ᠲᠣᠭᠯᠠᠭᠠᠮ ᠨᠢ ᠪᠠᠷᠢᠮᠵᠢᠶ᠎ᠠ ᠠᠴᠠ 70 ᠳᠠᠬᠢᠨ ᠬᠡᠲᠦᠷᠡᠵᠡᠶ︕ ᠮᠢᠩᠭᠠᠨ ᠳ᠋ᠦᠩᠰᠢᠭᠤᠷ ᠲᠥᠭᠦᠷᠢᠭ ᠤᠨ | ᠬᠡᠪᠴᠢᠶᠡᠲᠦ ᠵᠠᠬ᠎ᠠ ᠳᠡᠯᠭᠡᠭᠦᠷ ᠤᠨ ᠶᠠᠰᠤ ᠴᠢᠨᠠᠷ ᠲᠤ ᠬᠡᠷᠬᠢᠨ ᠬᠦᠩᠭᠡᠨ ᠬᠠᠭᠤᠮᠠᠭᠠᠢ ᠬᠠᠨᠳᠤᠵᠤ ᠪᠣᠯᠬᠤ ᠪᠤᠢ︖ | | ᠬᠡᠦᠬᠡᠳ ᠪᠦᠷ ᠡᠯ᠎ᠡ ᠵᠦᠢᠯ ᠤᠨ ᠲᠣᠭᠯᠠᠭᠠᠮ ᠨᠠᠭᠠᠳᠬᠤ ᠳᠤᠷᠠᠲᠠᠢ᠂ ᠢᠯᠠᠩᠭᠤᠶ᠎ᠠ ᠨᠢᠯᠬ᠎ᠠ ᠬᠡᠦᠬᠡᠳ ᠪᠠᠰᠠ | ᠲᠣᠭᠯᠠᠭᠠᠮ ᠢᠶᠠᠨ ᠬᠠᠵᠠᠵᠤ ᠬᠡᠮᠡᠯᠢᠲᠡᠭ᠂ ᠭᠡᠬᠦ ᠳᠡᠭᠡᠨ ᠲᠣᠭᠯᠠᠭᠠᠮ ᠳᠤ ᠣᠷᠣᠰᠢᠵᠤ ᠪᠠᠶᠢᠭ᠎ᠠ ᠠᠮᠤᠷ ᠲᠦᠪᠰᠢᠨ | ᠪᠤᠰᠤ ᠠᠰᠠᠭᠤᠳᠠᠯ ᠨᠢ ᠬᠥᠮᠦᠰ ᠢ ᠲᠦᠢᠯ ᠢᠶᠠᠷ ᠰᠠᠨᠠᠭ᠎ᠠ ᠵᠣᠪᠠᠭᠤᠯᠳᠠᠭ᠃ | ᠵᠢᠶᠠᠩᠰᠦ ᠮᠤᠵᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠬᠡᠨ ᠨᠢᠭᠡ | ᠪᠦᠯᠦᠭ ᠠᠳᠠᠯᠢ ᠪᠤᠰᠤ ᠲᠥᠷᠥᠯ ᠤᠨ ᠨᠠᠭᠠᠳᠤᠮ ᠤᠨ ᠵᠥᠢᠯ ᠳᠤ ᠬᠢᠨᠠᠯᠲᠠ ᠲᠠᠯᠪᠢᠵᠤ ᠰᠣᠩᠭᠤᠨ ᠪᠠᠶᠢᠴᠠᠭᠠᠭᠰᠠᠨ | ᠦᠷ᠎ᠡ ᠳ᠋ᠦᠩ ᠢ ᠨᠡᠶᠢᠲᠡᠯᠡᠪᠡ᠂ ᠰᠤᠷᠪᠤᠯᠵᠢᠯᠠᠭᠴᠢ ᠰᠤᠷᠪᠤᠯᠵᠢᠯᠠᠭ᠎ᠠ ᠶᠢᠨ ᠳᠤᠮᠳᠠ ᠣᠯᠵᠤ ᠮᠡᠳᠡᠭᠰᠡᠨ ᠨᠢ᠂ ᠡᠨᠡ | ᠤᠳᠠᠭᠠᠨ ᠤ ᠨᠠᠭᠠᠳᠤᠮ ᠤᠨ ᠵᠥᠢᠯ ᠳᠤ ᠰᠦᠯᠢᠶᠣᠣ ᠴᠠᠪᠠᠤᠯᠢᠭ ᠨᠠᠭᠠᠳᠤᠮ ᠪᠠ ᠬᠡᠤᠬᠡᠯᠳᠡᠶ ᠨᠠᠭᠠᠳᠤᠮ ᠤᠨ ᠵᠥᠢᠯ | ᠭᠡᠬᠦ ᠬᠤᠶᠠᠷ ᠶᠡᠭᠡ ᠲᠥᠷᠥᠯ ᠤᠨ ᠪᠦᠲᠦᠭᠡᠭᠳᠡᠬᠦᠨ ᠤ ᠬᠡᠪᠰᠢᠭᠦᠯᠦᠭᠴᠢ ᠡᠳ᠋ ᠨᠢ ᠤᠯᠤᠰ ᠤᠨ ᠬᠤᠯᠪᠣᠭᠳᠠᠯ ᠪᠥᠬᠦᠶ | ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠪᠠᠶᠢᠨ᠎ᠠ᠃ ᠣᠶᠢᠯᠠᠭᠠᠭᠰᠠᠨ ᠢᠶᠠᠷ᠂ ᠡᠨᠡ ᠤᠳᠠᠭᠠᠨ ᠤ | ᠰᠤᠩᠭᠤᠨ ᠪᠠᠶᠢᠴᠠᠭᠠᠯᠲᠠ ᠳᠤ ᠢᠯᠡᠷᠡᠭᠦᠯᠦᠭᠰᠡᠨ ᠬᠡᠪᠰᠢᠭᠦᠯᠦᠭᠴᠢ ᠡᠳ᠋ ᠤᠨ ᠪᠠᠷᠢᠮᠵᠢᠶ᠎ᠠ ᠠᠴᠠ ᠬᠡᠲᠦᠷᠡᠭᠰᠡᠨ | ᠲᠣᠭᠯᠠᠭᠠᠮ ᠤᠨ ᠵᠥᠢᠯ ᠠᠴᠠ ᠦᠵᠡᠪᠡᠯ᠂ ᠬᠡᠦᠬᠡᠳ ᠲᠣᠭᠯᠠᠭᠠᠮ ᠨᠠᠭᠠᠳᠴᠤ ᠪᠠᠶᠢᠬᠤ ᠳᠠᠭᠠᠨ ᠲᠣᠭᠯᠠᠭᠠᠮ ᠢ | ᠲᠡᠮᠲᠡᠷᠢᠬᠦ᠂ ᠲᠣᠭᠯᠠᠭᠠᠮ ᠬᠡᠮᠡᠯᠢᠬᠦ ᠳᠤ ᠴᠥᠮ ᠬᠡᠪᠰᠢᠭᠦᠯᠦᠭᠴᠢ ᠡᠳ᠋ ᠤᠨ ᠰᠢᠯᠵᠢᠯᠲᠡ ᠡᠭᠦᠰᠴᠦ᠂ ᠬᠡᠦᠬᠡᠳ ᠤᠨ | ᠰᠢᠩᠭᠡᠭᠡᠯᠲᠡ ᠶᠢᠨ ᠵᠠᠮ ᠢᠶᠠᠷ ᠳᠡᠮᠵᠢᠨ ᠪᠡᠶ᠎ᠡ ᠳᠣᠲᠣᠷ᠎ᠠ ᠣᠷᠣᠵᠤ ᠮᠡᠳᠡᠨ᠎ᠡ᠃ ᠰᠦᠯᠢᠶᠣᠣ ᠡᠳ᠋ ᠪᠠᠷᠢᠮᠵᠢᠶ᠎ᠠ ᠠᠴᠠ | ᠬᠡᠲᠦᠷᠡᠭᠰᠡᠨ ᠲᠣᠭᠯᠠᠭᠠᠮ ᠬᠡᠦᠬᠡᠳ ᠤᠨ ᠦᠷᠡᠵᠢᠯ ᠤᠨ ᠡᠷᠬᠡᠲᠡᠨ ᠪᠠ ᠪᠤᠶᠢᠵᠢᠯᠲᠠ ᠵᠡᠷᠭᠡ ᠡᠷᠡᠭᠦᠯ ᠮᠡᠨᠳᠦ ᠶᠢᠨ | ᠲᠠᠯ᠎ᠠ ᠳᠤ ᠠᠰᠢᠭ ᠦᠭᠡᠢ ᠨᠥᠯᠥᠭᠡ ᠦᠵᠡᠭᠦᠯᠵᠦ ᠮᠡᠳᠡᠨ᠎ᠡ ᠭᠡᠳᠡᠭ ᠢ ᠰᠤᠳᠤᠯᠭᠠᠨ ᠬᠠᠷᠠᠭᠤᠯᠵᠤ ᠪᠠᠶᠢᠨ᠎ᠠ᠃ | ᠲᠤᠰᠬᠠᠶ ᠮᠡᠷᠭᠡᠵᠢᠯᠲᠡᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠦᠷᠡᠵᠢᠯ ᠤᠨ ᠡᠷᠬᠡᠲᠡᠨ ᠤ ᠡᠷᠡᠭᠦᠯ | ᠮᠡᠨᠳᠦ ᠶᠢᠨ ᠲᠠᠯ᠎ᠠ ᠠᠴᠠ ᠭᠠᠳᠠᠨ᠎ᠠ᠂ ᠰᠤᠳᠤᠯᠭᠠᠨ ᠳᠤ ᠪᠠᠰᠠ ᠬᠡᠪᠰᠢᠭᠦᠯᠦᠭᠴᠢ ᠡᠳ᠋ ᠤᠨ ᠠᠭᠤᠯᠤᠭᠳᠠᠴᠠ ᠬᠡᠲᠦ | ᠥᠨᠳᠥᠷ ᠪᠠᠶᠢᠬᠤ ᠨᠢ ᠪᠠᠰᠠ ᠬᠡᠦᠬᠡᠳ ᠤᠨ ᠳᠣᠲᠣᠭᠠᠳᠤ ᠱᠦᠬᠦᠷᠡᠯ ᠤ᠊ ᠰᠢᠰᠲ᠋ᠧᠮ᠂ ᠮᠡᠳᠡᠷᠡᠯ ᠤᠨ ᠰᠢᠰᠲ᠋ᠧᠮ ᠪᠠ | ᠡᠭᠡᠯᠢᠯᠡᠭᠡ ᠶᠢᠨ ᠴᠢᠳᠠᠮᠵᠢ ᠶᠢᠨ ᠰᠢᠰᠲ᠋ᠧᠮ ᠵᠡᠷᠭᠡ ᠳᠤ ᠬᠤᠤᠷ ᠬᠥᠨᠥᠭᠡᠯ ᠤᠴᠠᠷᠠᠭᠤᠯᠵᠤ ᠮᠡᠳᠡᠨ᠎ᠡ᠃ | ᠣᠶᠢᠯᠠᠭᠠᠭᠰᠠᠨ ᠢᠶᠠᠷ᠂ ᠮᠠᠨ ᠤ ᠤᠯᠤᠰ ᠪᠣᠯ ᠳᠡᠯᠡᠬᠡᠶ ᠳᠡᠭᠡᠷᠡᠬᠢ ᠨᠠᠭᠠᠳᠤᠮ ᠤᠨ ᠵᠥᠢᠯ ᠦᠢᠯᠡᠳᠬᠦ | ᠬᠠᠮᠤᠭ ᠤᠨ ᠲᠣᠮᠣ ᠤᠯᠤᠰ ᠮᠥᠨ᠂ ᠵᠢᠯ ᠤᠨ ᠦᠢᠯᠡᠳᠭᠦᠨ ᠤ ᠥᠷᠲᠡᠭ ᠨᠢ 1000 ᠭᠠᠷᠤᠶ ᠳ᠋ᠦᠩᠰᠢᠭᠤᠷ | ᠲᠥᠭᠦᠷᠢᠭ ᠲᠤ ᠬᠦᠷᠴᠦ᠂ ᠮᠠᠨ ᠤ ᠤᠯᠤᠰ ᠤᠨ ᠨᠠᠭᠠᠳᠤᠮ ᠤᠨ ᠵᠦᠢᠯ ᠤᠨ ᠠᠵᠤ ᠠᠬᠤᠶᠢᠯᠠᠯ ᠣᠳᠣᠬᠠᠨ ᠳᠤ 2 | ᠲᠦᠮᠡ ᠶᠢ ᠳᠠᠪᠠᠵᠤ ᠪᠠᠶᠢᠨ᠎ᠠ᠂ ᠰᠤᠷᠪᠤᠯᠵᠢᠯᠠᠭᠴᠢ ᠪᠠᠶᠢᠴᠠᠭᠠᠯᠲᠠ ᠶᠢᠨ ᠳᠤᠮᠳᠠ ᠪᠠᠨ ᠵᠠᠷᠢᠮ ᠬᠢᠷᠢ ᠲᠡᠩᠴᠡᠭᠦ ᠥᠬᠡᠶ | ᠨᠠᠭᠠᠳᠤᠮ ᠤᠨ ᠵᠦᠢᠯ ᠠᠴᠠ ᠪᠣᠯᠤᠭᠰᠠᠨ ᠬᠡᠦᠬᠡᠳ ᠤᠨ ᠰᠠᠨᠠᠭᠠᠨ ᠳᠤ ᠥᠬᠡᠶ ᠰᠢᠷᠬᠠᠲᠤᠯ ᠪᠠᠶᠢᠨ ᠳᠠᠬᠢᠨ ᠡᠭᠦᠰᠴᠦ | ᠪᠠᠶᠢᠬᠤ ᠶᠢ ᠣᠯᠵᠤ ᠬᠠᠷᠠᠯ᠎ᠠ᠂ ᠪᠦᠷᠢᠳᠬᠡᠯ ᠳᠤ ᠢᠯᠡᠷᠡᠭᠦᠯᠦᠭᠰᠡᠨ ᠢᠶᠠᠷ᠂ ᠭᠡᠨᠡᠳᠲᠡ ᠶᠢᠨ ᠰᠢᠷᠬᠠᠲᠤᠯ ᠪᠣᠯ 0— | 14 ᠨᠠᠰᠤᠨ ᠤ ᠬᠡᠦᠬᠡᠳ ᠤᠨ ᠬᠠᠮᠤᠭ ᠤᠨ ᠴᠢᠬᠤᠯᠠ ᠰᠢᠷᠬᠠᠲᠤᠯ ᠤᠨ ᠰᠢᠯᠲᠠᠭᠠᠨ ᠪᠣᠯᠤᠨ᠎ᠠ᠂ ᠬᠡᠦᠬᠡᠳ ᠵᠢᠵᠢᠭ | ᠰᠡᠯᠪᠢᠭ ᠲᠤᠨᠤᠭ ᠢ ᠠᠳᠡᠭᠦᠷᠡᠨ ᠢᠳᠡᠬᠦ ᠪᠤᠶᠤ ᠠᠳᠡᠭᠦᠷᠡᠨ ᠵᠠᠯᠭᠢᠭᠠᠳ ᠬᠠᠭ᠋ᠠᠬᠤ ᠵᠡᠷᠭᠡ ᠠᠴᠠ ᠪᠣᠯᠤᠭᠰᠠᠨ | ᠰᠢᠷᠬᠠᠲᠤᠯ ᠤᠨ ᠬᠠᠷᠢᠴᠠᠯ ᠨᠢ 53 . 