ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ ᠳᠡᠯᠭᠡᠭᠦᠷ ᠤᠨ ︽ᠬᠠᠷᠠᠭᠤᠯ ᠤᠨ ᠭᠠᠵᠠᠷ︾ ᠤᠨ ᠦᠢᠯᠡᠳᠦᠯ ᠢ ᠴᠢᠩᠭᠠᠳᠬᠠᠵᠤ᠂ ᠡᠯ᠎ᠡ ᠪᠠᠯᠭᠠᠰᠤᠨ ᠳᠤ ︽ᠳᠥᠷᠪᠡᠨ ᠲᠥᠷᠥᠯ ᠤᠨ ᠡᠮ ᠲᠠᠩ︾ ᠤᠨ ᠬᠤᠳᠠᠯᠳᠤᠨ ᠠᠪᠬᠤ ᠮᠡᠳᠡᠭᠡ ᠵᠠᠩᠭᠢ ᠶᠢ 763 ᠵᠤᠷᠪᠤᠰ ᠬᠦᠷᠭᠡᠪᠡ
ᠨᠡᠶᠢᠲᠡᠯᠡᠭᠰᠡᠨ ᠴᠠᠭ᠄
2022/3/25
      ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠨᠡᠶᠢᠲᠡᠯᠡᠭᠰᠡᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠠᠯᠪᠠᠨ ᠵᠠᠷ ︵2022 ᠣᠨ ᠤ 41 ᠳ᠋ᠤᠭᠡᠷ ᠲᠣᠭᠠᠲᠤ︶ ᠤᠨ ︽ᠳᠥᠷᠪᠡᠨ ᠲᠥᠷᠥᠯ ᠤᠨ ᠡᠮ ᠲᠠᠩ︾ ᠤᠨ ᠪᠣᠷᠤᠯᠠᠭᠤᠯᠭ᠎ᠠ ᠳᠤ ᠭᠠᠷᠭᠠᠭᠰᠠᠨ ᠰᠢᠨ᠎ᠡ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠶ᠎ᠠ ᠲᠣᠭᠤᠷᠢᠭ ᠤᠨ ᠡᠮ ᠤᠨ ᠳᠡᠯᠭᠡᠭᠦᠷ ᠤᠨ ︽ᠳᠦᠷᠪᠡᠨ ᠲᠦᠷᠦᠯ ᠤᠨ ᠡᠮ ᠤᠨ ᠵᠦᠢᠯᠡᠰ︾ ᠤᠨ ᠪᠣᠷᠤᠯᠠᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠮ ᠤᠨ ᠳᠡᠯᠭᠡᠭᠦᠷ ᠤᠨ ᠡᠮ ᠬᠤᠳᠠᠯᠳᠤᠨ ᠠᠪᠬᠤ ᠳᠠᠩᠰᠠᠯᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢ ᠱᠠᠯᠠᠪᠳᠠᠭᠤᠯᠬᠤ ᠶᠢᠨ ᠬᠠᠮᠲᠤ ᠬᠤᠳᠠᠯᠳᠤᠨ ᠠᠪᠬᠤ ᠮᠡᠳᠡᠭᠡ ᠵᠠᠩᠭᠢ ᠶᠢ ᠴᠠᠭ ᠲᠤᠬᠠᠢ ᠳᠤᠨᠢ ᠬᠦᠷᠭᠡᠵᠦ᠂ ᠡᠮ ᠤᠨ ᠳᠡᠯᠭᠡᠭᠦᠷ ᠤᠨ ︽ᠬᠠᠷᠠᠭᠤᠯ ᠤᠨ ᠴᠡᠭ︾ ᠤᠨ ᠦᠢᠯᠡᠳᠦᠯ ᠢ ᠭᠦᠢᠴᠡᠳ ᠪᠠᠳᠠᠷᠠᠭᠤᠯᠪᠠ᠃
      ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ ᠳᠡᠯᠭᠡᠭᠦᠷ ᠤᠨ ︽ᠳᠥᠷᠪᠡᠨ ᠲᠥᠷᠥᠯ ᠤᠨ ᠡᠮ ᠲᠠᠩ︾ ᠤᠨ ᠪᠣᠷᠤᠯᠠᠭᠤᠯᠭ᠎ᠠ ᠶᠢᠨ ᠰᠦᠯᠵᠢᠶᠡᠨ ᠳᠡᠭᠡᠷ᠎ᠡ ᠲᠡᠮᠳᠡᠭᠯᠡᠭᠰᠡᠨ ᠮᠡᠳᠡᠭᠡ ᠵᠠᠩᠭᠢ ᠶᠢᠨ ᠬᠠᠷᠢᠭᠤ ᠲᠤᠰᠬᠠᠭᠰᠠᠨ ᠠᠭᠤᠯᠭ᠎ᠠ ᠨᠢ ᠪᠦᠷᠢᠨ ᠪᠤᠰᠤ ᠠᠰᠠᠭᠤᠳᠠᠯ ᠢ ᠴᠠᠭ ᠲᠤᠬᠠᠢ ᠳᠤᠨᠢ ᠵᠠᠳᠠᠯᠤᠨ ᠰᠤᠳᠤᠯᠵᠤ ᠮᠠᠭᠠᠳᠯᠠᠭᠰᠠᠨ ᠪᠥᠭᠡᠳ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠷᠢᠭᠤ ᠮᠡᠳᠡᠭᠦᠯᠦᠯᠲᠡ ᠬᠢᠵᠦ ᠵᠣᠯᠭᠠᠭᠤᠯᠪᠠ᠃ 3 ᠳ᠋ᠤᠭᠠᠷ ᠰᠠᠷ᠎ᠠ ᠶᠢᠨ 21 ᠤ ᠦᠳᠡ ᠶᠢᠨ ᠬᠤᠶᠢᠨ᠎ᠠ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠦᠬᠦ ᠰᠢᠶᠠᠨ ᠤ ᠡᠮ ᠤᠨ ᠳᠡᠯᠭᠡᠭᠦᠷ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠬᠢᠯᠭᠡᠵᠦ᠂ ︽ᠳᠥᠷᠪᠡᠨ ᠲᠥᠷᠥᠯ ᠤᠨ ᠡᠮ ᠲᠠᠩ︾ ᠢ ᠦᠨᠡᠨ ᠨᠡᠷ᠎ᠡ ᠪᠠᠷ ᠳᠠᠩᠰᠠᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠭᠰᠡᠨ ᠪᠥᠭᠡᠳ ᠰᠢᠶᠠᠩ ᠪᠠᠯᠭᠠᠰᠤ ᠶᠢᠨ ᠶᠣᠰᠣᠭᠠᠷ ᠭᠠᠷ ᠤᠷᠠᠯᠠᠯ ᠤᠨ ᠪᠦᠷᠢᠳᠬᠡᠯ ᠤᠨ ᠬᠦᠰᠦᠨᠦᠭ ᠪᠠᠭᠤᠯᠭᠠᠵᠤ᠂ ᠡᠮ ᠤᠨ ᠳᠡᠯᠭᠡᠭᠦᠷ ᠢ ︽ᠳᠥᠷᠪᠡᠨ ᠲᠥᠷᠥᠯ ᠤᠨ ᠡᠮ ᠲᠠᠩ︾ ᠢ ᠬᠤᠳᠠᠯᠳᠤᠨ ᠠᠪᠬᠤ ᠬᠥᠮᠥᠰ ᠢ ᠣᠳᠣ ᠶᠢᠨ ᠰᠠᠭᠤᠭ᠎ᠠ ᠭᠠᠵᠠᠷ ᠤᠨ ᠬᠢᠨᠢ ᠶᠣᠰᠣᠭᠠᠷ ᠲᠤᠰ ᠲᠤᠰ ᠳᠠᠩᠰᠠᠯᠠᠨ ᠲᠡᠮᠳᠡᠭᠯᠡᠬᠦ ᠶᠢᠨ ᠬᠠᠮᠲᠤ ᠡᠳᠦᠷ ᠪᠦᠷᠢ ᠶᠢᠨ ᠦᠳᠡ ᠶᠢᠨ ᠬᠤᠶᠢᠨᠠᠬᠢ 5 ᠴᠠᠭ ᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠡᠮ ᠤᠨ ᠳᠡᠯᠭᠡᠭᠦᠷ ᠤᠨ ᠬᠠᠮᠢᠶᠠᠷᠤᠨ ᠡᠵᠡᠮᠳᠡᠬᠦ ᠲᠤᠰᠬᠠᠢ ᠠᠩᠭᠢ ᠳᠤ ᠮᠡᠳᠡᠭᠦᠯᠦᠨ ᠬᠦᠷᠭᠡᠬᠦ ᠬᠡᠷᠡᠭᠲᠡᠢ ᠭᠡᠵᠦ ᠱᠠᠭᠠᠷᠳᠠᠵᠠᠢ᠃ ᠲᠣᠰ ᠲᠣᠪᠴᠢᠶ᠎ᠠ ᠡᠮᠬᠢᠯᠡᠨ ᠬᠤᠷᠢᠶᠠᠩᠭᠤᠶᠢᠯᠠᠭᠰᠠᠨ ᠤ ᠳᠠᠷᠠᠭ᠎ᠠ ᠴᠠᠭ ᠲᠤᠬᠠᠢ ᠳᠤᠨᠢ ᠡᠯ᠎ᠡ ᠪᠠᠯᠭᠠᠰᠤᠨ ᠳᠤ ᠬᠦᠷᠭᠡᠵᠦ ᠬᠤᠯᠪᠣᠭᠳᠠᠯ ᠪᠦᠬᠦᠢ ᠪᠠᠶᠢᠳᠠᠯ ᠢ ᠬᠠᠷᠭᠤᠭᠤᠯᠤᠨ ᠪᠠᠶᠢᠴᠠᠭᠠᠯᠭᠠᠵᠤ᠂ ᠡᠳᠦᠷ ᠤᠨ ᠳᠠᠩᠰᠠᠯᠠᠯᠲᠠ᠂ ᠡᠳᠦᠷ ᠤᠨ ᠬᠦᠷᠭᠡᠯᠲᠡ ᠶᠢ ᠦᠨᠡᠨ ᠬᠦ ᠪᠠᠲᠤᠯᠠᠵᠤ᠂ ᠡᠮ ᠤᠨ ᠳᠡᠯᠭᠡᠭᠦᠷ ᠤᠨ ︽ᠬᠠᠷᠠᠭᠤᠯ ᠤᠨ ᠭᠠᠵᠠᠷ︾ ᠤᠨ ᠦᠢᠯᠡᠳᠦᠯ ᠢ ᠦᠨᠡᠨ ᠬᠦ ᠪᠠᠳᠠᠷᠠᠭᠤᠯᠪᠠ᠃
     ᠱᠤᠸᠠᠩ ᠾᠧ ᠪᠠᠯᠭᠠᠰᠤᠨ ᠤ ᠨᠢᠭᠡᠨ ᠡᠮ ᠤᠨ ᠳᠡᠯᠭᠡᠭᠦᠷ ᠲᠤ ᠣᠷᠣᠵᠤ ᠵᠣᠭᠤᠰ ᠬᠤᠷᠢᠶᠠᠬᠤ ᠭᠠᠵᠠᠷ ᠤᠨ ᠬᠠᠮᠤᠭ ᠤᠨ ᠢᠯᠡ ᠭᠠᠵᠠᠷ ᠲᠤ ︽ᠳᠥᠷᠪᠡᠨ ᠲᠥᠷᠥᠯ ᠤᠨ ᠡᠮ ᠲᠠᠩ︾ ᠢ ᠬᠤᠳᠠᠯᠳᠤᠨ ᠠᠪᠬᠤ ᠳᠠᠩᠰᠠᠯᠠᠯᠲᠠ ᠶᠢᠨ ᠬᠤᠶᠠᠷ ᠬᠡᠮᠵᠢᠯᠳᠦ ᠺᠤᠳ᠋ ᠨᠠᠭᠠᠵᠠᠢ᠃ ᠡᠮ ᠤᠨ ᠳᠡᠯᠭᠡᠭᠦᠷ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠬᠤᠲᠠ ᠶᠢᠨ ᠠᠷᠠᠳ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠤᠭᠠᠬᠤ᠂ ᠬᠠᠯᠳᠠᠪᠤᠷᠢᠯᠠᠯ ᠢ ᠡᠰᠡᠷᠭᠦᠴᠡᠬᠦ᠂ ᠬᠤᠭᠤᠯᠠᠢ ᠬᠠᠲᠠᠵᠤ ᠬᠤᠭᠤᠯᠠᠢ ᠡᠪᠡᠳᠬᠦ ᠶᠢ ᠵᠠᠰᠠᠬᠤ ᠵᠡᠷᠭᠡ ᠳᠥᠷᠪᠡᠨ ᠲᠥᠷᠥᠯ ᠤᠨ ᠡᠮ ᠢ ᠬᠤᠳᠠᠯᠳᠤᠨ ᠠᠪᠴᠤ ᠪᠠᠶᠢᠨ᠎ᠠ᠃ ᠴᠥᠮ ᠬᠥᠬᠡᠬᠤᠲᠠ ᠶᠢᠨ ᠳ᠋ᠤᠭᠠᠷ ᠤᠨ ᠰᠢᠷᠪᠢᠯᠲᠡ ᠪᠠᠷ ᠬᠥᠬᠡᠬᠤᠲᠠ ᠶᠢᠨ ᠳ᠋ᠤᠭᠠᠷ ᠤᠨ ᠰᠦᠯᠵᠢᠶᠡᠨ ᠳᠡᠭᠡᠷ᠎ᠡ ᠪᠦᠷᠢᠳᠬᠡᠭᠦᠯᠬᠦ ᠬᠡᠷᠡᠭᠲᠡᠢ ᠪᠥᠭᠡᠳ ᠣᠲᠣ ᠶᠢᠨ ᠰᠠᠭᠤᠭ᠎ᠠ ᠭᠠᠵᠠᠷ ᠤᠨ ᠬᠠᠷᠢᠶ᠎ᠠ ᠰᠢᠶᠠᠩ ᠪᠠᠯᠭᠠᠰᠤ ᠶᠢᠨ ᠣᠪᠣᠭ ᠨᠡᠷ᠎ᠡ᠂ ᠭᠠᠷ ᠤᠲᠠᠰᠤᠨ ᠤ ᠳ᠋ᠤᠭᠠᠷ᠂ ᠪᠡᠶ᠎ᠡ ᠶᠢᠨ ᠦᠨᠡᠮᠯᠡᠯ ᠤᠨ ᠳ᠋ᠤᠭᠠᠷ᠂ ᠣᠲᠣ ᠶᠢᠨ ᠰᠠᠭᠤᠵᠤ ᠪᠠᠶᠢᠭ᠎ᠠ ᠬᠠᠶ᠋ᠢᠭ ᠢ ᠪᠦᠷᠢᠳᠬᠡᠭᠦᠯᠬᠦ ᠬᠡᠷᠡᠭᠲᠡᠢ᠂ ᠬᠡᠷᠪᠡ ᠥᠪᠡᠷ ᠤᠨ ᠪᠡᠶ᠎ᠡ ᠳᠡᠭᠡᠨ ᠡᠮ ᠬᠤᠳᠠᠯᠳᠤᠨ ᠠᠪᠴᠤ ᠥᠭᠭᠦᠭᠰᠡᠨ ᠦᠭᠡᠢ ᠪᠣᠯ ᠡᠮ ᠬᠡᠷᠡᠭᠯᠡᠭᠴᠢ ᠶᠢᠨ ᠣᠪᠣᠭ ᠨᠡᠷ᠎ᠡ᠂ ᠭᠠᠷ ᠤᠲᠠᠰᠤᠨ ᠤ ᠳ᠋ᠤᠭᠠᠷ ᠵᠢᠴᠢ ᠡᠮ ᠬᠡᠷᠡᠭᠯᠡᠭᠴᠢ ᠶᠢᠨ ᠣᠲᠣ ᠶᠢᠨ ᠰᠠᠭᠤᠵᠤ ᠪᠠᠶᠢᠭ᠎ᠠ ᠬᠠᠶ᠋ᠢᠭ ᠢ ᠲᠠᠭᠯᠠᠵᠤ ᠪᠢᠴᠢᠬᠦ ᠬᠡᠷᠡᠭᠲᠡᠢ ᠭᠡᠵᠦ ᠱᠠᠭᠠᠷᠳᠠᠪᠠ᠃
