ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2022 ᠣᠨ ᠤ ᠬᠤᠶᠠᠳᠤᠭᠠᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2022/3/25
      3 ᠳ᠋ᠤᠭᠠᠷ ᠰᠠᠷ᠎ᠠ ᠶᠢᠨ 24  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2022 ᠣᠨ ᠤ ᠬᠤᠶᠠᠳᠤᠭᠠᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠬᠢᠵᠦ᠂ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠰᠣᠯᠢᠯᠴᠠᠭ᠎ᠠ ᠥᠷᠨᠢᠭᠦᠯᠵᠡᠢ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠸᠠᠩ ᠮᠢᠩ᠂ ᠯᠢᠦ ᡁᠢ ᠴᠢᠶᠠᠩ᠂ ᠭᠤᠤ ᠬᠠᠨ᠂ ᠵᠢᠢ ᠶᠠ ᠨᠠᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠨᠥᠬᠦᠳ ᠪᠢᠴᠢᠭ ᠢᠶᠠᠷ ᠶᠠᠷᠢᠶ᠎ᠠ ᠲᠠᠯᠪᠢᠵᠠᠢ᠃ ᠤᠯᠠᠨ ᠢᠶᠠᠷ ᠢᠶᠠᠨ ᠮᠠᠨ ᠤ ᠰᠢᠶᠠᠨ ᠤ ᠪᠣᠳᠠᠲᠤ ᠪᠠᠶᠢᠳᠠᠯ ᠪᠠ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ᠂ ᠲᠠᠨᠢᠯᠲᠠ᠂ ᠣᠶᠢᠯᠠᠭᠠᠯᠲᠠ ᠪᠠᠨ ᠶᠠᠷᠢᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃      ᠬᠤᠷᠠᠯ ᠠᠴᠠ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ︽ᠬᠤᠶᠠᠷ ᠢ ᠲᠣᠭᠲᠠᠭᠠᠭᠰᠠᠨ︾ ᠢ  ᠬᠦᠷᠢᠶᠡᠯᠡᠬᠦ᠂ ︽ᠬᠤᠶᠠᠷ ᠢ ᠬᠦᠷᠢᠶᠡᠯᠡᠬᠦ︾ ᠶᠢ ᠦᠢᠯᠡᠳᠦᠯᠭᠡᠵᠢᠭᠦᠯᠬᠦ ᠳᠡᠭᠡᠷ᠎ᠡ ᠨᠢᠭᠡᠳᠬᠡᠵᠦ᠂ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠳᠠᠶᠢᠴᠢᠯᠠᠵᠤ ᠦᠳᠲᠡᠷ ᠲᠦᠷᠭᠡᠨ ᠤᠯᠠᠮᠵᠢᠯᠠᠨ ᠰᠤᠷᠤᠯᠴᠠᠭᠤᠯᠵᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠰᠤᠷᠤᠯᠴᠠᠨ ᠲᠤᠤᠱᠯᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠲᠣᠭᠲᠠᠬᠤ ᠰᠢᠶᠠᠨ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠣᠳᠠᠲᠤ ᠦᠷ᠎ᠡ ᠪᠦᠲᠦᠮᠵᠢ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶᠠᠨ ᠤ ᠬᠠᠶᠢᠷ᠎ᠠ ᠬᠠᠯᠠᠮᠵᠢ ᠶᠢ ᠬᠠᠷᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠲᠣᠭᠲᠠᠬᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ︽ᠲᠠᠪᠤᠨ ᠵᠠᠪᠠᠯ ᠶᠠᠪᠤᠬᠤ ᠵᠠᠮ︾ ᠤᠨ ᠴᠢᠬᠤᠯᠠ ᠲᠠᠨᠢᠯᠲᠠ ᠶᠢ ᠭᠦᠨᠵᠡᠭᠡᠢ ᠣᠶᠢᠯᠠᠭᠠᠵᠤ᠂ ᠵᠣᠷᠢᠭ ᠢᠶᠠᠨ ᠦᠯᠦ ᠬᠤᠪᠢᠷᠠᠭᠤᠯᠬᠤ᠂ ᠶᠣᠰᠣ ᠪᠠᠨ ᠦᠯᠦ ᠬᠤᠪᠢᠷᠠᠭᠤᠯᠬᠤ ᠢᠲᠡᠭᠡᠯ ᠵᠣᠷᠢᠭ ᠢᠶᠠᠨ ᠦᠨᠡᠨᠬᠦ ᠴᠢᠩᠭᠠᠳᠬᠠᠬᠤ ᠬᠡᠷᠡᠭᠲᠡᠢ︔ ᠤᠯᠤᠰ ᠲᠦᠷᠦ ᠶᠢᠨ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠶᠢᠨ ᠥᠨᠳᠥᠷᠴᠡ  ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠠᠵᠢᠯ ᠢ ᠰᠠᠶᠢᠲᠤᠷ ᠬᠢᠬᠦ ᠬᠡᠷᠡᠭᠲᠡᠢ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ︽ᠨᠡᠭᠦᠷᠡᠰᠦᠲᠥ᠋ᠷᠥᠭᠴᠢ ᠶᠢᠨ ᠤᠷᠬᠢᠯ ᠳᠤ ᠬᠦᠷᠬᠦ︾ ︽ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯᠲᠠ︾ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠠᠵᠢᠯ ᠬᠢᠵᠦ ᠦᠢᠯᠡᠰ ᠪᠣᠰᠬᠠᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠬᠢᠵᠦ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1