ᠲᠣᠭᠲᠠᠬᠤ ᠰᠢᠶᠠᠨ ᠤ ᠥᠨᠳᠥᠷ ᠳᠤᠮᠳᠠᠳᠤ ᠶᠢᠨ ᠭᠤᠷᠪᠠᠳᠤᠭᠠᠷ ᠣᠨ ᠥᠨᠥᠳᠥᠷ ᠠᠴᠠ ᠰᠦᠯᠵᠢᠶᠡᠨ ᠠᠴᠠ ᠭᠠᠳᠠᠭᠤᠷᠬᠢ ᠵᠢᠭᠠᠨ ᠰᠤᠷᠭᠠᠯᠲᠠ ᠪᠠᠨ  ᠰᠡᠷᠭᠦᠭᠡᠪᠡ
ᠨᠡᠶᠢᠲᠡᠯᠡᠭᠰᠡᠨ ᠴᠠᠭ᠄
2022/3/29
      3 ᠳ᠋ᠤᠭᠠᠷ ᠰᠠᠷ᠎ᠠ ᠶᠢᠨ 28 ᠤ ᠡᠳᠦᠷ᠂ ᠲᠤᠭᠳᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠪᠣᠯᠣᠨ ᠲᠤᠭᠳᠠᠬᠤ ᠰᠢᠶᠠᠨ ᠤ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠰᠤᠷᠤᠭᠴᠢᠳ ᠰᠦᠯᠵᠢᠶᠡᠨ ᠠᠴᠠ ᠭᠠᠳᠠᠭᠤᠷᠬᠢ ᠵᠢᠭᠠᠨ ᠰᠤᠷᠭᠠᠯᠲᠠ ᠪᠠᠨ ᠰᠡᠷᠭᠦᠭᠡᠪᠡ᠂ ᠡᠨᠡ ᠨᠢ ᠮᠥᠨ ᠴᠦ ᠲᠣᠰ ᠤᠳᠠᠭᠠᠨ ᠤ ᠬᠢᠵᠢᠭ ᠤᠨ ᠪᠠᠶᠢᠳᠠᠯ ᠤᠨ ᠳᠠᠷᠠᠭ᠎ᠠ ᠲᠤᠭᠳᠠᠬᠤ ᠰᠢᠶᠠᠨ ᠤ ᠰᠤᠷᠭᠠᠭᠤᠯᠢ ᠳᠠᠭᠠᠨ ᠪᠤᠴᠠᠭᠰᠠᠨ ᠠᠩᠬᠠᠨ ᠤ ᠪᠦᠯᠦᠭ ᠰᠤᠷᠤᠭᠴᠢᠳ ᠪᠣᠯᠣᠨ᠎ᠠ᠂ ᠨᠠᠮ ᠬᠥᠮ ᠰᠤᠷᠭᠠᠭᠤᠯᠢ ᠶᠢᠨ ᠬᠦᠷᠢᠶᠡᠨ ᠳᠤ ᠲᠡᠷᠡ ᠳᠣᠣᠷ᠎ᠠ ᠪᠠᠨ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢᠶᠠᠷ ᠪᠢᠯᠬᠠᠵᠠᠢ᠃      ᠲᠤᠬᠠᠢ ᠶᠢᠨ ᠡᠳᠦᠷ ᠤᠨ ᠥᠷᠯᠥᠭᠡ᠂ ᠲᠤᠭᠳᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠨᠠᠷ ᠠᠯᠢ ᠡᠷᠲᠡ ᠰᠤᠷᠭᠠᠭᠤᠯᠢ ᠶᠢᠨ ᠡᠭᠦᠳᠡᠨ ᠳᠠᠬᠢ ᠬᠢᠵᠢᠭ ᠪᠠᠶᠢᠴᠠᠭᠠᠬᠤ ᠴᠢᠭ ᠲᠤ ᠬᠦᠷᠴᠦ ᠰᠤᠷᠤᠭᠴᠢᠳ ᠢ ᠤᠭᠲᠤᠵᠠᠢ᠂ ᠰᠤᠷᠤᠭᠴᠢᠳ ᠠᠷᠢᠭᠤᠳᠬᠠᠯ᠂ ᠳᠤᠯᠠᠭᠠᠨ ᠤ ᠬᠡᠮᠵᠢᠯᠲᠡ᠂ ᠺᠣᠳ᠋ ᠰᠢᠷᠪᠢᠭᠰᠡᠨ ᠤ ᠳᠠᠷᠠᠭ᠎ᠠ ᠡᠮᠬᠢ ᠵᠢᠷᠤᠮ ᠲᠠᠢ ᠪᠠᠷ 1 ᠮᠧᠲᠷ ᠤᠨ ᠵᠠᠢ ᠶᠢ ᠪᠠᠷᠢᠮᠳᠠᠯᠠᠨ ᠰᠤᠷᠭᠠᠭᠤᠯᠢ ᠶᠢᠨ ᠬᠦᠷᠢᠶᠡᠨ ᠳᠤ ᠣᠷᠣᠵᠠᠢ᠃      ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠪᠣᠯᠤᠭᠰᠠᠨ ᠤᠯᠤᠰ ᠤᠨ ᠲᠤᠭ ᠮᠠᠨᠳᠤᠭᠤᠯᠬᠤ ᠶᠣᠰᠣᠯᠠᠯ ᠨᠢ ᠪᠥᠬᠦ ᠪᠠᠭᠰᠢ ᠰᠤᠷᠤᠭᠴᠢᠳ ᠢ ᠵᠣᠷᠢᠭᠵᠢᠭᠤᠯᠤᠨ ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠦᠭᠡᠢ ᠨᠥᠯᠥᠭᠡ ᠶᠢ ᠢᠯᠠᠨ ᠳᠠᠪᠠᠭᠤᠯᠵᠤ᠂ ᠰᠦᠯᠵᠢᠶᠡᠨ ᠭᠠᠳᠠᠨ᠎ᠠ ᠬᠢᠴᠢᠶᠡᠯ ᠰᠡᠷᠭᠦᠭᠡᠬᠦ ᠬᠢᠯᠪᠠᠷ ᠪᠤᠰᠤ ᠪᠠᠷ ᠢᠷᠡᠭᠰᠡᠨ ᠵᠦᠢᠯ ᠢᠶᠠᠨ ᠨᠠᠨᠳᠢᠩᠨᠠᠨ᠂ ᠴᠠᠭ ᠮᠥᠴᠡ ᠶᠢ ᠠᠯᠳᠠᠯ ᠦᠭᠡᠢ ᠪᠠᠷ ᠴᠢᠷᠮᠠᠶᠢᠨ ᠰᠤᠷᠤᠯᠴᠠᠵᠤ᠂ ᠬᠦᠰᠡᠯ ᠵᠡᠭᠦᠳᠦ ᠪᠠᠨ ᠲᠡᠷᠭᠡᠯᠰᠢᠭᠦᠯᠦᠨ ᠤᠷᠤᠭᠰᠢᠯᠠᠵᠤ᠂ ᠵᠠᠯᠠᠭᠤ ᠨᠠᠰᠤᠨ ᠤ ᠦᠶ᠎ᠡ ᠪᠠᠨ ᠪᠢᠲᠡᠭᠡᠢ ᠬᠥᠰᠡᠷᠳᠡᠭᠦᠯᠵᠦ᠂ ᠥᠪᠡᠷ ᠤᠨ ᠬᠦᠰᠡᠯᠡᠩ ᠤᠨ ᠢᠶᠠᠨ ᠲᠥᠯᠥᠭᠡ᠂ ᠤᠯᠤᠰ ᠣᠷᠣᠨ ᠤ ᠪᠠᠨ ᠬᠦᠴᠦᠷᠬᠡᠭᠵᠢᠯ ᠤᠨ ᠲᠥᠯᠥᠭᠡ ᠴᠢᠷᠮᠠᠶᠢᠨ ᠲᠡᠮᠡᠴᠡᠬᠦ ᠶᠢ ᠵᠣᠷᠢᠭᠵᠢᠭᠤᠯᠵᠠᠢ᠃      ᠣᠶᠢᠯᠠᠭᠠᠭᠰᠠᠨ ᠢᠶᠠᠷ᠂ ᠲᠤᠭᠳᠠᠬᠤ ᠰᠢᠶᠠᠨ ᠤ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢᠳ ᠰᠤᠷᠭᠠᠭᠤᠯᠢ ᠳᠠᠭᠠᠨ ᠪᠤᠴᠠᠭᠰᠠᠨ ᠤ ᠳᠠᠷᠠᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠴᠢᠩᠭ᠎ᠠ ᠳᠦᠷᠢᠮ ᠢ ᠬᠡᠷᠡᠭᠵᠢᠭᠦᠯᠵᠦ᠂ ᠪᠠᠭᠰᠢ ᠰᠤᠷᠤᠭᠴᠢᠳ ᠢ ᠬᠢᠴᠢᠶᠡᠯ ᠤᠨ ᠭᠡᠷ ᠲᠤ ᠣᠷᠣᠵᠤ ᠭᠠᠷᠬᠤ ᠳᠠᠭᠠᠨ ᠠᠰᠠᠷ ᠤᠨ ᠱᠠᠲᠤ ᠬᠡᠷᠡᠭᠯᠡᠬᠦ ᠶᠢ ᠱᠠᠭᠠᠷᠳᠠᠵᠤ᠂ ᠬᠢᠴᠢᠶᠡᠯ ᠤᠨ ᠵᠠᠪᠰᠠᠷᠯᠠᠭ᠎ᠠ ᠶᠢᠨ ᠠᠵᠢᠯᠯᠠᠭ᠎ᠠ ᠶᠢ ᠰᠤᠷᠭᠠᠭᠤᠯᠢ ᠶᠢᠨ ᠲᠣᠭᠲᠠᠭᠠᠭᠰᠠᠨ ᠵᠠᠮ ᠱᠤᠭᠤᠮ ᠪᠣᠯᠣᠨ ᠣᠷᠣᠨ ᠪᠦᠰᠡ ᠶᠢ ᠴᠢᠩᠭ᠎ᠠ ᠵᠢᠷᠤᠮᠯᠠᠨ ᠶᠠᠪᠤᠭᠳᠠᠭᠤᠯᠵᠤ᠂ ᠬᠢᠴᠢᠶᠡᠯ ᠤᠨ ᠵᠠᠪᠰᠠᠷᠯᠠᠭ᠎ᠠ ᠶᠢᠨ ᠬᠤᠭᠤᠴᠠᠭᠠᠨ ᠳᠤ ᠰᠤᠷᠤᠭᠴᠢᠳ ᠠᠰᠠᠷ ᠤᠨ ᠳᠠᠪᠬᠤᠷᠭ᠎ᠠ ᠪᠠᠷ ᠲᠣᠭᠤᠷᠢᠵᠤ ᠪᠣᠯᠬᠤ ᠦᠭᠡᠢ᠂ ᠬᠢᠴᠢᠶᠡᠯ ᠤᠨ ᠭᠡᠷ ᠢᠶᠠᠷ ᠲᠣᠭᠤᠷᠢᠵᠤ ᠪᠣᠯᠬᠤ ᠦᠭᠡᠢ᠂ ᠴᠤᠭᠯᠠᠷᠠᠵᠤ ᠪᠣᠯᠬᠤ ᠦᠭᠡᠢ ᠭᠡᠵᠦ ᠱᠠᠭᠠᠷᠳᠠᠵᠠᠢ᠃ ᠬᠠᠮᠢᠶ᠎ᠠ ᠦᠭᠡᠢ ᠬᠥᠮᠥᠰ ᠢ ᠴᠥᠮ ᠰᠤᠷᠭᠠᠭᠤᠯᠢ ᠳᠤ ᠣᠷᠣᠭᠤᠯᠬᠤ ᠶᠢ ᠵᠥᠪᠰᠢᠶᠡᠷᠡᠬᠦ ᠦᠭᠡᠢ᠂ ᠵᠥᠪᠰᠢᠶᠡᠷᠡᠯ ᠣᠯᠣᠭᠰᠠᠨ ᠦᠭᠡᠢ ᠰᠣᠷᠣᠭᠴᠢ ᠶᠢ ᠭᠠᠳᠠᠭᠰᠢ ᠭᠠᠷᠭᠠᠵᠤ ᠪᠣᠯᠬᠤ ᠦᠭᠡᠢ᠂ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠬᠢᠴᠢᠶᠡᠯ ᠠᠴᠠ ᠰᠠᠭᠠᠲᠠᠭᠰᠠᠨ ᠪᠠᠶᠢᠪᠠᠯ ᠰᠢᠯᠳᠠᠭᠠᠨ ᠢ ᠨᠢ ᠨᠡᠬᠡᠮᠵᠢᠯᠡᠨ ᠲᠡᠮᠳᠡᠭᠯᠡᠬᠦ ᠪᠠ ᠬᠢᠴᠢᠶᠡᠯ ᠰᠡᠷᠭᠦᠭᠡᠬᠦ ᠶᠢ ᠪᠠᠶᠢᠴᠠᠭᠠᠨ ᠰᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠰᠣᠷᠣᠭᠴᠢ ᠶᠢᠨ ᠴᠢᠯᠦᠭᠡ ᠭᠤᠶᠤᠬᠤ ᠶᠢ ᠪᠦᠷᠢᠳᠬᠡᠨ ᠳᠠᠩᠰᠠᠯᠠᠭᠤᠯᠬᠤ ᠬᠡᠷᠡᠭᠲᠡᠢ᠃ ᠰᠤᠷᠭᠠᠭᠤᠯᠢ ᠲᠠᠷᠬᠠᠭᠰᠠᠨ ᠤ ᠳᠠᠷᠠᠭ᠎ᠠ᠂ ᠰᠤᠷᠭᠠᠭᠤᠯᠢ ᠳᠤ ᠬᠤᠴᠤᠷᠠᠵᠦ ᠪᠣᠯᠬᠤ ᠦᠭᠡᠢ ᠂ ᠰᠤᠷᠭᠠᠭᠤᠯᠢ᠂ ᠵᠠᠮ ᠳᠡᠭᠡᠷ᠎ᠡ ᠪᠠᠶᠢᠬᠤ ᠴᠠᠭ ᠢ ᠪᠠᠭᠠᠰᠬᠠᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1