ᠬᠠᠩᠰᠢ ᠶᠢᠨ ᠡᠳᠦᠷ ᠢ ᠪᠣᠯᠪᠠᠰᠤᠨ ᠢ ᠳᠤᠷᠠᠰᠤᠨ ᠰᠠᠨᠠᠭᠠᠯᠵᠠᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2022/3/29
ᠬᠤᠲᠠ ᠬᠥᠳᠡᠭᠡ ᠶᠢᠨ ᠥᠷᠭᠡᠨ ᠤᠯᠠᠨ ᠰᠠᠭᠤᠭᠠᠯᠢ ᠠᠷᠠᠳ ᠲᠤ᠄      ᠬᠠᠪᠤᠷ ᠪᠤᠯᠤᠯ᠎ᠠ᠂ ᠬᠠᠩᠰᠢ ᠤᠶᠢᠷᠠᠳᠤᠯ᠎ᠠ᠃ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ᠂ ᠨᠥᠭᠴᠢᠭᠰᠡᠳ ᠢᠶᠠᠨ ᠳᠠᠬᠢᠬᠤ᠂ ᠭᠠᠰᠢᠭᠤᠳᠠᠯ ᠢᠶᠠᠨ ᠢᠯᠡᠳᠬᠡᠬᠦ ᠲᠠᠰᠢᠷᠠᠮ ᠢᠶᠠᠷ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠣᠯᠪᠠᠰᠤᠨ ᠢᠶᠠᠷ ᠳᠠᠬᠢᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠦᠬᠦ ᠨᠡᠶᠢᠭᠡᠮ ᠳᠤ ᠪᠣᠯᠪᠠᠰᠤᠨ ᠡᠷᠡᠭᠦᠯ᠂ ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ᠂ ᠠᠮᠤᠷ ᠲᠦᠪᠰᠢᠨ ᠡᠮᠬᠢ ᠳᠢᠭᠯᠢᠮ ᠲᠠᠢ ᠰᠠᠶᠢᠨ ᠰᠠᠶᠢᠬᠠᠨ ᠳᠠᠬᠢᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠣᠨᠴᠠᠭᠠᠶᠢᠯᠠᠨ ᠠᠳᠡ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄      ᠨᠢᠭᠡ᠂ ᠪᠣᠯᠪᠠᠰᠤᠨ ᠢᠶᠠᠷ ᠲᠠᠬᠢᠯᠭ᠎ᠠ ᠬᠢᠬᠦ ᠳᠤ ᠬᠡᠷᠰᠡᠦ ᠪᠣᠯᠭᠤᠮᠵᠢᠲᠠᠢ ᠪᠠᠷ ᠠᠯᠤᠰ ᠢ ᠵᠣᠷᠢᠬᠤ ᠬᠡᠷᠡᠭᠲᠡᠢ᠃ ᠪᠢᠳᠡ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠦᠭᠡᠯᠡᠯᠲᠡ ᠪᠠ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠪᠠ ᠠᠮᠢ ᠪᠡᠶ᠎ᠡ ᠪᠠᠨ ᠦᠷᠡᠭᠳᠡᠭᠦᠯᠦᠭᠰᠡᠨ ᠲᠡᠳᠡᠭᠡᠷ ᠪᠠᠭᠠᠲᠤᠷᠯᠢᠭ ᠦᠷᠡᠭᠳᠡᠭᠰᠡᠨ ᠪᠠᠭᠠᠲᠤᠷᠴᠤᠳ ᠢ ᠪᠠᠲᠤ ᠴᠡᠭᠡᠵᠢᠯᠡᠵᠦ ᠮᠥᠷᠥᠭᠡᠳᠦᠨ ᠰᠠᠨᠠᠭᠠᠯᠵᠠᠬᠤ ᠬᠡᠷᠡᠭᠲᠡᠢ᠃ ᠡᠯ᠎ᠡ ᠪᠠᠯᠭᠠᠰᠤ᠂ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ ᠲᠤ ᠬᠥᠮᠥᠨ ᠬᠠᠷ᠎ᠠ ᠴᠤᠭᠯᠠᠭᠤᠯᠬᠤ ᠦᠭᠡᠢ᠂ ᠲᠥᠪᠯᠡᠷᠡᠭᠦᠯᠦᠨ ᠱᠦᠭᠦᠷᠳᠡᠬᠦ ᠶᠢ ᠵᠣᠬᠢᠶᠠᠨ ᠪᠠᠶᠢᠭᠤᠯᠬᠤ ᠦᠭᠡᠢ ᠪᠠᠶᠢᠬᠤ ᠤᠷᠢᠲᠠᠯ ᠳᠣᠣᠷ᠎ᠠ᠂ ᠰᠦᠯᠵᠢᠶᠡᠨ ᠳᠡᠭᠡᠷ᠎ᠡ ᠦᠷᠡᠭᠳᠡᠭᠰᠡᠨ ᠪᠠᠭᠠᠲᠤᠷᠴᠤᠳ ᠢᠶᠠᠨ ᠳᠠᠬᠢᠬᠤ᠂ ᠬᠤᠪᠢᠰᠬᠠᠯ ᠤᠨ ᠰᠣᠩᠭᠤᠳᠠᠭ ᠪᠦᠲᠦᠭᠡᠯ ᠢ ᠰᠢᠩᠭᠡᠬᠡᠨ ᠦᠢᠯᠡᠳᠴᠦ ᠳᠡᠯᠭᠡᠨ ᠨᠠᠪᠲᠠᠷᠡᠭᠦᠯᠵᠦ ᠤᠩᠰᠢᠬᠤ᠂ ᠬᠤᠪᠢᠰᠬᠠᠯ ᠤᠨ ᠳᠠᠭᠤᠤ ᠳᠠᠭᠤᠯᠠᠬᠤ᠂ ᠮᠣᠳᠣ ᠲᠠᠷᠢᠵᠤ ᠨᠣᠭᠤᠭᠠᠷᠠᠭᠤᠯᠬᠤ᠂ ᠲᠣᠷᠭᠠᠨ ᠪᠦᠴᠡ ᠤᠶᠠᠬᠤ᠂ ᠳᠤᠷᠠᠰᠬᠠᠯ ᠤᠨ ᠺᠠᠷᠲ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠣᠳᠠᠲᠠᠢ ᠭᠠᠵᠠᠷ  ᠲᠤᠨᠢ ᠪᠣᠳᠠᠲᠤ ᠶᠠᠭᠤᠮ᠎ᠠ ᠪᠠᠷ ᠳᠠᠬᠢᠯᠭ᠎ᠠ ᠬᠢᠵᠦ ᠪᠠᠶᠢᠭᠰᠠᠨ ᠠᠴᠠ ᠪᠠᠨ ᠤᠶᠤᠨ ᠰᠠᠨᠠᠭ᠎ᠠ ᠪᠠᠨ ᠤᠯᠠᠮᠵᠢᠯᠠᠬᠤ᠂ ᠬᠠᠶᠢᠷ᠎ᠠ ᠰᠡᠳᠬᠢᠯᠭᠡ ᠪᠠᠨ ᠢᠯᠡᠳᠬᠡᠬᠦ ᠶᠢ ᠴᠢᠬᠤᠯᠠᠴᠢᠯᠠᠬᠤ ᠲᠡᠰᠢ ᠬᠤᠪᠢᠷᠠᠭᠤᠯᠵᠤ᠂ ᠪᠦᠬᠦ ᠰᠢᠶᠠᠨ ᠤ ᠪᠣᠯᠪᠠᠰᠤᠨ ᠢᠶᠠᠷ ᠳᠠᠬᠢᠯᠭ᠎ᠠ ᠬᠢᠬᠦ ᠰᠢᠨ᠎ᠡ ᠬᠡᠪ ᠰᠤᠷᠲᠠᠯ ᠢ ᠪᠤᠢ ᠪᠤᠯᠭᠠᠨ᠎ᠠ᠃      ᠬᠤᠶᠠᠷ᠂ ᠡᠷᠡᠭᠦᠯ ᠮᠡᠨᠳᠤ ᠶᠢᠨ ᠲᠠᠬᠢᠯᠭ᠎ᠠ ᠪᠠᠷ ᠡᠶ᠎ᠡ ᠨᠠᠶᠢᠷᠲᠠᠢ ᠪᠠᠷ ᠲᠦᠷᠦᠯ ᠤᠭᠰᠠᠭ᠎ᠠ ᠪᠠᠨ ᠪᠤᠯᠭᠤᠭᠠᠶ᠎ᠠ᠃ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠵᠢᠷᠤᠮᠯᠠᠨ ᠰᠠᠬᠢᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠲᠣᠭᠲᠠᠭᠠᠯ ᠢ ᠳᠠᠭᠠᠵᠤ᠂ ᠹᠧᠣᠳᠠᠯ ᠤᠨ ᠮᠤᠬᠤᠷ ᠪᠢᠰᠢᠷᠡᠯ ᠤᠨ ᠲᠠᠬᠢᠯᠭ᠎ᠠ ᠶᠢᠨ ᠬᠡᠷᠡᠭᠰᠡᠯ ᠢ ᠪᠣᠷᠣᠯᠠᠭᠤᠯᠬᠤ ᠦᠭᠡᠢ᠂ ᠬᠤᠳᠠᠯᠳᠤᠨ ᠠᠪᠬᠤ ᠦᠭᠡᠢ᠂ ᠬᠡᠷᠡᠭᠯᠡᠬᠦ ᠦᠭᠡᠢ ᠪᠠᠶᠢᠵᠤ᠂ ᠭᠡᠷ ᠪᠦᠯᠢ ᠶᠢᠨ ᠳᠤᠷᠠᠳᠬᠠᠯ᠂ ᠰᠣᠷᠭᠤᠭ ᠴᠡᠴᠡᠭ ᠤᠨ ᠲᠠᠬᠢᠯᠭ᠎ᠠ᠂ ᠲᠣᠷᠭᠠᠨ ᠪᠦᠴᠡ ᠶᠢᠨ ᠲᠠᠬᠢᠯᠭ᠎ᠠ᠂ ᠵᠠᠬᠢᠶ᠎ᠠ ᠪᠢᠴᠢᠬᠦ ᠵᠡᠷᠭᠡ ᠠᠷᠭ᠎ᠠ ᠮᠠᠶ᠋ᠢᠭ ᠢᠶᠠᠷ ᠡᠪᠦᠭᠡ ᠳᠡᠭᠡᠳᠦᠰ ᠢᠶᠠᠨ ᠮᠥᠷᠥᠭᠡᠳᠦᠨ ᠰᠠᠨᠠᠭᠠᠯᠵᠠᠶ᠎ᠠ᠃ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠶᠡᠭᠡ ᠪᠠᠷ ᠪᠠᠳᠠᠷᠠᠭᠤᠯᠵᠤ᠂ ᠨᠠᠰᠤᠲᠠᠨ ᠢ ᠠᠮᠢᠳᠤ ᠰᠡᠷᠡᠭᠦᠨ ᠪᠠᠶᠢᠬᠤ ᠳᠠᠭᠠᠨ ᠠᠴᠢᠯᠠᠯ ᠢ ᠢᠯᠡᠭᠦᠬᠡᠨ ᠭᠦᠢᠴᠡᠳᠬᠡᠵᠦ᠂ ᠲᠦᠷᠦᠯ ᠰᠠᠳᠤᠨ ᠢᠶᠠᠨ ᠨᠠᠰᠤ ᠪᠠᠷᠠᠭᠰᠠᠨ ᠤ ᠳᠠᠷᠠᠭ᠎ᠠ ᠶᠡᠭᠡ ᠪᠠᠷ ᠬᠢᠬᠦ ᠦᠭᠡᠢ᠂ ᠬᠠᠷᠢᠯᠴᠠᠨ ᠠᠳᠠᠯᠢᠳᠬᠠᠬᠤ ᠦᠭᠡᠢ ᠪᠠᠶᠢᠬᠤ ᠶᠢ ᠰᠠᠨᠠᠭᠠᠴᠢᠯᠠᠵᠤ᠂ ᠬᠦᠨᠳᠦ ᠪᠠᠷ ᠲᠡᠵᠢᠭᠡᠵᠦ ᠪᠠᠭ᠎ᠠ ᠪᠠᠷ ᠣᠷᠣᠰᠢᠭᠤᠯᠬᠤ ᠰᠢᠨ᠎ᠡ ᠦᠵᠡᠯᠲᠡ ᠶᠢ ᠪᠤᠢ ᠪᠤᠯᠭᠠᠶ᠎ᠠ᠃      ᠭᠤᠷᠪᠠ᠂ ᠠᠮᠤᠷ ᠲᠦᠪᠰᠢᠨ ᠤ ᠲᠠᠬᠢᠯᠭ᠎ᠠ ᠬᠢᠵᠦ᠂ ᠰᠢᠨ᠎ᠡ ᠬᠡᠪ ᠰᠤᠷᠲᠠᠯ ᠢ ᠪᠤᠢ ᠪᠤᠯᠭᠠᠶ᠎ᠠ᠃ ᠪᠥᠬᠦ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠡᠨᠡ ᠵᠢᠯ ᠤᠨ ᠬᠠᠩᠰᠢ ᠶᠢᠨ ᠬᠤᠭᠤᠴᠠᠭᠠᠨ ᠳᠤ ᠪᠥᠬᠦ ᠰᠢᠶᠠᠨ ᠤ ᠡᠯ᠎ᠡ ᠭᠠᠵᠠᠷ ᠤᠨ ᠬᠢᠨ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠬᠠᠢ ᠶᠢᠨ ᠲᠠᠯᠠᠪᠤᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠪᠣᠳᠣᠯᠭ᠎ᠠ ᠶᠢ ᠲᠦᠷ ᠵᠣᠭᠰᠤᠭᠠᠬᠤ ᠪᠠᠷ ᠪᠣᠶ᠃ ᠥᠷᠭᠡᠨ ᠤᠯᠠᠨ ᠬᠤᠳᠠ ᠬᠥᠳᠡᠭᠡ ᠶᠢᠨ ᠰᠠᠭᠤᠭᠠᠯᠢ ᠠᠷᠠᠳ ᠪᠣᠯᠪᠠᠰᠤᠨ ᠢᠶᠠᠷ ᠳᠠᠬᠢᠬᠤ᠂ ᠣᠷᠴᠢᠨ ᠠᠬᠤᠢ ᠶᠢ ᠬᠠᠮᠠᠭᠠᠯᠠᠬᠤ ᠲᠠᠬᠢᠯᠭ᠎ᠠ ᠶᠢ ᠥᠷᠨᠢᠭᠦᠯᠵᠦ᠂ ᠵᠡᠭᠡᠯᠢ ᠭᠤᠳᠤᠮᠵᠢ᠂ ᠵᠢᠵᠢᠭ ᠲᠣᠭᠤᠷᠢᠭ᠂ ᠨᠣᠭᠤᠭᠠᠨ ᠭᠠᠵᠠᠷ᠂ ᠠᠭᠤᠳᠠᠮ ᠲᠠᠯᠠᠪᠠᠢ ᠵᠡᠷᠭᠡ ᠤᠯᠠᠨ ᠨᠡᠶᠢᠲᠡ ᠶᠢᠨ ᠲᠠᠯᠠᠪᠤᠷ ᠪᠠ ᠠᠭᠤᠯᠠᠨ ᠣᠷᠣᠢ᠂ ᠣᠶᠢᠲᠤ ᠭᠠᠵᠠᠷ ᠵᠡᠷᠭᠡ ᠭᠠᠯ ᠤᠨ ᠭᠠᠮᠰᠢᠭ ᠤᠨ ᠲᠠᠯᠳᠠ ᠭᠡᠮ ᠣᠷᠣᠰᠢᠵᠤ ᠪᠠᠶᠢᠭ᠎ᠠ ᠭᠠᠵᠠᠷ ᠲᠤ ᠴᠠᠭᠠᠰᠤᠨ ᠵᠣᠭᠤᠰ ᠰᠢᠲᠠᠭᠠᠬᠤ ᠦᠭᠡᠢ᠂ ᠲᠠᠬᠢᠯᠭ᠎ᠠ ᠶᠢᠨ ᠪᠣᠳᠠᠰ ᠢ ᠠᠰᠬᠠᠵᠤ ᠬᠠᠶᠠᠬᠤ ᠦᠭᠡᠢ᠂ ᠬᠠᠭᠤᠴᠢᠨ ᠶᠣᠰᠣ ᠪᠦᠳᠦᠭᠦᠯᠢᠭ ᠵᠠᠩᠰᠢᠯ ᠢ ᠤᠬᠠᠮᠰᠠᠷ ᠠᠴᠠ ᠪᠠᠨ ᠲᠠᠶᠠᠭᠳᠠᠵᠤ᠂ ᠹᠧᠣᠳᠠᠯ ᠤᠨ ᠮᠤᠬᠤᠷ ᠪᠢᠰᠢᠷᠡᠯ ᠤᠨ ᠠᠵᠢᠯᠯᠠᠭ᠎ᠠ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠡᠰᠡᠷᠭᠦᠴᠡᠨ ᠬᠤᠷᠢᠭᠯᠠᠬᠤ ᠬᠡᠷᠡᠭᠲᠡᠢ᠃ ᠰᠦᠯᠵᠢᠶᠡᠨ ᠳᠡᠭᠡᠷᠡᠬᠢ ᠲᠠᠬᠢᠯᠭ᠎ᠠ ᠶᠢ ᠰᠠᠨᠠᠭᠠᠴᠢᠯᠠᠵᠤ᠂ ᠪᠣᠬᠢᠷᠳᠤᠯ ᠦᠭᠡᠢ ᠠᠮᠤᠷ ᠲᠦᠪᠰᠢᠨ ᠢ ᠳᠤᠷᠠᠰᠤᠨ ᠰᠠᠨᠠᠭᠠᠯᠵᠠᠶ᠎ᠠ᠃      