ᠮᠠᠨ ᠤ ᠰᠢᠶᠠᠨ ᠦᠪᠡᠳᠡᠭᠰᠢ ᠶᠡᠭᠡ ᠤᠭᠲᠤᠬᠤ ᠶᠣᠰᠣᠯᠠᠯ ᠶᠠᠪᠤᠭᠤᠯᠵᠤ᠂ ᠬᠤᠲᠣᠩ ᠦᠨᠳᠦᠰᠦᠲᠡᠨ ᠤ ᠲᠣᠭᠤᠷᠢᠭ ᠤᠨ ᠬᠢᠵᠢᠭ  ᠢ ᠡᠰᠡᠷᠭᠦᠴᠡᠬᠦ ᠡᠮᠴᠢᠯᠡᠭᠡᠨ ᠤ ᠠᠩᠭᠢ  ᠶᠢᠨ ᠢᠯᠠᠯᠲᠠ ᠲᠠᠢ ᠪᠠᠷ ᠪᠤᠴᠠᠵᠤ ᠢᠷᠡᠬᠦ  ᠶᠢ ᠤᠭᠳᠤᠪᠠ
ᠨᠡᠶᠢᠲᠡᠯᠡᠭᠰᠡᠨ ᠴᠠᠭ᠄
2022/3/25
      3 ᠳ᠋ᠤᠭᠠᠷ ᠰᠠᠷ᠎ᠠ ᠶᠢᠨ 24 ᠤ ᠡᠳᠦᠷ᠂ ᠮᠠᠨ ᠤ ᠰᠢᠶᠠᠨ ᠦᠪᠡᠳᠡᠭᠰᠢ ᠶᠡᠭᠡ ᠪᠠᠷ ᠤᠭᠲᠤᠬᠤ ᠶᠣᠰᠣᠯᠠᠯ ᠶᠠᠪᠤᠭᠤᠯᠵᠤ᠂ ᠬᠤᠲᠣᠩ ᠦᠨᠳᠦᠰᠦᠲᠡᠨ ᠤ ᠲᠣᠭᠤᠷᠢᠭ ᠤᠨ ᠬᠢᠵᠢᠭ ᠢ ᠡᠰᠡᠷᠭᠦᠴᠡᠬᠦ ᠡᠮᠨᠡᠯᠭᠡ ᠶᠢᠨ ᠠᠩᠭᠢ ᠶᠢᠨ ᠢᠯᠠᠯᠲᠠ ᠲᠠᠢ ᠪᠠᠷ ᠪᠤᠴᠠᠵᠤ ᠢᠷᠡᠬᠦ ᠶᠢ ᠤᠭᠲᠤᠪᠠ᠃      ᠶᠦᠨ ᠷᠦᠢ ᠵᠢᠶᠦ᠋ᠨ᠂ ᠸᠠᠩ ᠮᠢᠩ ᠵᠡᠷᠭᠡ ᠰᠢᠶᠠᠨ ᠤ ᠤᠳᠤᠷᠢᠳᠤᠯᠭ᠎ᠠ ᠤᠭᠲᠤᠬᠤ ᠶᠣᠰᠣᠯᠠᠯ ᠳᠤ ᠣᠷᠣᠯᠴᠠᠭᠰᠠᠨ ᠪᠥᠭᠡᠳ ᠡᠮ ᠡᠮᠨᠡᠯᠭᠡ ᠶᠢᠨ ᠠᠩᠭᠢ ᠶᠢᠨ ᠭᠡᠰᠢᠭᠦᠳ ᠲᠤ ᠰᠣᠷᠭᠤᠭ ᠴᠡᠴᠡᠭ ᠬᠦᠷᠭᠡᠪᠡ᠃ ᠰᠢᠶᠠᠨ ᠤ ᠳᠡᠳ᠋ ᠳᠠᠷᠤᠭ᠎ᠠ ᠶᠠᠩ ᠶᠢᠨ ᠤᠭᠲᠤᠬᠤ ᠶᠣᠰᠣᠯᠠᠯ ᠢ ᠡᠷᠭᠢᠯᠡᠪᠡ᠃
     ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠭᠤᠣ ᠬᠠᠨ ᠶᠠᠷᠢᠶ᠎ᠠ ᠲᠠᠯᠪᠢᠬᠤ ᠳᠠᠭᠠᠨ᠂ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠪᠣᠯᠣᠨ ᠪᠦᠬᠦ ᠰᠢᠶᠠᠨ ᠤ ᠠᠷᠠᠳ ᠲᠦᠮᠡᠨ ᠤ ᠡᠮᠦᠨ᠎ᠡ ᠠᠴᠠ ᠭᠡᠰᠢᠭᠦᠳ ᠪᠣᠯᠣᠨ ᠲᠡᠳᠡᠨ ᠤ ᠭᠡᠷ ᠤᠨ ᠬᠥᠮᠥᠰ ᠲᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠪᠣᠯᠣᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ ᠭᠡᠵᠡᠢ᠃᡽ᠲᠡᠷᠡ᠂ ᠡᠨᠡ ᠵᠢᠯ ᠤᠨ ᠴᠠᠭᠠᠨ ᠰᠠᠷ᠎ᠠ ᠳᠤ ᠬᠥᠬᠡᠬᠤᠲᠠ ᠳᠤ ᠭᠡᠨᠡᠳᠲᠡ ᠬᠢᠵᠢᠭ ᠤᠨ ᠪᠠᠶᠢᠳᠠᠯ ᠭᠠᠷᠴᠤ᠂ ᠪᠥᠬᠦ ᠬᠤᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠢᠭᠯᠠᠨ ᠴᠣᠬᠢᠬᠤ ᠲᠡᠶᠢᠨ ᠤ ᠢᠯᠠᠯᠲᠠ ᠶᠢ ᠣᠯᠬᠤ ᠳᠤ ᠬᠠᠮᠤᠭ ᠤᠨ ᠬᠦᠴᠢᠷᠲᠡᠢ ᠴᠠᠭ ᠮᠥᠴᠡ ᠳᠤ᠂ ᠡᠮᠴᠢᠯᠡᠭᠡᠨ ᠤ ᠠᠩᠭᠢ ᠶᠢᠨ ᠭᠡᠰᠢᠭᠦᠳ ᠲᠣᠭᠲᠠᠬᠤ ᠰᠢᠶᠠᠨ ᠢ ᠲᠥᠯᠥᠭᠡᠯᠡᠨ ᠬᠢᠵᠢᠭ ᠤᠨ ᠪᠠᠶᠢᠳᠠᠯ ᠤᠨ ᠬᠠᠮᠤᠭ ᠤᠨ ᠬᠡᠷᠡᠭᠴᠡᠭᠡ ᠲᠠᠢ᠂ ᠬᠠᠮᠤᠭ ᠤᠨ ᠠᠶᠤᠯ ᠲᠠᠢ ᠭᠠᠵᠠᠷ ᠲᠤ ᠬᠦᠷᠴᠦ ᠲᠡᠶᠢᠨ ᠳᠤ ᠣᠷᠣᠯᠴᠠᠵᠠᠢ᠂ ᠲᠠᠳᠠ ᠪᠣᠯ ᠲᠣᠭᠲᠠᠬᠤ ᠰᠢᠶᠠᠨ ᠤ ᠰᠢᠯᠢᠳᠡᠭ ᠦᠷ᠎ᠡ ᠬᠡᠦᠬᠡᠳ ᠮᠥᠨ᠂ ᠲᠣᠭᠲᠠᠬᠤ ᠰᠢᠶᠠᠨ ᠤ ᠣᠮᠣᠭᠰᠢᠯ ᠮᠥᠨ᠃ ᠬᠤᠶᠢᠰᠢᠳᠠ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤᠯᠠᠨ ᠤ ᠦᠰᠦᠨ ᠪᠤᠶᠢᠵᠢᠯᠲᠠ ᠪᠠ ᠬᠥᠭᠵᠢᠯᠲᠡ ᠶᠢ ᠦᠷᠭᠦᠯᠵᠢᠯᠡᠨ ᠠᠩᠬᠠᠷᠬᠤ ᠪᠣᠯᠣᠨ᠎ᠠ᠃ ᠤᠯᠠᠨ ᠢᠶᠠᠷ ᠢᠶᠠᠨ ᠰᠠᠶᠢᠲᠤᠷ ᠠᠮᠠᠷᠠᠵᠤ᠂ ᠲᠠᠮᠢᠷ ᠲᠡᠩᠬᠡᠭᠡ ᠪᠠᠨ ᠬᠤᠷᠠᠮᠳᠤᠭᠤᠯᠵᠤ᠂ ᠪᠡᠶ᠎ᠡ ᠮᠠᠬᠠᠪᠤᠳ ᠪᠠ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠰᠠᠶᠢᠲᠤᠷ ᠲᠣᠬᠢᠷᠠᠭᠤᠯᠵᠤ᠂ ᠨᠡᠩ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠵᠢᠯ ᠤᠨ ᠪᠠᠶᠢᠷᠢ ᠳᠠᠭᠠᠨ ᠪᠤᠴᠠᠵᠤ᠂ ᠠᠷᠠᠳ ᠤᠯᠠᠨ ᠤ ᠡᠷᠡᠭᠦᠯ ᠮᠡᠨᠳᠤ ᠶᠢ ᠬᠠᠮᠠᠭᠠᠯᠠᠵᠤ᠂ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1