ᠲᠣᠭᠲᠠᠬᠤ ᠰᠢᠶᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2022/3/29
      3 ᠳ᠋ᠤᠭᠠᠷ ᠰᠠᠷ᠎ᠠ ᠶᠢᠨ 28 ᠤ ᠡᠳᠦᠷ᠂ ᠲᠣᠭᠲᠠᠬᠤ ᠰᠢᠶᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠬᠢᠯᠡᠵᠦ᠂ ᠪᠦᠬᠦ ᠰᠢᠶᠠᠨ ᠢ ᠳᠠᠶᠢᠴᠢᠯᠠᠨ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ᠂ ᠨᠡᠩ ᠬᠦᠴᠦᠲᠡᠢ ᠠᠵᠢᠯ ᠤᠨ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠠᠴᠠ ᠰᠠᠭᠠᠲᠠᠭᠰᠠᠨ ᠴᠠᠭ ᠢ ᠠᠮᠵᠢᠵᠤ᠂ ᠰᠠᠭᠠᠲᠠᠭᠰᠠᠨ ᠠᠵᠢᠯ ᠢ ᠨᠥᠬᠦᠪᠦᠷᠢᠯᠡᠵᠦ᠂ ᠠᠵᠤ ᠠᠬᠤᠢ ᠶᠢᠨ ᠬᠥᠭᠵᠢᠯᠲᠡ ᠶᠢᠨ ᠡᠮᠬᠢ ᠳᠢᠭᠯᠢᠮ ᠢ ᠪᠦᠬᠦ ᠲᠠᠯ᠎ᠠ ᠪᠠᠷ ᠰᠡᠷᠭᠦᠭᠡᠵᠦ᠂ ᠲᠦᠷᠦᠯ ᠵᠦᠢᠯ ᠤᠨ ᠪᠣᠭᠤᠮᠲᠠ ᠰᠢᠪᠲᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠠᠵᠢᠯ ᠢ ᠶᠡᠬᠡᠪᠡᠷ ᠥᠷᠨᠢᠭᠦᠯᠵᠦ᠂ ᠰᠢᠨ᠎ᠡ ᠴᠠᠭ ᠦᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠭᠤᠸ ᠬᠠᠨ ᠬᠤᠷᠠᠯ ᠡᠷᠭᠢᠯᠡᠵᠦ᠂ ᠦ᠋ ᠹᠦ᠋ ᠵᠥᠩ᠂ ᠶᠠᠩ ᠶᠢᠨ ᠂ ᠵᠠᠩ ᠵᠧᠨ ᠬᠠᠢ᠂ ᠰᠢᠶ᠋ᠧ ᠴᠦᠨ ᠯᠦᠩ᠂ ᠡᠯ᠎ᠡ ᠬᠤᠳᠠᠯᠳᠤᠭᠠᠴᠢᠨ ᠤᠷᠢᠬᠤ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠵᠠᠢ᠃
     ᠬᠤᠷᠠᠯ ᠠᠴᠠ᠂ ︽ᠪᠦᠬᠦ ᠠᠷᠠᠳ ᠢ ᠳᠠᠶᠢᠴᠢᠯᠠᠨ ᠭᠦᠶᠦᠬᠦ ᠮᠠᠶ᠋ᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠬᠤ ᠲᠤᠬᠠᠢ ᠮᠡᠳᠡᠭᠳᠡᠯ︾ ᠢ ᠤᠩᠰᠢᠨ ᠨᠡᠶᠢᠲᠡᠯᠡᠵᠦ᠂ ᠡᠭᠦᠨ ᠤ ᠬᠠᠮᠲᠤ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠪᠥᠬᠦ ᠴᠤᠪᠤᠷᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠤᠨ ᠴᠢᠬᠤᠯᠠ ᠨᠥᠬᠦᠴᠡᠯ ᠤᠨ ᠴᠤᠪᠤᠷᠠᠯ᠂ ᠠᠵᠤ ᠦᠢᠯᠡᠰ ᠤᠨ ᠵᠥᠪᠰᠢᠶᠡᠷᠡᠯ ᠤᠨ ᠲᠥᠷᠥ ᠶᠢᠨ ᠪᠣᠳᠣᠯᠭ᠎ᠠ᠂ ᠠᠵᠤ ᠦᠢᠯᠡᠰ ᠤᠨ ᠬᠡᠯᠬᠢᠶ᠎ᠡ᠂ ᠦᠢᠯᠡᠳᠪᠦᠷᠢᠯᠡᠯ ᠤᠨ ᠬᠦᠴᠦᠨ ᠵᠦᠢᠯ᠂ ᠣᠷᠴᠢᠨ ᠠᠬᠤᠢ ᠶᠢᠨ ᠨᠥᠯᠥᠭᠡᠯᠡᠯ ᠤᠨ ᠦᠨᠡᠯᠡᠯᠲᠡ ᠶᠢ ᠭᠦᠢᠴᠡᠳᠬᠡᠬᠦ ᠴᠢᠬᠤᠯᠠ ᠨᠥᠬᠦᠴᠡᠯ ᠤᠨ ᠴᠤᠪᠤᠷᠠᠯ ᠪᠣᠯᠣᠨ ᠣᠷᠴᠢᠨ ᠠᠬᠤᠢ ᠶᠢᠨ ᠪᠠᠭᠲᠠᠭᠠᠮᠵᠢ ᠶᠢᠨ ᠲᠣᠳᠣᠷᠬᠠᠶᠢᠯᠠᠯᠲᠠ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠮᠡᠳᠡᠯᠭᠡ ᠵᠡᠷᠭᠡ ᠵᠢᠭᠠᠨ ᠰᠤᠷᠭᠠᠯᠲᠠ ᠶᠢᠨ ᠠᠭᠤᠯᠭ᠎ᠠ ᠶᠢ ᠬᠠᠨᠳᠤᠯᠭᠠᠲᠤ ᠴᠢᠨᠠᠷᠲᠠᠢ ᠪᠠᠷ ᠲᠣᠬᠢᠷᠠᠭᠤᠯᠪᠠ᠂ ᠡᠭᠦᠨ ᠳᠤ ᠮᠠᠨ ᠤ ᠰᠢᠶᠠᠨ ᠤ ᠭᠤᠣᠯᠯᠠᠬᠤ ᠠᠵᠤ ᠦᠢᠯᠡᠰ ᠤᠨ ᠮᠡᠳᠡᠯᠭᠡ ᠶᠢᠨ ᠲᠠᠨᠢᠯᠴᠠᠭᠤᠯᠭ᠎ᠠ ᠪᠠᠶᠢᠬᠤ ᠮᠥᠷᠲᠡᠭᠡᠨ ᠪᠠᠰᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠵᠢᠴᠢ ᠬᠦᠴᠦᠨ ᠵᠦᠢᠯ ᠤᠨ ᠲᠠᠶᠢᠯᠤᠮᠵᠢ ᠪᠠᠶᠢᠨ᠎ᠠ᠃ ᠬᠢᠴᠢᠶᠡᠯ ᠤᠨ ᠠᠭᠤᠯᠭ᠎ᠠ ᠡᠯᠪᠡᠭ ᠪᠠᠶᠠᠯᠢᠭ ᠪᠠᠶᠢᠵᠤ᠂ ᠬᠤᠳᠠᠯᠳᠤᠭᠠᠴᠢᠨ ᠤᠷᠢᠬᠤ ᠬᠥᠮᠥᠰ ᠤᠨ ᠶᠡᠷᠦᠩᠬᠡᠢ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠠᠰᠢᠭᠲᠠᠢ ᠪᠠᠶᠢᠳᠠᠭ᠃      ᠭᠤᠣ ᠵᠧᠩ᠂ ᠦᠵᠡᠯᠲᠡ ᠪᠠᠨ ᠰᠢᠨᠡᠴᠢᠯᠡᠬᠦ ᠶᠢ ᠳᠣᠪᠤᠶᠢᠯᠭᠠᠵᠤ᠂ ᠮᠠᠨ ᠤ ᠰᠢᠶᠠᠨ ᠤ ᠭᠠᠳᠠᠭᠰᠢ ᠨᠡᠭᠡᠭᠡᠯᠲᠡ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠪᠦᠬᠦ ᠲᠠᠯ᠎ᠠ ᠪᠠᠷ ᠡᠷᠢᠵᠦ᠂ ᠨᠡᠭᠡᠭᠡᠯᠲᠡ ᠲᠠᠢ ᠰᠡᠳᠬᠢᠬᠦᠢ᠂ ᠨᠡᠭᠡᠭᠡᠯᠲᠡ ᠲᠠᠢ ᠬᠡᠬᠦᠳᠡᠭ ᠴᠡᠭᠡᠵᠢ᠂ ᠨᠡᠭᠡᠭᠡᠯᠲᠡ ᠲᠠᠢ ᠣᠪᠣᠷ ᠪᠠᠶᠢᠳᠠᠯ ᠢᠶᠠᠷ ᠭᠠᠳᠠᠭᠠᠳᠤ ᠶᠢᠨ ᠲᠡᠷᠢᠭᠦᠨ ᠤ ᠦᠵᠡᠯᠲᠡ᠂ ᠴᠢᠳᠠᠪᠤᠷᠢᠲᠠᠨ᠂ ᠪᠡᠯᠡ ᠮᠥᠩᠭᠦ᠂ ᠲᠧᠭᠨᠢᠭ ᠮᠡᠷᠭᠡᠵᠢᠯ᠂ ᠬᠠᠮᠢᠶᠠᠷᠤᠯᠲᠠ ᠵᠡᠷᠭᠡ ᠡᠯᠧᠮᠧᠨ᠋ᠲ ᠢ ᠲᠠᠳᠠᠨ ᠠᠪᠴᠢᠷᠠᠵᠤ᠂ ᠨᠡᠭᠡᠭᠡᠯᠲᠡ ᠶᠢᠨ ᠬᠠᠮᠤᠭ ᠤᠨ ᠡᠮᠦᠨ᠎ᠡ ᠡᠩᠨᠡᠭᠡᠨ ᠳᠤ ᠶᠠᠪᠤᠵᠤ᠂ ᠨᠡᠭᠡᠭᠡᠯᠲᠡ ᠶᠢᠨ ᠬᠤᠰᠢᠭᠤᠴᠢ ᠪᠣᠯᠬᠤ ᠪᠠᠷ ᠴᠢᠷᠮᠠᠶᠢᠵᠤ᠂ ᠦᠵᠡᠯ ᠰᠠᠨᠠᠭᠠᠨ ᠤ ᠶᠡᠭᠡ ᠴᠢᠯᠦᠭᠡᠯᠡᠯᠲᠡ ᠪᠠᠷ ᠢᠶᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠶᠡᠭᠡ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠠᠷᠠᠯᠵᠢᠶᠠᠴᠢᠨ ᠤᠷᠢᠬᠤ ᠴᠢᠭᠯᠡᠯ ᠢ ᠣᠨᠣᠪᠴᠢᠲᠠᠢ ᠡᠵᠡᠮᠳᠡᠵᠦ᠂ ᠠᠷᠠᠯᠵᠢᠶᠠᠴᠢᠨ ᠤᠷᠢᠬᠤ ᠭᠤᠣᠯᠳᠠᠯᠭ᠎ᠠ ᠶᠢ ᠲᠤᠪᠤᠶᠢᠯᠭᠠᠵᠦ᠂ ᠴᠢᠨᠠᠷ ᠰᠠᠶᠢᠲᠠᠢ ᠬᠥᠭᠵᠢᠯᠲᠡ ᠳᠤ ᠨᠡᠩ ᠬᠦᠴᠦᠲᠡᠢ᠂ ᠨᠡᠩ ᠦᠷᠭᠦᠯᠵᠢᠯᠡᠬᠦ᠂ ᠠᠶᠤᠯ ᠲᠦᠭᠰᠢᠭᠦᠷᠢ ᠶᠢ ᠨᠡᠩ ᠡᠰᠡᠷᠭᠦᠴᠡᠬᠦ ᠬᠥᠳᠡᠯᠭᠡᠭᠦ ᠬᠦᠴᠦᠨ ᠤ ᠰᠢᠰᠲ᠋ᠧᠮ ᠢ ᠪᠠᠶᠢᠭᠤᠯᠬᠤ ᠬᠡᠷᠡᠭᠲᠡᠢ᠃ ᠲᠣᠯᠣᠭᠠᠶᠢᠯᠠᠭᠴᠢ ᠡᠯᠰᠡᠬᠦ᠂ ᠬᠡᠯᠬᠢᠶ᠎ᠡ ᠶᠢ ᠨᠥᠬᠦᠪᠦᠷᠢᠯᠡᠬᠦ᠂ ᠤᠯᠠᠨ ᠲᠦᠮᠡᠨ ᠢ ᠴᠤᠭᠯᠠᠷᠠᠭᠤᠯᠬᠤ ᠶᠡᠷᠦᠩᠬᠡᠢ ᠰᠡᠳᠬᠢᠴᠡ ᠶᠢᠨ ᠶᠣᠰᠣᠭᠠᠷ᠂ ᠠᠵᠤ ᠦᠢᠯᠡᠰ ᠤᠨ ᠬᠡᠯᠬᠢᠶ᠎ᠡ ᠳᠠᠬᠢ ᠳᠡᠭᠡᠳᠦ ᠳᠣᠣᠷᠠᠳᠤ ᠤᠷᠤᠰᠬᠠᠯ ᠤᠨ ᠬᠠᠷᠢᠴᠠᠭ᠎ᠠ ᠶᠢ ᠭᠦᠨᠵᠡᠭᠡᠢ ᠠᠭᠤᠳᠠᠯᠵᠤ᠂ ᠮᠠᠨ ᠤ ᠰᠢᠶᠠᠨ ᠤ ᠭᠤᠣᠯᠯᠠᠬᠤ ᠠᠵᠤ ᠦᠢᠯᠡᠰ ᠲᠠᠢ ᠤᠶᠠᠯᠳᠤᠭᠤᠯᠤᠨ ᠵᠠᠬ᠎ᠠ ᠳᠡᠯᠭᠡᠭᠦᠷ ᠢ ᠨᠠᠷᠢᠨ ᠬᠤᠪᠢᠶᠠᠵᠤ᠂ ᠭᠤᠣᠯᠯᠠᠬᠤ ᠠᠵᠤ ᠦᠢᠯᠡᠰ ᠤᠨ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ ᠶᠢ ᠲᠣᠪᠤᠶᠢᠯᠭᠠᠨ᠂ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠲᠦᠯᠬᠢᠨ ᠠᠬᠢᠭᠤᠯᠵᠤ ᠂ ᠥᠷᠢᠰᠦᠯᠳᠦᠭᠡᠨ ᠤ ᠳᠠᠪᠠᠭᠤᠯᠢᠭ ᠢ ᠨᠡᠮᠡᠭᠳᠡᠭᠦᠯᠦᠨ᠎ᠡ᠃ ᠰᠢᠨ᠎ᠡ ᠶᠢ ᠡᠭᠦᠳᠬᠦ ᠠᠷᠭ᠎ᠠ ᠮᠠᠶ᠋ᠢᠭ ᠢ ᠲᠣᠪᠤᠶᠢᠯᠭᠠᠨ᠂ ᠣᠯᠠᠨ ᠡᠰᠢᠵᠢᠭᠦᠯᠦᠨ ᠬᠤᠳᠠᠯᠳᠤᠭᠠᠴᠢᠨ ᠤᠷᠢᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠳᠦᠯ ᠢ ᠲᠣᠪᠤᠶᠢᠯᠭᠠᠨ᠂ ︽ᠶᠡᠬᠡᠪᠡᠷ ᠬᠤᠳᠠᠯᠳᠤᠭᠠᠴᠢᠨ ᠤᠷᠢᠬᠤ︾ ᠣᠨᠣᠯᠵᠢᠬᠤᠨ ᠢ ᠪᠣᠶ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠭᠤᠸ ᠵᠧᠩ ᠴᠢᠬᠤᠯᠠᠴᠢᠯᠠᠭᠰᠠᠨ ᠨᠢ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠣᠯ ᠠᠵᠤ ᠠᠬᠤᠶᠢᠯᠠᠯ ᠤᠨ ᠣᠷᠣᠰᠢᠨ ᠲᠣᠭᠲᠠᠨᠢᠬᠤ ᠶᠢᠨ ᠬᠥᠷᠥᠰᠥ ᠰᠢᠷᠣᠢ ᠮᠥᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠤᠷᠢᠳᠠᠴᠢ ᠨᠥᠬᠦᠴᠡᠯ ᠮᠥᠨ᠂ ᠨᠠᠩ ᠴᠤ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠪᠠ ᠪᠠᠲᠤᠯᠠᠭ᠎ᠠ ᠮᠥᠨ᠃ ᠬᠤᠳᠠᠯᠳᠤᠭᠠᠴᠢᠨ ᠢ ᠳᠣᠲᠣᠨᠣᠴᠢᠯᠠᠬᠤ ᠣᠶᠢᠯᠠᠭᠠᠭᠳᠠᠬᠤᠨ ᠢ ᠪᠤᠢ ᠪᠣᠯᠭᠠᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠠᠭᠤᠷ ᠠᠮᠢᠰᠬᠤᠯ ᠢ ᠪᠤᠢ ᠪᠣᠯᠭᠠᠨ᠎ᠠ᠃ ᠲᠥᠪ ᠭᠤᠣᠯᠴᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠣᠷᠣᠨ ᠪᠦᠰᠡ ᠶᠢᠨ ᠪᠡᠯᠡ ᠣᠷᠣᠭᠤᠯᠤᠯᠲᠠ ᠶᠢᠨ ᠰᠢᠨ᠎ᠡ ᠥᠨᠳᠦᠷᠯᠢᠭ ᠢ ᠴᠢᠷᠮᠠᠶᠢᠨ ᠪᠤᠢ ᠪᠣᠯᠭᠠᠨ᠎ᠠ᠃ ᠬᠦᠷᠢᠶᠡᠯᠡᠩ ᠲᠣᠭᠤᠷᠢᠭ ᠤᠨ ᠠᠴᠢᠶᠠᠯᠠᠪᠤᠷᠢ ᠶᠢᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠰᠠᠭᠤᠷᠢ ᠪᠠᠲᠤᠯᠠᠭ᠎ᠠ ᠶᠢ ᠴᠢᠩᠭᠠᠳᠬᠠᠵᠤ᠂ ᠭᠠᠵᠠᠷ ᠰᠢᠷᠣᠢ ᠶᠢᠨ ᠡᠬᠢ ᠪᠠᠶᠠᠯᠢᠭ ᠤᠨ ᠪᠠᠲᠤᠯᠠᠭ᠎ᠠ ᠶᠢ ᠴᠢᠩᠭᠠᠳᠬᠠᠵᠤ᠂ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ ᠴᠢᠩᠭ᠎ᠠ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠲᠣᠭᠲᠠᠬᠤ ᠰᠢᠶᠠᠨ ᠤ ᠠᠷᠠᠯᠵᠢᠶᠠᠴᠢᠨ ᠤᠷᠢᠵᠤ ᠪᠡᠯᠡ ᠮᠥᠩᠭᠦ ᠲᠠᠲᠠᠬᠤ ︽ᠳᠠᠭᠠᠭᠤᠯᠤᠭᠴᠢ︾ ᠪᠣᠯᠬᠤ ᠪᠠᠷ ᠴᠢᠷᠮᠠᠶᠢᠵᠤ᠂ ᠲᠣᠭᠲᠠᠬᠤ ᠰᠢᠶᠠᠨ ᠤ ᠳᠦᠷᠢ ᠲᠥᠷᠬᠦ ᠶᠢᠨ ᠤᠬᠠᠭᠤᠯᠭ᠎ᠠ ᠶᠢᠨ ︽ᠣᠷᠣᠯᠠᠨ ᠥᠭᠦᠯᠡᠭᠴᠢ︾ ᠪᠣᠯᠬᠤ ᠪᠠᠷ ᠴᠢᠷᠮᠠᠶᠢᠵᠤ᠂ ᠲᠡᠷᠢᠭᠦᠨ ᠤ ᠬᠥᠭᠵᠢᠯᠲᠡ ᠶᠢᠨ ᠲᠤᠷᠰᠢᠯᠭ᠎ᠠ ᠶᠢᠨ ︽ᠤᠯᠠᠮᠵᠢᠯᠠᠭᠴᠢ︾ ᠪᠣᠯᠬᠤ ᠪᠠᠷ ᠴᠢᠷᠮᠠᠶᠢᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠣᠯᠣᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠯᠵᠢᠶᠠᠴᠢᠨ ᠤᠷᠢᠬᠤ ᠠᠵᠢᠯ ᠳᠤ ᠤᠷᠤᠯᠴᠠᠨ᠎ᠠ ᠭᠠᠪᠠ᠃      ᠭᠤᠤ ᠵᠧᠩ ᠱᠠᠭᠠᠷᠳᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠬᠥᠭᠵᠢᠯᠲᠡ ᠶᠢ ᠲᠦᠷᠭᠡᠳᠬᠡᠬᠦ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠭᠠᠨ ᠴᠢᠬᠤᠯᠠ ᠪᠠᠶᠢᠷᠢᠨ ᠳᠤ ᠲᠠᠯᠪᠢᠵᠤ᠂ ᠠᠵᠢᠯᠯᠠᠭᠠᠨ ᠤ ᠲᠥᠯᠥᠪᠯᠡᠭᠡ ᠲᠣᠭᠲᠠᠭᠠᠵᠤ᠂ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨᠠᠬᠢ ᠶᠢ ᠵᠣᠯᠭᠠᠭᠤᠯᠬᠤ ᠬᠡᠷᠡᠭᠲᠡᠢ᠃ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠬᠡᠯᠡᠯᠴᠡᠭᠡ ᠳᠤ ᠪᠡᠶ᠎ᠡ ᠪᠠᠷ ᠢᠶᠠᠨ ᠣᠷᠣᠯᠴᠠᠵᠤ᠂ ᠪᠡᠶ᠎ᠡ ᠪᠠᠷ ᠢᠶᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠵᠦᠢᠯ ᠢ ᠪᠡᠶ᠎ᠡ ᠪᠠᠷ ᠢᠶᠠᠨ ᠲᠣᠬᠢᠷᠠᠭᠤᠯᠬᠤ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠢ ᠵᠣᠬᠢᠴᠠᠭᠤᠯᠤᠨ ᠲᠣᠬᠢᠷᠠᠭᠤᠯᠬᠤ ᠳᠦᠷᠢᠮ ᠢ ᠪᠠᠶᠢᠭᠤᠯᠵᠤ᠂ ᠡᠯ᠎ᠡ ᠵᠦᠢᠯ ᠤᠨ ᠭᠠᠷᠳᠠᠮ ᠢ ᠭᠦᠢᠴᠡᠳᠬᠡᠬᠦ ᠶᠢ ᠠᠬᠢᠭᠤᠯᠤᠨ᠂ ︽ᠨᠢᠭᠡ ᠲᠥᠷᠥᠯ ᠵᠦᠢᠯ᠂ ᠨᠢᠭᠡ ᠤᠳᠤᠷᠢᠳᠤᠯᠭ᠎ᠠ᠂ ᠨᠢᠭᠡ ᠢᠵᠢ ᠲᠥᠰᠥᠯ᠂ ᠡᠴᠦᠰ ᠲᠤᠨᠢ ᠲᠤᠯᠲᠠᠯ᠎ᠠ ᠠᠳᠬᠤᠬᠤ︾ ᠠᠵᠢᠯ ᠤᠨ ᠲᠣᠭᠲᠠᠴᠠ ᠶᠢ ᠶᠡᠬᠡᠪᠡᠷ ᠬᠡᠷᠡᠭᠵᠢᠭᠦᠯᠬᠦ ᠬᠡᠷᠡᠭᠲᠡᠢ᠃ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠭᠦᠷᠭᠡ ᠶᠢ ᠱᠠᠲᠤ ᠱᠠᠲᠤ ᠪᠠᠷ ᠵᠠᠳᠠᠯᠵᠤ᠂ ᠬᠥᠮᠥᠨ ᠪᠦᠬᠦᠨ ᠳᠤ ᠡᠭᠦᠷᠭᠡ ᠲᠠᠢ᠂ ᠭᠦᠢᠴᠡᠳᠬᠡᠬᠦ ᠲᠤᠭ᠎ᠠ ᠲᠠᠢ ᠪᠠᠶᠢᠬᠤ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ᠂ ᠵᠢᠷᠤᠮᠵᠢᠯ ᠲᠠᠢ ᠪᠥᠭᠡᠳ ᠪᠦᠲᠦᠮᠵᠢᠲᠡᠶ ᠠᠵᠢᠯ ᠤᠨ ᠲᠣᠭᠲᠠᠴᠠ ᠶᠢ ᠪᠤᠢ ᠪᠣᠯᠭᠠᠵᠤ᠂ ᠣᠳᠣᠬᠢᠴᠢᠯᠠᠭᠰᠠᠨ ᠲᠣᠭᠲᠠᠬᠤ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ︕ ᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1