ᠯᠢ ᠴᠦᠨ ᠶᠠᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠭᠤᠤᠯ ᠮᠦᠷᠡᠨ ᠳᠤ ᠳᠤ ᠵᠤᠷᠰᠢᠯᠳᠦ ᠲᠣᠭᠤᠷᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/3/29
      3 ᠳ᠋ᠤᠭᠠᠷ ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠮᠠᠨ ᠤ ᠰᠢᠶᠠᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠭᠤᠣᠯ ᠮᠥᠷᠡᠨ ᠳᠤ ᠵᠤᠷᠰᠢᠯᠳᠦ ᠲᠣᠭᠤᠷᠢᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠳᠤᠨ ᠭᠤᠣᠯ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠵᠤ᠂ ᠬᠠᠳᠤᠨ ᠭᠤᠣᠯ ᠳᠠᠭᠠᠤ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠠᠯᠬᠤᠴᠠ ᠶᠢ ᠲᠦᠷᠭᠡᠳᠬᠡᠬᠦ ᠬᠡᠷᠡᠭᠲᠡᠢ ᠭᠡᠪᠡ᠃      ᠯᠢ ᠴᠦᠨ ᠶᠠᠨ ᠤᠷᠢᠳ ᠬᠤᠵᠢᠳ ᠬᠠᠲᠤᠨ ᠭᠤᠣᠯ ᠤᠨ ᠱᠢ ᠰᠧ ᠹᠧᠨ ᠽᠢ ᠶᠢᠨ ᠠᠶᠤᠯᠲᠠᠢ ᠪᠠᠷᠢᠯᠭ᠎ᠠ ᠶᠢᠨ ᠬᠡᠰᠡᠭ᠂ ᠤᠯᠤᠰ ᠤᠨ ᠡᠵᠡᠮᠳᠡᠯᠳᠦ ᠬᠠᠳᠤᠨ ᠭᠤᠣᠯ ᠤᠨ ᠤᠰᠤᠨ ᠤ ᠴᠢᠨᠠᠷ ᠢ ᠬᠢᠨᠠᠨ ᠬᠡᠮᠵᠢᠬᠦ ᠦᠷᠳᠡᠭᠡ᠂ ᠲᠣᠭᠲᠠᠬᠤ ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠤᠨ ᠲᠦᠷᠦᠯ ᠵᠦᠢᠯ ᠤᠨ ᠲᠣᠭᠤᠷᠢᠭ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃
     ᠯᠢ ᠴᠦᠨ ᠶᠠᠨ ᠴᠢᠬᠤᠯᠠᠴᠢᠯᠠᠭᠰᠠᠨ ᠨᠢ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯ ᠰᠢ ᠶᠢᠨ ᠫᠢᠩ ᠶᠡᠷᠦᠩᠬᠡᠢ ᠱᠦᠵᠢ ᠪᠣᠯᠣᠨ ᠨᠠᠮ ᠤᠨ ᠲᠥᠪ ᠬᠤᠷᠢᠶᠠᠨ ᠤ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ︽ᠤᠯᠤᠰ ᠤᠨ ᠲᠣᠮᠣ ᠡᠲᠡᠭᠡᠳ︾ ᠮᠥᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠪᠣᠯ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠰᠠᠨᠠᠭᠠᠴᠢᠯᠠᠵᠤ᠂ ᠪᠡᠶ᠎ᠡ ᠪᠠᠷ ᠢᠶᠠᠨ ᠠᠬᠢᠭᠤᠯᠤᠭᠰᠠᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ  ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ  ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠪ ᠴᠢᠩᠭ᠎ᠠ ᠴᠢᠨᠠᠷ᠂ ᠬᠠᠲᠠᠭᠤᠵᠢᠯᠲᠤ ᠴᠢᠨᠠᠷ ᠪᠣᠯᠣᠨ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠰᠢᠯᠲᠠᠭ ᠡᠷᠢᠬᠦ ᠦᠭᠡᠢ᠂ ᠨᠥᠬᠦᠴᠡᠯ ᠢ ᠡᠷᠬᠢᠮᠯᠡᠬᠦ ᠦᠭᠡᠢ᠂ ᠦᠨ᠎ᠡ ᠲᠥᠯᠥᠪᠦᠷᠢ ᠶᠢ ᠦᠯᠦ ᠬᠠᠶᠢᠬᠤᠷᠤᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠵᠦ᠂ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃      ᠯᠢ ᠴᠦᠨ ᠶᠠᠨ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠨ ᠂ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠨ ᠳᠢᠭᠯᠡᠵᠦ᠂ ᠡᠬᠡ ᠲᠠᠩᠰᠠ ᠪᠠᠶᠢᠭᠤᠯᠤᠨ᠂ ᠬᠠᠤᠯᠢ ᠲᠣᠭᠲᠠᠭᠠᠯ ᠶᠣᠰᠣᠭᠠᠷ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠨᠢ ᠬᠠᠰᠤᠬᠤ ᠬᠡᠷᠡᠭᠲᠡᠢ᠃ ᠲᠠᠩ ᠭᠠᠵᠠᠷ ᠤᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ᠂ ᠲᠠᠷᠢᠮᠠᠯ ᠢ ᠴᠡᠪᠡᠷᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠵᠢᠷᠤᠮᠵᠢᠯ ᠲᠠᠢ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠬᠡᠷᠡᠭᠵᠢᠭᠦᠯᠵᠦ᠂ ᠭᠤᠣᠯ ᠤᠨ ᠭᠤᠯᠳᠤᠷᠢᠯ ᠪᠠ ᠭᠤᠣᠯ ᠤᠨ ᠡᠷᠭᠢ ᠶᠢᠨ ᠣᠷᠴᠢᠨ ᠠᠬᠤᠢ ᠶᠢᠨ ᠵᠠᠰᠠᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠤᠰᠤᠨ ᠤ ᠣᠷᠴᠢᠨ ᠠᠬᠤᠢ ᠶᠢᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠵᠢᠷᠤᠭᠯᠠᠬᠤ ᠬᠡᠷᠡᠭᠲᠡᠢ ᠃ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠢᠨᠠᠨ ᠵᠢᠯᠤᠭᠤᠳᠴᠤ ᠦᠷ᠎ᠡ ᠪᠦᠲᠦᠮᠵᠢ ᠣᠯᠬᠤ ᠶᠢ ᠴᠢᠩᠭᠠᠳᠬᠠᠨ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠲᠤᠭᠳᠠᠬᠤ ᠰᠢᠶᠠᠨ ᠤ ᠬᠥᠬᠡ ᠤᠰᠤ ᠬᠥᠬᠡᠮᠳᠦᠭ ᠣᠭᠲᠠᠷᠭᠤᠢ ᠶᠢ ᠰᠠᠬᠢᠨ ᠬᠠᠮᠠᠭᠠᠯᠠᠵᠤ᠂ ᠤᠯᠠᠨ ᠲᠦᠮᠡᠨ ᠳᠤ ᠨᠡᠩ ᠤᠯᠠᠨ ᠠᠮᠢ ᠠᠬᠤᠢ ᠶᠢᠨ ᠣᠷᠴᠢᠨ ᠲᠣᠭᠤᠷᠢᠨ ᠤ ᠬᠦᠷᠲᠡᠮᠵᠢ ᠶᠢᠨ ᠲᠥᠷᠥᠭᠳᠡᠯ ᠲᠠᠢ ᠪᠣᠯᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1