3 ᠳ᠋ᠤᠭᠠᠷ ᠰᠠᠷ᠎ᠠ ᠶᠢᠨ 25 ᠤ ᠡᠳᠦᠷ᠂ 2022 ᠣᠨ ᠤ ᠪᠥᠬᠦ ᠬᠤᠲᠠ ᠶᠢᠨ ︽ᠱᠠᠯᠢᠭ ᠵᠠᠪᠬᠠᠢ | ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠲᠧᠯᠸᠢᠰ ᠤᠳᠠᠰᠤᠳᠤ | ᠬᠤᠷᠠᠯ ᠬᠤᠷᠠᠯᠳᠤᠪᠠ᠃ ᠬᠤᠷᠠᠯ ᠠᠴᠠ ᠪᠥᠬᠦ ᠤᠯᠤᠰ᠂ ᠪᠥᠬᠦ ᠣᠷᠣᠨ ᠤ ︽ᠱᠠᠯᠢᠭ ᠵᠠᠪᠬᠠᠢ ᠵᠦᠢᠯᠡᠰ ᠢ ᠠᠷᠢᠯᠭᠠᠵᠤ | ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠢᠶᠠᠨ ᠳ᠋ᠦᠩᠨᠡᠨ᠂ ᠪᠠᠶᠢᠳᠠᠯ ᠢ ᠵᠠᠳᠠᠯᠵᠤ᠂ | ᠡᠨᠡ ᠵᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ | ᠬᠤᠲᠠ ᠶᠢᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ | ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠲᠠᠩ ᠶᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ᠂ 2022 ᠣᠨ ᠤ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ | ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠰᠠᠶᠢᠲᠤᠷ ᠬᠢᠬᠦ ᠳᠤ᠂ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ | ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠳᠤ ᠲᠤᠯᠭᠠᠷᠠᠵᠤ ᠪᠠᠶᠢᠭ᠎ᠠ ᠨᠠᠷᠢᠨ ᠪᠤᠳᠤᠯᠢᠶᠠᠨᠲᠠᠢ | ᠬᠦᠨᠳᠦ ᠨᠦᠰᠡᠷ ᠡᠭᠦᠷᠭᠡ ᠶᠢ ᠭᠦᠨᠵᠡᠭᠡᠢ ᠡᠵᠡᠮᠳᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠤᠷᠴᠠ ᠰᠡᠷᠭᠡᠭ | ᠴᠢᠨᠠᠷ ᠪᠣᠯᠣᠨ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ ᠪᠠᠷ ᠬᠥᠳᠡᠯᠦᠩᠭᠦᠢ ᠪᠠᠶᠢᠳᠠᠯ ᠢ ᠡᠵᠡᠮᠳᠡᠵᠦ᠂ | ᠤᠨᠢᠨ ᠳᠡᠭᠡᠷ᠎ᠡ ᠨᠢ ᠰᠤᠳᠤᠯᠤᠨ ᠮᠠᠭᠠᠳᠯᠠᠵᠤ᠂ ᠨᠢᠭᠡᠳᠦᠯᠲᠡᠢ ᠲᠥᠯᠥᠪᠵᠢᠭᠦᠯᠦᠨ ᠴᠣᠬᠢᠯᠲᠠ ᠥᠭᠬᠦ᠂ ᠰᠡᠷᠭᠡᠶᠢᠯᠡᠬᠦ᠂ | ᠵᠠᠰᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ | ᠬᠡᠷᠡᠭᠲᠡᠢ︔ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠮ | ᠨᠡᠭᠡᠭᠡᠬᠦ ᠶᠢ ᠪᠠᠷᠢᠮᠲᠠᠯᠠᠵᠤ᠂ ᠬᠤᠣᠷ ᠬᠦᠨᠦᠭᠡᠯᠳᠦ ᠬᠡᠪᠯᠡᠨ ᠲᠠᠷᠬᠠᠭᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ | ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ︔ ᠰᠦᠯᠵᠢᠶᠡᠨ ᠳᠡᠭᠡᠷᠡᠬᠢ ᠲᠡᠮᠡᠴᠡᠯ ᠳᠤ | ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠬᠦᠴᠦᠨ ᠤ ᠴᠡᠷᠢᠭ ᠢ ᠭᠤᠣᠯ ᠳᠠᠶᠢᠨ ᠤ ᠲᠠᠯᠠᠪᠤᠷ ᠲᠤ ᠣᠷᠣᠭᠤᠯᠵᠤ᠂ | ᠰᠢᠷᠢᠰ ᠲᠤᠰᠬᠠᠢ ᠵᠠᠰᠠᠯᠲᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠲᠡᠢ᠃ ᠪᠦᠬᠦ ᠬᠤᠲᠠ ᠶᠢᠨ ︽ᠱᠠᠯᠢᠭ | ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠹᠷᠣᠨᠲ ᠤᠨ | ᠬᠢᠨ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ | ᠤᠯᠤᠰ ᠲᠥᠷᠥ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠰᠣᠶᠣᠯ ᠤᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠠᠵᠢᠯ ᠢᠶᠠᠨ ᠤᠷᠢᠳᠴᠢᠯᠠᠨ ᠬᠢᠵᠦ᠂ ᠡᠩ ᠤᠨ ᠦᠶ᠎ᠡ ᠳᠤ | ᠬᠦᠴᠦ ᠣᠷᠣᠭᠤᠯᠵᠤ᠂ ᠳᠤᠲᠠᠭᠤᠳᠠᠯ ᠪᠠᠭᠤᠷᠠᠢ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠨᠡᠬᠦ | ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ | ᠴᠣᠬᠢᠯᠲᠠ ᠥᠭᠬᠦ ᠰᠦᠷ ᠬᠦᠴᠦᠲᠦ ᠪᠠᠶᠢᠳᠠᠯ ᠢ ᠦᠷᠭᠦᠯᠵᠢᠯᠡᠨ ᠪᠠᠲᠤᠯᠠᠵᠤ᠂ ︽ᠱᠠᠯᠢᠭ ᠵᠠᠪᠬᠠᠢ ᠵᠦᠢᠯᠡᠰ ᠢ | ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠬᠠᠤᠯᠢᠵᠢᠯ ᠤᠨ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ | ᠠᠷᠢᠭᠤᠨ ᠴᠢᠬᠡᠴᠢ᠂ ᠥᠭᠡᠳᠡᠯᠡᠨ ᠲᠠᠪᠰᠢᠬᠤ ᠦᠵᠡᠯ ᠰᠠᠨᠠᠭ᠎ᠠ ᠰᠣᠶᠣᠯ ᠤᠨ ᠣᠷᠴᠢᠨ ᠲᠣᠭᠤᠷᠢᠨ ᠢ ᠪᠦᠷᠢᠯᠳᠦᠭᠦᠯᠵᠦ | ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ 2021 ᠣᠨ ᠤ ᠪᠦᠬᠦ ᠬᠤᠳᠠ ᠶᠢᠨ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ | ᠪᠤᠰᠤ ᠬᠡᠪᠯᠡᠭᠳᠡᠬᠦᠨ ᠳᠤ ᠴᠣᠬᠢᠯᠲᠠ ᠦᠭᠬᠦ ᠠᠵᠢᠯᠯᠠᠭ᠎ᠠ︾ ᠶᠢᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ | ᠬᠥᠮᠥᠨ ᠢ ᠬᠥᠬᠢᠭᠦᠯᠦᠨ ᠰᠠᠶᠢᠰᠢᠶᠠᠪᠠ᠃ | |