ᠵᠠᠩ ᠳᠠᠳᠬᠠᠯ ᠢ ᠥᠭᠡᠷᠡᠴᠢᠯᠡᠬᠦ᠂ ᠪᠣᠯᠪᠠᠰᠤᠨ ᠳᠠᠬᠢᠯᠭ᠎ᠠ ᠪᠣᠯ ᠨᠡᠶᠢᠭᠡᠮ ᠤᠨ ᠬᠥᠭᠵᠢᠯᠲᠡ ᠪᠣᠯᠣᠨ ᠬᠤᠲᠠ  ᠶᠢᠨ ᠳᠠᠪᠰᠢᠯᠲᠠ ᠶᠢᠨ ᠴᠢᠬᠤᠯᠠ ᠪᠡᠯᠭᠡ ᠲᠡᠮᠳᠡᠭ ᠮᠥᠨ᠃ ᠬᠠᠩᠰᠢ ᠶᠢᠨ ᠬᠤᠭᠤᠴᠠᠭᠠᠨ ᠳᠤ᠂ ᠪᠢᠳᠡ ᠢᠳᠡᠪᠬᠢᠲᠡᠢ ᠬᠥᠳᠡᠯᠦᠯᠴᠡᠵᠦ᠂ ᠪᠣᠯᠪᠠᠰᠤᠨ ᠲᠠᠬᠢᠯᠭ᠎ᠠ ᠶᠢᠨ ᠵᠢᠱᠢᠶ᠎ᠡ ᠦᠵᠡᠭᠦᠯᠦᠭᠴᠢ᠂ ᠪᠣᠯᠬᠢ ᠳᠠᠳᠬᠠᠯ ᠢ ᠠᠷᠢᠯᠭᠠᠬᠤ ᠶᠢᠨ ᠲᠦᠷᠦᠭᠦᠴᠢ᠂ ᠵᠠᠩ ᠳᠠᠳᠬᠠᠯ ᠢ ᠥᠭᠡᠷᠡᠴᠢᠯᠡᠬᠦ ᠶᠢᠨ ᠠᠬᠢᠭᠤᠯᠤᠭᠴᠢ᠂ ᠠᠮᠤᠷ ᠲᠦᠪᠰᠢᠨ ᠡᠮᠬᠢ ᠳᠢᠭᠯᠢᠮ ᠲᠠᠢ ᠬᠠᠮᠠᠭᠠᠯᠠᠭᠴᠢ ᠪᠣᠯᠬᠤ ᠪᠠᠷ ᠴᠢᠷᠮᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠡᠶ᠎ᠡ ᠵᠣᠬᠢᠴᠠᠩᠭᠤᠢ ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠪᠠᠶᠢᠭᠤᠯᠵᠤ᠂ ᠬᠢᠯᠪᠡᠷ ᠪᠤᠰᠤ ᠪᠠᠷ ᠣᠯᠣᠭᠰᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠶ᠎ᠡ︕                  ᠲᠣᠭᠲᠠᠬᠤ ᠰᠢᠶᠠᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠺᠣᠮᠢᠰ ᠤᠨ ᠠᠯᠪᠠᠨ ᠭᠡᠷ                  ᠲᠣᠭᠲᠠᠬᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ                                 2022 ᠣᠨ ᠤ 3 ᠳ᠋ᠤᠭᠠᠷ ᠰᠠᠷ᠎ᠠ ᠶᠢᠨ 28 ᠤ ᠡᠳᠦᠷ
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1