ᠲᠣᠭᠲᠠᠬᠤ ᠰᠢᠶᠠᠨ᠄ ᠤᠬᠠᠭᠤᠯᠤᠨ ᠵᠢᠯᠤᠭᠤᠳᠬᠤ ᠪᠠᠨ ᠴᠢᠩᠭᠠᠳᠬᠠᠵᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/3/27
      ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠬᠦ ᠶᠢ ᠳᠠᠭᠠᠯᠳᠤᠨ᠂ ᠬᠠᠪᠤᠷ ᠤᠨ ᠲᠠᠷᠢᠶᠠᠯᠠᠭ᠎ᠠ ᠴᠤ ᠤᠳᠠᠯ ᠦᠭᠡᠢ ᠡᠬᠢᠯᠡᠬᠦ ᠪᠣᠯᠣᠨ᠎ᠠ᠃ ᠲᠤᠭᠳᠠᠬᠤ ᠰᠢᠶᠠᠨ ᠲᠠᠷᠢᠶᠠᠯᠠᠬᠤ ᠶᠢ ᠵᠠᠪᠳᠤᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠡᠮᠦᠨᠡᠬᠢ ᠬᠤᠭᠤᠴᠠᠭᠠᠨ ᠤ ᠤᠬᠠᠭᠤᠯᠭ᠎ᠠ ᠶᠢᠨ ᠠᠵᠢᠯ ᠢ ᠢᠳᠡᠪᠬᠢᠲᠡᠢ ᠥᠷᠨᠢᠭᠦᠯᠵᠦ᠂ ᠬᠦᠷ ᠬᠥᠭᠵᠢᠶᠡᠨ ᠲᠠᠢ ︽ᠬᠠᠪᠤᠷ ᠤᠨ ᠲᠠᠷᠢᠶᠠᠯᠠᠭ᠎ᠠ ᠶᠢᠨ ᠵᠢᠷᠤᠭ︾ ᠬᠠᠲᠤᠨ ᠭᠤᠣᠯ ᠤᠨ ᠰᠠᠶᠢᠷᠭᠠᠯ ᠣᠷᠣᠨ ᠳᠤ ᠶᠠᠪᠤᠭᠳᠠᠵᠤ ᠪᠠᠶᠢᠯ᠎ᠠ᠃      ᠠᠮᠢ ᠠᠬᠤᠢ ᠶᠢᠨ ᠭᠡᠷ ᠣᠷᠣᠨ ᠢᠶᠠᠨ ᠲᠦᠷᠭᠡᠨ ᠪᠦᠲᠦᠭᠡᠨ ᠪᠠᠶᠢᠭᠤᠯᠬᠤ ᠶᠢᠨ ᠲᠥᠯᠥᠭᠡ᠂ ᠬᠠᠲᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠭᠢᠯ ᠤᠨ ᠢᠨᠵᠧᠨᠧᠷᠢᠩ ᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠶᠢᠨ ᠲᠦᠯᠦᠭᠡ᠂ ᠲᠤᠭᠳᠠᠬᠤ ᠰᠢᠶᠠᠨ ᠤ ᠬᠢᠨ ᠬᠠᠲᠤᠨ ᠭᠤᠣᠯ ᠤᠨ ᠰᠠᠶᠢᠷᠭᠠᠯ ᠣᠷᠣᠨ ᠤ ᠬᠤᠶᠢᠰᠢᠳᠠ ᠶᠢᠨ ᠨᠡᠯᠢᠶᠡᠳ ᠤᠷᠲᠤ ᠬᠤᠭᠤᠴᠠᠭᠠᠨ ᠳᠤ ᠳᠠᠷᠢᠵᠤ ᠲᠡᠵᠢᠭᠡᠨ ᠦᠷᠡᠵᠢᠭᠦᠯᠬᠦ ᠡᠷᠦᠬᠡ ᠶᠢᠨ ᠣᠶᠢᠯᠠᠭᠠᠵᠤ ᠮᠡᠳᠡᠬᠦ ᠶᠣᠰᠣᠲᠠᠢ ᠠᠷᠪᠠᠨ ᠵᠦᠢᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠬᠤᠷᠢᠶᠠᠩᠭᠤᠶᠢᠯᠠᠨ ᠡᠮᠬᠢᠳᠬᠡᠵᠦ᠂ ᠭᠤᠣᠯ ᠤᠨ ᠭᠤᠯᠳᠤᠷᠢᠯ ᠤᠨ ᠣᠷᠣᠨ᠂ ᠰᠠᠶᠢᠷᠭᠠᠯ ᠤᠨ ᠣᠷᠣᠨ᠂ ᠥᠨᠳᠥᠷ ᠲᠠᠩ ᠤᠨ ᠣᠷᠣᠨ ᠤ ᠲᠣᠭᠤᠷᠢᠨ ᠳᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠵᠤ᠂ ᠲᠠᠷᠢᠶᠠᠨ ᠡᠮ᠂ ᠬᠢᠮᠢ ᠶᠢᠨ ᠪᠣᠷᠳᠣᠭᠤᠷ᠂ ᠰᠦᠯᠢᠶᠥᠦ ᠪᠦᠷᠬᠦᠪᠴᠢ ᠵᠡᠷᠭᠡ ᠲᠠᠷᠢᠶᠠᠯᠠᠩ ᠤᠨ ᠮᠠᠰᠢᠨ ᠤ ᠬᠡᠷᠡᠭᠯᠡᠭᠡ᠂ ᠮᠠᠯ ᠵᠢᠭᠦᠷᠲᠡᠨ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢᠨ ᠲᠣᠭᠲᠠᠭᠠᠯ ᠵᠡᠷᠭᠡ ᠶᠢ ᠤᠬᠠᠭᠤᠯᠭ᠎ᠠ ᠶᠢᠨ ᠲᠡᠷᠭᠡ᠂ ᠡᠯᠭᠦᠭᠡ ᠪᠢᠴᠢᠭᠡᠰᠦ᠂ ᠲᠣᠮᠣ ᠪᠦᠷᠢᠶ᠎ᠡ᠂ ᠵᠠᠷᠯᠠᠯ ᠵᠡᠷᠭᠡ ᠬᠡᠯᠪᠡᠷᠢ ᠪᠠᠷ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠴᠤ ᠬᠠᠮᠠᠭᠠᠯᠠᠬᠤ ᠲᠥᠪ ᠤᠨ ᠾᠧ ᠺᠧᠦ ᠲᠣᠰᠬᠤᠨ᠂ ᠰᠢᠶᠠ ᠲᠠᠨ ᠲᠣᠰᠬᠤᠨ᠂ ᠯᠢᠦ ᠯᠢᠨ ᠲᠠᠨ ᠲᠣᠰᠬᠤᠨ ᠂ ᠱᠢ ᠰᠧ ᠹᠧᠨ ᠲᠣᠰᠬᠤᠨ ᠵᠡᠷᠭᠡ ᠬᠠᠳᠤᠨ ᠭᠤᠣᠯ ᠳᠠᠭᠠᠤ ᠶᠢᠨ ᠲᠣᠰᠬᠤᠨ ᠳᠤ ᠥᠷᠭᠡᠨ ᠢᠶᠠᠷ ᠤᠬᠠᠭᠤᠯᠵᠤ᠂ ᠬᠠᠮᠤᠭ ᠤᠨ ᠲᠡᠷᠢᠭᠦᠨ ᠳᠤ ᠬᠠᠳᠤᠨ ᠭᠤᠣᠯ ᠳᠠᠭᠠᠤ ᠣᠷᠣᠨ ᠤ ᠲᠦᠷᠦ ᠶᠢᠨ ᠪᠣᠳᠣᠯᠭ᠎ᠠ ᠶᠢ ᠲᠠᠷᠢᠶᠠᠴᠢᠳ ᠲᠤ ᠳᠠᠮᠵᠢᠭᠤᠯᠪᠠ᠃ ᠡᠭᠦᠨ ᠠᠴᠠ ᠭᠠᠳᠠᠨ᠎ᠠ᠂ ᠲᠤᠭᠳᠠᠬᠤ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡ ᠥᠷᠨᠢᠭᠦᠯᠵᠦ᠂ ᠬᠠᠲᠤᠨ ᠭᠤᠣᠯ ᠤᠨ ᠲᠠᠩ ᠭᠠᠵᠠᠷ ᠤᠨ ᠲᠠᠷᠢᠶᠠᠴᠢᠨ ᠡᠷᠦᠬᠡ ᠶᠢ ᠵᠢᠯᠣᠭᠤᠳᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠬᠢᠯᠭᠡᠵᠡᠢ᠃      ᠨᠢᠭᠡ ᠵᠢᠯ ᠤᠨ ᠲᠠᠷᠢᠶᠠᠯᠠᠩ ᠤᠨ ᠠᠵᠢᠯ ᠬᠠᠪᠤᠷ ᠤᠨ ᠲᠠᠷᠢᠶᠠᠯᠠᠭ᠎ᠠ ᠳᠤ ᠶᠠᠪᠤᠭᠳᠠᠨ᠎ᠠ᠃ ᠲᠤᠭᠳᠠᠬᠤ ᠰᠢᠶᠠᠨ ᠠᠰᠢᠭᠲᠠᠢ ᠴᠠᠭ ᠲᠣᠬᠢᠶᠠᠯ ᠢ ᠠᠮᠵᠢᠨ᠂ ᠡᠷᠲᠡ ᠠᠴᠠ ᠲᠥᠯᠥᠪᠯᠡᠵᠦ᠂ ᠡᠷᠲᠡ ᠠᠴᠠ ᠲᠣᠬᠢᠷᠠᠭᠤᠯᠵᠤ᠂ ᠬᠠᠲᠤᠨ ᠭᠤᠣᠯ ᠤᠨ ᠰᠠᠶᠢᠷᠭᠠᠯ ᠳᠠᠭᠠᠤ ᠣᠷᠣᠨ ᠤ ᠲᠠᠷᠢᠶᠠᠴᠢᠨ ᠡᠷᠦᠬᠡ ᠳᠤ ᠬᠠᠲᠤᠨ ᠭᠤᠣᠯ ᠤᠨ ᠰᠠᠶᠢᠷᠭᠠᠯ ᠳᠠᠭᠠᠤ ᠣᠷᠣᠨ ᠤ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠵᠠᠰᠠᠬᠤ ᠪᠠ ᠴᠢᠨᠠᠷ ᠰᠠᠶᠢᠲᠠᠢ ᠬᠥᠭᠵᠢᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠪᠦᠬᠦ ᠲᠠᠯ᠎ᠠ ᠪᠠᠷ ᠣᠶᠢᠯᠠᠭᠠᠭᠤᠯᠵᠤ᠂ ᠤᠯᠠᠨ ᠲᠦᠮᠡᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠦᠵᠡᠯᠲᠡ ᠶᠢ ᠨᠢ ᠬᠤᠪᠢᠷᠠᠭᠤᠯᠵᠤ᠂ ᠲᠠᠩ ᠭᠠᠵᠠᠷ ᠤᠨ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠬᠤᠪᠢᠷᠠᠭᠤᠯᠵᠤ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠦᠯᠢᠭᠡᠷ ᠳᠠᠭᠤᠷᠢᠶᠠᠯ ᠣᠷᠣᠨ ᠢ ᠰᠠᠶᠢᠲᠤᠷ ᠪᠠᠶᠢᠭᠤᠯᠵᠤ᠂ ᠪᠦᠬᠦ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠪᠠᠷ ᠴᠢᠷᠮᠠᠶᠢᠵᠦ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1