     ᠥᠨᠥᠳᠥᠷ ᠤᠨ ᠦᠳᠡ ᠶᠢᠨ ᠬᠤᠶᠢᠨᠠᠬᠢ 5᠄ 00 ᠪᠣᠯᠲᠠᠯ᠎ᠠ᠂ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠯ᠎ᠡ ᠰᠢᠶᠠᠩ ᠪᠠᠯᠭᠠᠰᠤᠨ ᠤ ᠬᠤᠳᠠᠯᠳᠤᠨ ᠠᠪᠤᠭᠰᠠᠨ ︽ᠳᠥᠷᠪᠡᠨ ᠲᠥᠷᠥᠯ ᠤᠨ ᠡᠮ︾ ᠤᠨ ᠮᠡᠳᠡᠭᠡ ᠵᠠᠩᠭᠢ ᠶᠢ ᠨᠡᠶᠢᠲᠡ 763 ᠵᠤᠷᠪᠤᠰ ᠬᠦᠷᠭᠡᠵᠦ᠂ ᠡᠮ ᠤᠨ ᠳᠡᠯᠭᠡᠭᠦᠷ ᠤᠨ ︽ᠬᠠᠷᠠᠭᠤᠯ ᠤᠨ ᠭᠠᠵᠠᠷ︾ ᠤᠨ ᠦᠢᠯᠡᠳᠦᠯ ᠢ ᠦᠨᠡᠨ ᠬᠦ ᠪᠠᠳᠠᠷᠠᠭᠤᠯᠪᠠ᠃      ᠲᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠳᠥᠷᠪᠡᠨ ᠲᠥᠷᠥᠯ ᠤᠨ ᠡᠮ ︾ ᠤᠨ ᠪᠣᠷᠤᠯᠠᠭᠤᠯᠭ᠎ᠠ ᠶᠢᠨ ᠳᠠᠩᠰᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠭᠠᠳᠠᠨ᠎ᠠ ᠠᠴᠠ ᠬᠠᠯᠳᠠᠪᠦᠷᠢᠯᠠᠬᠤ ᠶᠢ ᠰᠡᠷᠭᠡᠶᠢᠯᠡᠬᠦ ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ᠂ ᠬᠥᠮᠥᠨ ᠪᠤᠳᠠᠰ ᠢ ᠬᠠᠮᠲᠤ ᠳᠤᠨᠢ ᠰᠡᠷᠭᠡᠶᠢᠯᠡᠬᠦ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠤᠨ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠠᠷᠠᠭᠤᠯ ᠤᠨ ᠴᠡᠭ ᠤᠨ ᠦᠢᠯᠡᠳᠦᠯ ᠢ ᠪᠥᠬᠦ ᠲᠠᠯ᠎ᠠ ᠪᠠᠷ ᠪᠠᠳᠠᠷᠠᠭᠤᠯᠵᠤ᠂ ︽ᠬᠢᠵᠢᠭ︾ ᠦᠭᠡᠢ ᠰᠢᠶᠠᠨ ᠤ ᠬᠤᠲᠠ ᠶᠢ ᠰᠠᠶᠢᠲᠤᠷ ᠰᠠᠬᠢᠨ ᠬᠠᠮᠠᠭᠠᠯᠠᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1