ᠯᠢ ᠴᠦᠨ ᠶᠠᠨ ᠮᠠᠨ ᠤ ᠰᠢᠶᠠᠨ ᠤ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠬᠢᠴᠢᠶᠡᠯ ᠰᠡᠷᠭᠦᠭᠡᠬᠦ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠄ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠪᠣᠳᠠᠲᠠᠢ ᠠᠳᠬᠤᠵᠤ᠂ ᠠᠮᠤᠷ ᠲᠦᠪᠰᠢᠨ ᠡᠮᠬᠢ ᠵᠢᠷᠤᠮ ᠲᠠᠢ ᠪᠠᠷ ᠰᠤᠷᠭᠠᠭᠤᠯᠢ ᠡᠬᠢᠯᠡᠬᠦ ᠰᠤᠷᠤᠯᠭ᠎ᠠ ᠪᠠᠨ ᠰᠡᠷᠭᠦᠭᠡᠬᠦ ᠶᠢ ᠦᠨᠡᠨ ᠬᠦ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2022/3/29
      3 ᠳ᠋ᠤᠭᠠᠷ ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠰᠢᠶᠠᠨ ᠤ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠴᠢ ᠬᠢᠴᠢᠶᠡᠯ ᠰᠡᠷᠭᠦᠭᠡᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃
     ᠯᠢ ᠴᠦᠨ ᠶᠠᠨ ᠳᠤᠯᠠᠭᠠᠨ ᠢ ᠬᠡᠮᠵᠢᠬᠦ᠂ ᠺᠣᠳ᠋ ᠰᠢᠷᠪᠢᠬᠦ᠂ ᠪᠦᠷᠢᠳᠬᠡᠬᠦ ᠪᠠᠷ ᠲᠠᠮᠵᠢᠨ᠂ ᠰᠢᠶᠠᠨ ᠤ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠣᠷᠣᠪᠠ᠃ ︽ᠣᠳᠣᠬᠠᠨ ᠳᠤ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠬᠢᠴᠢᠶᠡᠯ ᠰᠡᠷᠭᠦᠭᠡᠬᠦ ᠪᠠᠭᠰᠢ᠂ ᠰᠤᠷᠤᠭᠴᠢ ᠬᠡᠳᠦᠢ ᠪᠠᠶᠢᠬᠤ ᠪᠤᠶ  ︖︾ ︽ᠰᠤᠷᠭᠠᠭᠤᠯᠢ ᠳᠤ ᠰᠠᠭᠤᠭ᠎ᠠ ᠰᠤᠷᠤᠭᠴᠢ ᠬᠡᠳᠦᠢ ᠪᠠᠶᠢᠬᠤ ᠪᠤᠶ︖︾ ᠯᠢ ᠴᠦᠨ ᠶᠠᠨ ᠰᠤᠷᠭᠠᠭᠤᠯᠢ ᠶᠢᠨ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡ᠂ ᠭᠡᠨᠡᠳᠲᠡ ᠶᠢᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠪᠠᠭᠰᠢ ᠰᠤᠷᠤᠭᠴᠢᠳ ᠤᠨ ᠸᠠᠺᠼᠢᠨ ᠤ ᠲᠠᠷᠢᠯᠭ᠎ᠠ ᠬᠢᠬᠦ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠰᠤᠷᠭᠠᠭᠤᠯᠢ ᠶᠢᠨ ᠬᠠᠷᠢᠭᠤᠴᠠᠯᠭᠠᠲᠠᠨ ᠳᠤ ᠲᠣᠭᠲᠠᠴᠠ ᠪᠠᠨ ᠲᠡᠭᠦᠯᠳᠡᠷᠵᠢᠭᠦᠯᠵᠦ᠂ ᠳᠤᠲᠠᠭᠤᠳᠠᠯ ᠢᠶᠠᠨ ᠨᠥᠬᠦᠪᠦᠷᠢᠯᠡᠵᠦ᠂ ᠰᠤᠷᠭᠠᠭᠤᠯᠢ ᠤᠷᠤᠭᠰᠢᠲᠠᠢ ᠡᠬᠢᠯᠡᠬᠦ ᠳᠤ ᠡᠯ᠎ᠡ ᠵᠦᠢᠯ ᠤᠨ ᠪᠡᠯᠡᠳᠬᠡᠯ ᠢ ᠰᠠᠶᠢᠲᠤᠷ ᠬᠢᠬᠦ ᠬᠡᠷᠡᠭᠲᠡᠢ ᠭᠡᠵᠦ ᠵᠠᠬᠢᠭᠰᠠᠨ ᠪᠠᠶᠢᠨ᠎ᠠ᠃
     ᠯᠢ ᠴᠦᠨ ᠶᠠᠨ ᠴᠢᠬᠤᠯᠠᠴᠢᠯᠠᠭᠰᠠᠨ ᠨᠢ᠂ ᠰᠤᠷᠭᠠᠭᠤᠯᠢ ᠡᠬᠢᠯᠡᠵᠦ ᠰᠤᠷᠤᠯᠭ᠎ᠠ ᠪᠠᠨ ᠰᠡᠷᠭᠦᠭᠡᠬᠦ ᠨᠢ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ ᠪᠠᠶᠢᠳᠠᠭ ᠪᠣᠯᠬᠤᠷ ᠥᠴᠥᠬᠡᠨ ᠲᠡᠳᠦᠢ ᠴᠦ ᠰᠤᠯᠠᠷᠠᠭᠤᠯᠵᠤ ᠪᠣᠯᠬᠤ ᠦᠭᠡᠢ᠂ ᠥᠴᠥᠬᠡᠨ ᠲᠡᠳᠦᠢ ᠴᠦ ᠮᠢᠨᠴᠦᠭᠦᠷᠡᠨ ᠲᠠᠶᠢᠪᠤᠰᠢᠷᠠᠵᠤ ᠪᠣᠯᠬᠤ ᠦᠭᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠥᠷᠭᠡᠨ ᠤᠯᠠᠨ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠴᠢᠩᠭ᠎ᠠ ᠪᠥᠭᠡᠳ ᠴᠢᠩᠭ᠎ᠠ᠂ ᠨᠠᠷᠢᠨ ᠪᠥᠭᠡᠳ ᠨᠠᠷᠢᠯᠢᠭ᠂ ᠪᠣᠳᠠᠲᠠᠢ ᠪᠥᠭᠡᠳ ᠪᠣᠳᠠᠲᠠᠢ ᠠᠷᠭ᠎ᠠ ᠬᠡᠮᠵᠢᠶ᠎ᠡ ᠪᠠᠷ ᠰᠤᠷᠭᠠᠭᠤᠯᠢ ᠡᠬᠢᠯᠡᠬᠦ ᠰᠤᠷᠤᠯᠭ᠎ᠠ ᠪᠠᠨ ᠰᠡᠷᠭᠦᠭᠡᠬᠦ ᠳᠤ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠰᠤᠷᠭᠠᠭᠤᠯᠢ ᠡᠬᠢᠯᠡᠬᠦ ᠰᠤᠷᠤᠯᠭ᠎ᠠ ᠪᠠᠨ ᠰᠡᠷᠭᠦᠭᠡᠬᠦ ᠪᠡᠯᠡᠳᠬᠡᠯ ᠢ ᠭᠦᠢᠴᠡᠳ ᠪᠥᠭᠡᠳ ᠨᠠᠷᠢᠯᠢᠭ ᠪᠥᠭᠡᠳ ᠪᠣᠳᠠᠲᠠᠶᠢᠵᠢᠭᠤᠯᠵᠤ᠂ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ᠂ ᠠᠷᠢᠭᠤᠳᠬᠠᠬᠤ ᠪᠠ ᠤᠰᠠᠳᠬᠠᠬᠤ ᠲᠥᠬᠦᠭᠡᠷᠦᠮᠵᠢ ᠵᠢᠴᠢ ᠵᠠᠮ ᠱᠤᠭᠤᠮ ᠤᠨ ᠲᠥᠯᠦᠪᠵᠢᠭᠦᠯᠭᠡ ᠶᠢ ᠲᠡᠭᠦᠯᠳᠡᠷᠵᠢᠭᠦᠯᠵᠦ᠂ ᠨᠢᠭᠡ ᠮᠧᠲᠷ ᠤᠨ ᠱᠤᠭᠤᠮ ᠢ ᠪᠠᠶᠢᠷᠢᠯᠠᠭᠤᠯᠵᠤ᠂ ᠰᠤᠷᠭᠠᠭᠤᠯᠢ ᠳᠤ ᠣᠷᠣᠬᠤ ︽ᠨᠢᠭᠡᠳᠦᠭᠡᠷ ᠪᠣᠭᠤᠮᠲᠠ︾ ᠶᠢ ᠦᠨᠡᠨᠬᠦ ᠰᠠᠶᠢᠲᠤᠷ ᠡᠵᠡᠮᠳᠡᠬᠦ ᠬᠡᠷᠡᠭᠲᠡᠢ᠃ ᠬᠢᠵᠢᠭ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠪᠣᠳᠠᠲᠤ ᠰᠣᠷᠢᠯᠲᠠ ᠶᠢ ᠨᠠᠷᠢᠨ ᠬᠢᠨᠠᠮᠠᠭᠠᠢ ᠥᠷᠨᠢᠭᠦᠯᠵᠦ ᠂ ᠪᠠᠭᠰᠢ ᠰᠤᠷᠤᠬᠴᠢ ᠠᠵᠢᠯᠲᠠᠨ ᠠᠵᠢᠯᠴᠢᠨ ᠤ ᠶᠠᠪᠤᠵᠤ ᠰᠠᠭᠤᠬᠤ ᠪᠠᠶᠢᠳᠠᠯ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠤ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠰᠤᠷᠭᠠᠭᠤᠯᠢ ᠡᠬᠢᠯᠡᠬᠦ ᠠᠴᠠ ᠡᠮᠦᠨᠡᠬᠢ 14 ᠡᠳᠦᠷ ᠤᠨ ᠵᠤᠭᠠᠴᠠᠨ ᠰᠠᠭᠤᠭᠰᠠᠨ ᠲᠡᠦᠬᠡ᠂ ᠠᠵᠢᠯᠯᠠᠭᠠᠨ ᠤ ᠵᠠᠮ ᠮᠥᠷ ᠪᠣᠯᠣᠨ ᠡᠷᠡᠭᠦᠯ ᠮᠡᠨᠳᠤ ᠶᠢᠨ ᠪᠠᠶᠢᠳᠠᠯ ᠢ ᠣᠨᠣᠪᠴᠢᠲᠠᠢ ᠡᠵᠡᠮᠰᠢᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠠᠷᠢᠭᠤᠨ ᠴᠡᠪᠡᠷ ᠠᠷᠢᠭᠤᠨ ᠴᠡᠪᠡᠷ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠠᠵᠢᠯ ᠢ ᠴᠢᠩᠭᠠᠳᠬᠠᠨ᠂ ᠪᠠᠭᠰᠢ ᠰᠤᠷᠤᠭᠴᠢᠳ ᠤᠨ ᠴᠠᠭ ᠢᠶᠠᠨ ᠵᠦᠷᠢᠭᠦᠯᠦᠨ ᠬᠤᠭᠤᠯᠠ ᠢᠳᠡᠬᠦ᠂ ᠭᠡᠷ ᠤᠨ ᠭᠠᠳᠠᠨᠠᠬᠢ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠪᠠᠭᠰᠢ ᠰᠤᠷᠤᠭᠴᠢᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠴᠤᠭᠯᠠᠷᠠᠬᠤ ᠦᠭᠡᠢ᠂ ᠪᠥᠭᠡᠮᠨᠡᠷᠡᠬᠦ ᠦᠭᠡᠢ ᠪᠠᠶᠢᠯᠭᠠᠵᠤ᠂ ᠠᠮᠤᠷ ᠲᠦᠪᠰᠢᠨ ᠰᠠᠶᠢᠨ ᠰᠠᠶᠢᠬᠠᠨ ᠰᠤᠷᠤᠯᠴᠠᠬᠤ ᠣᠷᠴᠢᠨ ᠲᠣᠭᠤᠷᠢᠨ ᠢ ᠢᠳᠡᠪᠬᠢᠲᠡᠢ ᠪᠣᠶ ᠪᠣᠯᠭᠠᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠮᠤᠷ ᠲᠦᠪᠰᠢᠨ ᠡᠶ᠎ᠡ ᠵᠣᠬᠢᠴᠠᠯ ᠲᠠᠢ᠂ ᠨᠡᠶᠢᠭᠡᠮ ᠢ ᠦᠨᠡᠨ ᠬᠦ ᠰᠠᠨᠠᠭ᠎ᠠ ᠠᠮᠤᠷ᠂ ᠭᠡᠷ ᠤᠨ ᠠᠬᠠᠮᠠᠳ ᠢ ᠰᠠᠨᠠᠭ᠎ᠠ ᠠᠮᠤᠷ᠂ ᠰᠤᠷᠭᠠᠭᠤᠯᠢ ᠶᠢᠨ ᠬᠦᠷᠢᠶᠡᠨ ᠤ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠤᠯᠭᠠᠶ᠎ᠠ ᠭᠡᠵᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1