23 % ᠳᠤ ᠬᠦᠷᠴᠡᠶ᠃ | ᠲᠣᠭᠯᠠᠭᠠᠮ ᠪᠣᠯ ᠬᠡᠦᠬᠡᠳ ᠢ ᠪᠠᠶᠠᠷ ᠬᠥᠷ ᠲᠠᠢ ᠨᠠᠭᠠᠳᠤᠭᠤᠯᠵᠤ᠂ ᠤᠬᠠᠭᠠᠨ ᠪᠢᠯᠢᠭ ᠢ ᠨᠢ ᠨᠡᠬᠡᠭᠲᠡᠬᠦᠯᠬᠦ | ᠶᠢᠨ ᠲᠦᠯᠦᠭᠡ ᠪᠠᠶᠢᠵᠤ ᠲᠠᠭᠠᠷᠠᠨ᠎ᠠ᠂ ᠬᠠᠷᠢᠨ ᠬᠤᠣᠷ ᠬᠥᠨᠥᠭᠡᠯ ᠠᠪᠴᠢᠷᠠᠵᠦ ᠪᠤᠯᠠᠤ ᠦᠭᠡᠢ᠃ ᠬᠡᠦᠬᠡᠳ ᠤᠨ | ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠬᠤ ᠪᠣᠯ ᠨᠠᠰᠤᠨ ᠳᠤ ᠬᠦᠷᠦᠭᠰᠡᠳ ᠤᠨ ᠳᠠᠷᠬᠠᠨ ᠡᠭᠦᠷᠭᠡ᠂ | ᠪᠦᠲᠦᠭᠡᠭᠳᠡᠬᠦᠨ ᠤ ᠴᠢᠨᠠᠷ ᠢ ᠪᠠᠲᠤᠯᠠᠬᠤ ᠪᠣᠯ ᠠᠵᠤ ᠠᠬᠤᠢᠯᠠᠯ ᠤᠨ ᠳᠠᠷᠬᠠᠨ ᠡᠭᠦᠷᠭᠡ᠃ ᠣᠳᠣᠬᠠᠨ ᠳᠤ ᠮᠠᠨ ᠤ | ᠤᠯᠤᠰ ᠤᠨ ᠲᠣᠭᠯᠠᠭᠠᠮ ᠤᠨ ᠵᠥᠢᠯ ᠤᠨ ᠵᠢᠯ ᠤᠨᠦᠢᠯᠡᠳᠬᠦᠨ ᠤ ᠥᠷᠲᠡᠭ 1000 ᠭᠠᠷᠤᠶ ᠳ᠋ᠦᠩᠰᠢᠭᠤᠷ | ᠲᠥᠭᠦᠷᠢᠭ ᠲᠤ ᠬᠦᠷᠴᠦ ᠪᠠᠶᠢᠨ᠎ᠠ᠂ ᠡᠨᠡ ᠪᠣᠯ ᠨᠢᠭᠡᠨ ᠯᠤᠲᠤ ᠶᠡᠭᠡ ᠵᠠᠬ᠎ᠠ ᠳᠡᠯᠭᠡᠭᠦᠷ ᠮᠥᠨ᠂ ᠮᠢᠩᠭᠠᠨ | ᠳ᠋ᠦᠩᠰᠢᠭᠤᠷ ᠤᠨ ᠬᠡᠪᠴᠢᠶᠡᠲᠦ ᠵᠠᠬ᠎ᠠ ᠳᠡᠯᠭᠡᠭᠦᠷ ᠪᠣᠯᠬᠤᠷ ᠶᠠᠰᠤ ᠴᠢᠨᠠᠷ ᠲᠤ ᠤᠬᠲᠤ ᠬᠦᠩᠭᠡᠨ ᠬᠠᠭᠤᠮᠠᠭᠠᠢ | ᠬᠠᠨᠳᠤᠵᠤ ᠪᠣᠯᠬᠤ ᠥᠬᠡᠶ᠃ | |