ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 46 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2022 ᠣᠨ ᠤ 2 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/30
      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 46 ᠳ᠋ᠤᠭᠠᠷ ᠤᠳᠠᠭᠠᠨ ᠤ ᠬᠤᠷᠠᠯ ᠵᠢᠴᠢ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2022 ᠣᠨ ᠤ 2 ᠳ᠋ᠤᠭᠠᠷ ᠤᠳᠠᠭᠠᠨ ᠤ ᠬᠤᠷᠠᠯ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 37 ᠳ᠋ᠤᠭᠠᠷ ᠤᠳᠠᠭᠠᠨ ᠤ ᠬᠤᠷᠠᠯ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 2022 ᠣᠨ ᠤ 30 ᠳ᠋ᠤᠭᠠᠷ ᠤᠳᠠᠭᠠᠨ ᠤ ᠬᠤᠷᠠᠯ ᠬᠤᠷᠠᠯᠳᠤᠪᠠ᠃
     3 ᠳ᠋ᠤᠭᠠᠷ ᠰᠠᠷ᠎ᠠ ᠶᠢᠨ 23  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢ ᠴᠦᠨ ᠶᠠᠨ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 46 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2022 ᠣᠨ ᠤ 2 ᠳ᠋ᠤᠭᠠᠷ ᠤᠳᠠᠭ᠎ᠠ ᠶᠢᠨ ᠬᠤᠷᠠᠯ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 37 ᠳ᠋ᠤᠭᠠᠷ ᠤᠳᠠᠭ᠎ᠠ ᠶᠢᠨ ᠬᠤᠷᠠᠯ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 2022 ᠣᠨ ᠤ 30 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ᠂ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠪᠦᠬᠦ ᠤᠯᠤᠰ᠂ ᠪᠦᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠠᠢ︔ ︽2021 ᠣᠨ ᠤ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠲᠥᠪ ᠬᠤᠷᠢᠶᠠᠨ ᠤ ᠨᠠᠢᠮᠠᠨ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾᠂ ︽2021 ᠣᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︾  ᠶᠢᠨ ᠵᠣᠷᠢᠭ ᠰᠠᠨᠠᠭ᠎ᠠ ᠶᠢ ᠤᠯᠠᠮᠵᠢᠯᠠᠪᠠ︔ ︽ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠷᠭ᠎ᠠ︾ ︽ᠲᠥᠪ ᠤᠨ ᠬᠤᠶᠠᠳᠤᠭᠠᠷ ᠡᠭᠡᠯᠵᠢ ᠶᠢᠨ ᠵᠢᠷᠭᠤᠳᠤᠭᠠᠷ ᠪᠦᠯᠦᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠶᠢ ᠤᠭᠲᠤᠬᠤ ᠲᠥᠪ ᠤᠨ ᠬᠤᠶᠠᠳᠤᠭᠠᠷ ᠡᠭᠡᠯᠵᠢ ᠶᠢᠨ ᠵᠢᠷᠭᠤᠳᠤᠭᠠᠷ ᠪᠦᠯᠦᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠪᠡᠯᠡᠳᠬᠡᠯ ᠠᠵᠢᠯ ᠢ ᠤᠭᠲᠤᠬᠤ ᠪᠠᠶᠢᠳᠠᠯ᠂ ︽ᠥᠪᠡᠷᠲᠡᠭᠡᠨ ᠵᠠᠰᠠᠬᠤ ᠣᠷᠣᠨ ᠤ 2022 ᠣᠨ ᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︽2022 ᠣᠨ ᠤ ᠥᠪᠥᠷ ᠮᠣᠩᠭᠤᠯ ᠤᠨ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠬᠥᠭᠵᠢᠯᠲᠡ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠲᠥᠷᠥᠯ ᠵᠦᠢᠯ ᠤᠨ ᠪᠡᠯᠡ ᠮᠥᠩᠭᠦ ᠶᠢ ᠲᠡᠮᠡᠴᠡᠨ ᠣᠯᠣᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 17 ᠳ᠋ᠤᠭᠠᠷ ᠤᠳᠠᠭ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 30 ᠳ᠋ᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠭᠤᠣᠯᠳᠠᠯᠭ᠎ᠠ ᠲᠠᠢ ᠠᠵᠢᠯ ᠤᠨ ᠲᠣᠭᠲᠠᠴᠠ ᠶᠢ ᠬᠡᠪ ᠤᠨ ᠪᠥᠭᠡᠳ ᠤᠷᠳᠤ ᠬᠤᠭᠤᠴᠠᠭ᠎ᠠ ᠪᠠᠷ ᠳᠠᠭᠠᠭᠠᠴᠢᠯᠠᠨ ᠬᠤᠯᠪᠣᠭᠠᠯᠠᠬᠤ ᠶᠢ ᠬᠡᠷᠡᠭᠵᠢᠭᠦᠯᠬᠦ ᠬᠤᠯᠪᠣᠭᠳᠠᠯ ᠪᠦᠬᠦᠢ ᠤᠴᠢᠷ ᠢ ᠰᠤᠳᠤᠯᠪᠠ᠃      ᠬᠤᠷᠠᠯ ᠠᠴᠠ᠂ ᠡᠨᠡ ᠵᠢᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠤᠨ᠎ᠠ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠨᠢ ᠶᠡᠷᠦ ᠪᠤᠰᠤ ᠶᠢᠨ ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠶᠤᠮ᠃ ᠵᠣᠬᠢᠶᠠᠨ ᠪᠠᠶᠢᠭᠤᠯᠬᠤ᠂ ᠤᠬᠠᠭᠤᠯᠬᠤ ᠪᠠ ᠨᠢᠭᠡᠳᠦᠮᠡᠯ ᠹᠷᠣᠨᠲ ᠤᠨ ᠠᠵᠢᠯ ᠨᠢ ︽ᠰᠠᠶᠢᠨ ᠬᠥᠮᠥᠨ ᠢ ᠬᠡᠷᠡᠭᠯᠡᠬᠦ᠂  ᠬᠥᠮᠥᠨ ᠢ ᠵᠣᠷᠢᠭᠵᠢᠭᠤᠯᠬᠤ᠂ ᠬᠥᠮᠥᠨ ᠢ ᠨᠢᠭᠲᠠᠷᠠᠭᠤᠯᠬᠤ ︾ ᠴᠢᠬᠤᠯᠠ ᠡᠭᠦᠷᠭᠡ ᠴᠢᠳᠠᠪᠬᠢ ᠶᠢ ᠡᠭᠦᠷᠭᠡᠯᠡᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠪᠠ ᠪᠠᠲᠤ ᠴᠢᠩᠭ᠎ᠠ ᠪᠠᠲᠤᠯᠠᠭ᠎ᠠ ᠪᠣᠯᠣᠨ᠎ᠠ᠃ ᠪᠦᠬᠦ ᠤᠯᠤᠰ᠂ ᠪᠦᠬᠦ ᠣᠷᠣᠨ ᠤ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠵᠣᠬᠢᠶᠠᠨ ᠪᠠᠶᠢᠭᠤᠯᠬᠤ ᠠᠵᠢᠯ᠂ ᠰᠤᠷᠲᠠᠯ ᠤᠬᠠᠭᠤᠯᠭ᠎ᠠ ᠦᠵᠡᠯ ᠰᠠᠨᠠᠭ᠎ᠠ᠂ ᠨᠢᠭᠡᠳᠦᠮᠡᠯ ᠹᠷᠣᠨᠲ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠲᠤᠪᠤᠶᠢᠯᠭᠠᠵᠦ᠂ ᠠᠵᠢᠯ ᠤᠨ ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠨᠡᠩ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠬᠠᠯᠠᠭᠤᠨ ᠰᠡᠳᠬᠢᠯᠭᠡ᠂ ᠨᠡᠩ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠵᠣᠬᠢᠶᠠᠨ ᠪᠠᠶᠢᠭᠤᠯᠬᠤ᠂ ᠤᠬᠠᠭᠤᠯᠬᠤ ᠪᠠ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠪᠠᠶᠢᠳᠠᠯ ᠢ ᠳᠠᠰᠤᠷᠠᠯᠳᠠ ᠦᠭᠡᠢ ᠡᠭᠦᠳᠴᠦ᠂ ᠲᠣᠭᠲᠠᠬᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠮᠠᠨ ᠤ ᠰᠢᠶᠠᠨ ᠤ ᠬᠤᠯᠪᠣᠭᠳᠠᠯ ᠪᠦᠬᠦᠢ ᠬᠤᠷᠠᠯ ᠢ ᠨᠠᠷᠢᠨ ᠨᠢᠮᠪᠠᠢ ᠪᠡᠯᠡᠳᠬᠡᠵᠦ᠂ 2022 ᠣᠨ ᠤ ᠠᠵᠢᠯ ᠤᠨ ᠭᠤᠣᠯᠳᠠᠯᠭ᠎ᠠ ᠶᠢ ᠨᠠᠷᠢᠨ ᠬᠢᠨᠠᠮᠠᠭᠠᠢ ᠲᠣᠭᠲᠠᠭᠠᠵᠤ᠂ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠪᠦᠬᠦ ᠰᠢᠶᠠᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠠᠵᠢᠯ ᠤᠨ ᠲᠠᠰᠤᠷᠠᠯᠳᠡ ᠦᠭᠡᠢ ᠰᠢᠨ᠎ᠡ ᠲᠠᠪᠰᠢᠯᠳᠠ᠂ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠷᠣᠰᠢᠵᠤ ᠪᠠᠶᠢᠭ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ ᠠᠰᠠᠭᠤᠳᠠᠯ᠂ ᠦᠨᠳᠦᠰᠦᠨ ᠱᠠᠲᠤ ᠪᠣᠯᠣᠨ ᠤᠯᠠᠨ ᠲᠦᠮᠡᠨ ᠤ ᠲᠤᠰᠬᠠᠯ ᠴᠢᠩᠭ᠎ᠠ ᠲᠣᠪᠣᠶᠢᠮ᠎ᠠ ᠠᠰᠠᠭᠤᠳᠠᠯ ᠢ ᠪᠠᠶᠢᠩᠭᠤᠵᠢᠭᠤᠯᠤᠨ ᠪᠠᠶᠢᠴᠠᠭᠠᠨ ᠦᠵᠡᠬᠦ ᠪᠠ ᠴᠡᠭᠴᠡᠯᠡᠨ ᠵᠠᠰᠠᠵᠤ᠂ ︽ᠳᠦᠷᠪᠡᠨ ᠰᠤᠷᠲᠠᠯ︾ ᠳᠠᠬᠢᠨ ᠢᠯᠡᠷᠡᠬᠦ᠂ ᠳᠠᠯᠳᠠ ᠬᠤᠪᠢᠷᠠᠯᠲᠠ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠴᠥᠬᠦᠷᠡᠰᠢ ᠦᠭᠡᠢ ᠴᠢᠷᠮᠠᠶᠢᠨ ᠠᠵᠢᠯᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠢ ᠲᠤᠤᠱᠯᠠᠭᠤᠯᠬᠤ ᠪᠠ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠯ᠎ᠡ ᠵᠦᠢᠯ ᠤᠨ ᠲᠣᠭᠲᠠᠭᠠᠯ ᠪᠣᠯᠭᠠᠬᠤ ᠬᠡᠷᠡᠭᠲᠡᠢ᠃ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠤᠬᠠᠮᠰᠠᠷ ᠠᠴᠠ ᠪᠠᠨ ᠭᠥᠯᠢᠶᠡᠨ ᠠᠪᠴᠤ᠂ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠦᠷᠢᠶᠡᠯᠡᠬᠦ︾ ᠶᠢ ᠦᠢᠯᠡᠳᠦᠯᠭᠡᠵᠢᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠲᠥᠪ ᠤᠨ ᠰᠢᠮᠳᠠᠭᠤᠯᠤᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠲᠠᠢ ᠪᠠᠷᠢᠮᠵᠢᠶ᠎ᠠ ᠪᠠᠷ ᠢᠯᠡᠳᠬᠡᠵᠦ᠂ ᠡᠬᠢ ᠡᠭᠦᠰᠦᠯ ᠠᠴᠠ ᠨᠢ ᠠᠰᠠᠭᠤᠳᠠᠯ ᠢ ᠲᠤᠶᠢᠯᠪᠤᠷᠢᠲᠠᠢ ᠥᠭᠡᠷᠡᠴᠢᠯᠡᠵᠦ᠂ ᠪᠣᠳᠠᠲᠠᠢ ᠳᠤ ᠬᠦᠷᠲᠡᠯ᠎ᠡ ᠥᠭᠡᠷᠡᠴᠢᠯᠡᠬᠦ ᠶᠢ ᠪᠠᠲᠤᠯᠠᠵᠤ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠰᠢᠮᠳᠠᠭᠤᠯᠤᠨ ᠪᠠᠶᠢᠴᠠᠭᠠᠬᠤ ᠶᠢ ᠤᠭᠲᠤᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠶᠢ ᠴᠢᠨᠠᠭᠰᠢᠳᠠ ᠨᠠᠷᠢᠯᠢᠭᠵᠢᠭᠤᠯᠵᠤ᠂ ᠪᠠᠶᠢᠳᠠᠯ ᠢ ᠬᠠᠷᠢᠭᠤ ᠮᠡᠳᠡᠭᠦᠯᠬᠦ᠂ ᠮᠠᠲ᠋ᠧᠷᠢᠶᠠᠯ ᠬᠠᠩᠭᠠᠬᠤ᠂ ᠵᠣᠬᠢᠴᠠᠭᠤᠯᠤᠨ ᠪᠠᠲᠤᠯᠠᠬᠤ᠂ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠵᠦ᠂ ᠠᠵᠢᠯ ᠤᠨ ᠰᠢᠯᠭᠠᠷᠠᠭᠰᠠᠨ ᠰᠤᠷᠲᠠᠯ ᠢᠶᠠᠷ ᠰᠢᠮᠳᠠᠭᠤᠯᠤᠨ ᠪᠠᠶᠢᠴᠠᠭᠠᠬᠤ ᠳᠤ ᠬᠠᠮᠵᠢᠯᠴᠠᠵᠤ᠂ ᠰᠢᠮᠳᠠᠭᠤᠯᠤᠨ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ ᠶᠢ ᠣᠨᠣᠪᠴᠢᠲᠠᠢ ᠡᠵᠡᠮᠳᠡᠵᠦ᠂ ᠪᠦᠬᠦ ᠰᠢᠶᠠᠨ ᠤ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠣᠯᠣᠯᠴᠠᠭ᠎ᠠ ᠵᠣᠯᠭᠠᠯᠴᠠᠭ᠎ᠠ ᠶᠢ ᠴᠢᠩᠭᠠᠳᠬᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠬᠥᠬᠡᠬᠤᠲᠠ ᠶᠢᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠪᠣᠯᠣᠨ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠂ ᠪᠦᠬᠦ ᠰᠢᠶᠠᠨ ᠤ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ︽ᠭᠠᠳᠠᠭᠠᠳᠤ ᠠᠴᠠ  ᠬᠠᠯᠳᠠᠪᠦᠷᠢᠯᠠᠬᠤ ᠶᠢ ᠰᠡᠷᠭᠡᠶᠢᠯᠡᠬᠦ︾ ᠡᠭᠦᠷᠭᠡ ᠮᠥᠨᠬᠦ ᠬᠠᠲᠠᠭᠤ ᠪᠡᠷᠬᠡ ᠪᠠᠶᠢᠨ᠎ᠠ᠂ ᠪᠦᠬᠦ ᠰᠢᠶᠠᠨ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠮᠢᠨᠴᠦᠭᠦᠷᠡᠬᠦ ᠦᠵᠡᠯ ᠰᠠᠨᠠᠭ᠎ᠠ᠂ ᠠᠵᠠ ᠵᠠᠪᠰᠢᠶᠠᠨ ᠢ ᠡᠷᠢᠬᠦ ᠰᠡᠳᠬᠢᠴᠡ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠦᠷᠭᠦᠯᠵᠢᠯᠡᠨ ᠴᠢᠩᠭᠠᠷᠠᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠢᠮᠠᠭᠲᠠ ᠰᠠᠶᠢᠲᠤᠷ ᠠᠳᠬᠤᠵᠤ᠂ ᠡᠯ᠎ᠡ ᠵᠦᠢᠯ ᠤᠨ ᠨᠥᠭᠡᠴᠡ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠰᠠᠭᠤᠷᠢ ᠶᠢ ᠪᠠᠬᠢᠵᠢᠭᠦᠯᠬᠦ ᠬᠡᠷᠡᠭᠲᠡᠢ︔ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠪᠠᠴᠢᠮ ᠪᠠᠶᠢᠳᠠᠯ ᠢ ᠠᠷᠭᠠᠴᠠᠬᠤ ᠲᠤᠰᠬᠠᠯ ᠢ ᠴᠢᠩᠭᠠᠳᠬᠠᠬᠤ ᠬᠡᠷᠡᠭᠲᠡᠢ︔ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ︔ ᠵᠣᠬᠢᠶᠠᠨ ᠪᠠᠶᠢᠭᠤᠯᠤᠨ ᠳᠠᠶᠢᠴᠢᠯᠠᠬᠤ ᠶᠢ ᠴᠢᠩᠭᠠᠳᠬᠠᠵᠤ᠂ ᠸᠠᠺᠼᠢᠨ ᠤ ᠲᠠᠷᠢᠯᠭ᠎ᠠ ᠶᠢ ᠰᠠᠶᠢᠲᠤᠷ ᠬᠢᠬᠦ ᠬᠡᠷᠡᠭᠲᠡᠢ︔ ᠤᠬᠠᠭᠤᠯᠭ᠎ᠠ ᠶᠢᠨ ᠬᠡᠯᠪᠡᠷᠢ ᠶᠢ ᠪᠠᠶᠠᠯᠢᠭᠵᠢᠭᠤᠯᠵᠤ᠂ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠬᠢᠯᠪᠠᠷ ᠪᠤᠰᠤ ᠪᠠᠷ ᠣᠯᠣᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤ ᠰᠠᠬᠢᠬᠤ ᠬᠡᠷᠡᠭᠲᠡᠢ᠃ ᠨᠡᠶᠢᠭᠡᠮ ᠲᠣᠭᠤᠷᠢᠭ ᠤᠨ ᠲᠤᠤᠷᠴᠢᠯᠠᠭᠰᠠᠨ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠣᠶᠤᠨᠴᠢ ᠬᠠᠮᠢᠶᠠᠷᠤᠯᠲᠠ ᠶᠢᠨ ᠠᠷᠭ᠎ᠠ ᠪᠠᠷᠢᠯ ᠢ ᠴᠢᠩᠭᠠᠳᠬᠠᠵᠤ᠂ ᠬᠤᠳᠠ ᠶᠢᠨ ᠲᠣᠭᠤᠷᠢᠭ ᠤᠨ ᠨᠡᠭᠡᠭᠡᠯᠲᠡᠲᠤ ᠮᠠᠶ᠋ᠢᠭ ᠤᠨ ᠪᠠᠭ᠎ᠠ ᠲᠣᠭᠤᠷᠢᠭ᠂ ᠤᠷᠤᠨ ᠰᠠᠭᠤᠴᠠ ᠶᠢᠨ ᠲᠣᠭᠤᠷᠢᠭ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠦᠨᠡᠨᠬᠦ ᠴᠢᠩᠭᠠᠳᠬᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ᠂ ᠬᠥᠮᠥᠷᠭᠡ ᠳᠤ ᠣᠷᠣᠭᠤᠯᠵᠤ ᠨᠢᠭᠡᠳᠦᠯᠲᠡᠢ ᠪᠦᠷᠢᠳᠬᠡᠬᠦ᠂ ᠠᠵᠢᠯ ᠢ ᠰᠡᠷᠭᠦᠭᠡᠵᠦ ᠦᠢᠯᠡᠳᠪᠦᠷᠢᠯᠡᠯ ᠢ ᠰᠡᠷᠭᠦᠭᠡᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠶᠢᠨ ᠠᠵᠢᠯᠯᠠᠭᠠᠨ ᠪᠣᠯᠣᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠴᠢᠩᠭ᠎ᠠ ᠠᠩᠬᠠᠷᠴᠤ᠂ ᠳᠤᠲᠠᠭᠤᠳᠠᠯ ᠢ ᠴᠢᠷᠮᠠᠶᠢᠨ ᠨᠥᠬᠦᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾᠂ ︽ᠲᠣᠭᠲᠠᠭᠤᠨ ᠪᠣᠯᠬᠤ︾ ᠶᠢ ᠪᠠᠲᠤᠯᠠᠬᠤ ᠬᠡᠷᠡᠭᠲᠡᠢ᠃ ᠪᠦᠬᠦ ᠰᠢᠶᠠᠨ ᠤ ᠡᠯ᠎ᠡ ᠱᠠᠲᠤᠨ ᠤ ᠤᠳᠤᠷᠢᠳᠬᠤ ᠺᠠᠳ᠋ᠷ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠠᠭᠠᠭᠠᠴᠢᠯᠠᠨ ᠬᠤᠯᠪᠣᠭᠠᠯᠠᠬᠤ ᠪᠠᠶᠢᠳᠠᠯ ᠢ ᠨᠢᠭᠡᠳᠦᠯᠲᠡᠢ ᠲᠥᠯᠥᠪᠵᠢᠭᠦᠯᠵᠦ᠂ ᠪᠦᠬᠦ ᠬᠤᠳᠠ ᠶᠢᠨ ᠳᠠᠭᠠᠭᠠᠴᠢᠯᠠᠨ ᠬᠤᠯᠪᠣᠭᠠᠯᠠᠬᠤ ᠰᠢᠰᠲ᠋ᠥᠮ ᠢ ᠢᠳᠡᠪᠬᠢᠲᠡᠢ ᠵᠣᠯᠭᠠᠭᠤᠯᠵᠤ᠂ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠬᠤᠪᠢᠶᠠᠷᠢᠯᠠᠯ ᠢ ᠤᠯᠠᠮ ᠴᠢᠨᠠᠭᠰᠢᠳᠠ ᠨᠠᠷᠢᠯᠢᠭᠵᠢᠭᠤᠯᠵᠤ᠂ ᠳᠠᠭᠠᠭᠠᠴᠢᠯᠠᠨ ᠬᠤᠯᠪᠣᠭᠠᠯᠠᠬᠤ ᠡᠭᠦᠷᠭᠡ ᠬᠠᠷᠢᠭᠤᠴᠠᠯᠭ᠎ᠠ ᠶᠢ ᠰᠢᠯᠤᠭᠤᠳᠬᠠᠵᠤ᠂ ᠪᠦᠬᠦ ᠲᠠᠯ᠎ᠠ ᠪᠠᠷ ᠳᠠᠭᠠᠭᠠᠴᠢᠯᠠᠨ ᠬᠤᠯᠪᠣᠭᠠᠯᠠᠬᠤ᠂ ᠪᠠᠶᠢᠩᠭᠤ ᠶᠢᠨ ᠬᠤᠭᠤᠴᠠᠭᠠᠨ ᠳᠤ ᠪᠦᠲᠦᠮᠵᠢᠲᠡᠢ ᠳᠠᠭᠠᠭᠠᠴᠢᠯᠠᠨ ᠬᠤᠯᠪᠣᠭᠠᠯᠠᠬᠤ ᠶᠢ ᠪᠡᠶᠡᠯᠡᠭᠦᠯᠵᠦ᠂ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢᠨ ᠪᠣᠳᠠᠲᠠᠢ ᠲᠠᠢ ᠨᠡᠶᠢᠴᠡᠬᠦ᠂ ᠥᠨᠳᠥᠷ ᠪᠦᠲᠦᠮᠵᠢᠲᠡᠢ ᠠᠵᠢᠯᠯᠠᠬᠤ ᠶᠢ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃      ᠭᠤᠤ ᠵᠧᠩ᠂ ᠰᠦᠨ ᠰᠢᠶᠦ᠋ᠨ᠂ ᠶᠦᠨ ᠷᠦᠢ ᠵᠢᠶᠦ᠋ᠨ᠂ ᠸᠠᠩ ᠮᠢᠩ᠂ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠰᠢᠶᠠᠨ ᠭᠠᠵᠠᠷ ᠤᠨ ᠲᠡᠰ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1