᠭᠡᠳ ᠬᠤᠶᠠᠭᠤᠯᠠ ᠪᠠᠨ ᠪᠦᠷ ᠠᠮᠠᠪᠴᠢ ᠵᠡᠭᠦᠭᠰᠡᠨ ᠦᠭᠡᠢ ᠪᠠᠷ ᠬᠠᠭᠠᠰ ᠮᠧᠲᠷ ᠤᠨ ᠵᠠᠢ ᠳᠤ ᠵᠦᠷᠢᠵᠦ ᠥᠩᠭᠡᠷᠡᠭᠰᠡᠨ ᠶᠤᠮ ᠪᠠᠶᠢᠨ᠎ᠠ᠃              ᠹᠦ᠋ ᠷᠦᠩ ᠲᠣᠭᠤᠷᠢᠭ ᠤᠨ ᠡᠪᠡᠳᠴᠢᠨ ᠬᠢᠵᠢᠭ ᠢ ᠰᠡᠷᠭᠡᠶᠢᠯᠡᠨ ᠳᠠᠷᠣᠬᠤ ᠲᠥᠪ ᠭᠠᠵᠠᠷ ᠤᠨ ᠲᠤᠰᠬᠠᠢ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠰᠢᠨ᠎ᠡ ᠲᠢᠲᠢᠮᠯᠢᠭ ᠸᠢᠷᠦ᠋ᠰ ᠶᠠᠭᠠᠬᠢᠵᠤ ᠬᠤᠪᠢᠷᠠᠭᠰᠠᠨ ᠴᠤ ᠮᠥᠨ ᠯᠡ ᠠᠭᠠᠷ ᠢᠶᠠᠷ᠂ ᠡᠰᠡᠬᠦᠯ᠎ᠡ ᠬᠦᠷᠦᠯᠴᠡᠬᠦ ᠪᠠᠷ ᠳᠠᠮᠵᠢᠨ ᠬᠠᠯᠳᠠᠪᠤᠷᠢᠯᠠᠨ᠎ᠠ᠃ ᠠᠮᠠᠪᠴᠢ ᠵᠡᠭᠦᠵᠦ᠂ ᠭᠠᠷ ᠢᠶᠠᠨ ᠦᠷᠭᠦᠯᠵᠢ ᠠᠷᠢᠭᠤᠳᠬᠠᠬᠤ᠂ ᠵᠠᠢ ᠪᠠᠨ ᠪᠠᠷᠢᠬᠤ ᠪᠣᠯ  ᠬᠠᠮᠤᠭ ᠤᠨ ᠪᠦᠳᠦᠮᠵᠢᠳᠡᠢ ᠰᠡᠷᠭᠡᠶᠢᠯᠡᠨ ᠬᠠᠮᠠᠭᠠᠯᠠᠬᠤ ᠠᠷᠭ᠎ᠠ ᠮᠥᠨ ᠭᠡᠵᠡᠢ᠃ ︵ᠢᠷᠡᠯᠲᠡ᠄  ᠳᠤᠮᠳᠠᠳᠤ ᠤᠯᠤᠰ ᠤᠨ ᠮᠣᠩᠭᠤᠯ ᠷᠠᠳᠢᠤ᠋ ᠰᠦᠯᠵᠢᠶ᠎ᠡ︶
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1