ᠡᠨᠡ ᠵᠢᠯ᠂ ᠲᠤᠭᠳᠠᠬᠤ ᠰᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭ᠎ᠠ ᠠᠳᠬᠤᠵᠤ᠂ ᠠᠮᠢ | ᠠᠬᠤᠢ ᠶᠢᠨ ᠪᠠᠶᠢᠭᠤᠯᠤᠯᠳᠠ ᠶᠢ ᠬᠦᠨᠳᠦᠳᠭᠡᠵᠦ᠂ ᠪᠣᠬᠢᠷᠳᠤᠯ ᠦᠭᠡᠢ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠪᠠ | ᠃ | ᠠᠮᠢ ᠠᠬᠤᠢ ᠶᠢᠨ ᠭᠡᠷ ᠣᠷᠣᠨ ᠢ ᠲᠦᠷᠭᠡᠳᠬᠡᠨ ᠪᠦᠲᠦᠭᠡᠨ ᠪᠠᠶᠢᠭᠤᠯᠪᠠ᠃ ᠬᠠᠲᠤᠨ ᠭᠤᠣᠯ ᠳᠠᠭᠠᠤ ᠶᠢᠨ | ᠠᠮᠢ ᠠᠬᠤᠢ ᠶᠢᠨ ᠬᠤᠩᠭᠢᠯ ᠵᠠᠮ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢᠨ ᠬᠤᠶᠠᠳᠤᠭᠠᠷ | ᠬᠤᠭᠤᠴᠠᠭ᠎ᠠ ᠵᠡᠷᠭᠡ ᠴᠢᠬᠤᠯᠠ ᠶᠡᠭᠡ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠤᠨᠠᠯᠲᠠ ᠪᠠᠭᠠᠲᠠᠢ ᠦᠷ᠎ᠡ ᠠᠰᠢᠭ ᠢᠶᠠᠷ ᠳᠣᠣᠷ᠎ᠠ ᠣᠶ ᠰᠢᠭᠤᠢ ᠶᠢ 1 ᠲᠦᠮᠡᠨ | ᠮᠦ ᠥᠭᠡᠷᠡᠴᠢᠯᠡᠨ ᠵᠠᠰᠠᠵᠤ᠂ 2 ᠲᠦᠮᠡᠨ ᠮᠦ ᠣᠶ ᠰᠢᠭᠤᠢ ᠶᠢ ᠠᠷᠠᠴᠢᠯᠠᠨ ᠪᠣᠶᠢᠵᠢᠭᠤᠯᠵᠤ ᠵᠠᠰᠠᠨ ᠰᠡᠷᠭᠦᠭᠡᠵᠦ᠂ 1 | ᠲᠦᠮᠡᠨ ᠮᠦ ᠠᠭᠤᠯᠠ ᠶᠢ ᠪᠢᠲᠡᠭᠦᠮᠵᠢᠯᠡᠨ ᠣᠶ ᠰᠢᠭᠤᠢ ᠶᠢ ᠪᠣᠶᠢᠵᠢᠭᠤᠯᠬᠤ ᠶᠢ ᠪᠡᠶᠡᠯᠡᠭᠦᠯᠪᠡ᠃ | ᠤᠢ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠮᠣᠳᠣ ᠲᠠᠷᠢᠵᠤ | ᠣᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠣᠵᠢᠭᠤᠯᠬᠤ | ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠪᠠ᠃ ᠨᠦᠯᠦᠮᠡᠯ ᠭᠠᠵᠠᠷ ᠤᠨ ᠬᠠᠰᠢᠯᠭ᠎ᠠ ᠶᠢ | ᠥᠭᠡᠷᠡᠴᠢᠯᠡᠬᠦ ᠠᠵᠢᠯ ᠢ ᠴᠢᠩᠭᠠᠳᠬᠠᠵᠤ᠂ ᠬᠥᠷᠥᠰᠥ ᠰᠢᠷᠣᠢ ᠶᠢ ᠬᠠᠮᠠᠭᠠᠯᠠᠬᠤ ᠬᠥᠳᠡᠯᠦᠩᠭᠦᠢ ᠪᠠᠶᠢᠳᠠᠯ ᠢ ᠬᠢᠨᠠᠨ | ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ | ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠴᠡᠭ ᠢ 12 ᠰᠢᠨ᠎ᠡ ᠪᠠᠷ ᠪᠠᠶᠢᠭᠤᠯᠪᠠ᠃ | ᠭᠤᠣᠯ ᠤᠨ ᠭᠤᠯᠳᠤᠷᠢᠯ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠤᠣᠯ ᠤᠨ ᠵᠠᠮ ᠢ ︽ | ᠳᠤᠷ᠎ᠠ ᠪᠠᠷ ᠢᠶᠠᠨ ᠡᠵᠡᠯᠡᠨ ᠳᠤᠷ᠎ᠠ ᠪᠠᠷ ᠢᠶᠠᠨ ᠪᠠᠶᠢᠭᠤᠯᠬᠤ︾ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠦᠷᠭᠦᠯᠵᠢᠯᠡᠨ ᠠᠬᠢᠭᠤᠯᠵᠤ᠂ ᠬᠠᠲᠤᠨ ᠭᠤᠣᠯ ᠤᠨ ᠰᠠᠶᠢᠷᠭᠠᠯ ᠤᠨ ᠣᠷᠣᠨ ᠤ ᠥᠨᠳᠥᠷ ᠡᠰᠢᠲᠦ ᠲᠠᠷᠢᠮᠠᠯ | ᠳᠠᠷᠢᠬᠤ ᠶᠢ ᠴᠠᠭᠠᠵᠠᠯᠠᠬᠤ ︵ᠬᠢᠵᠠᠭᠠᠷᠯᠠᠬᠤ︶ ᠠᠵᠢᠯ ᠢ ᠡᠷᠡᠰ ᠰᠠᠶᠢᠲᠤᠷ ᠬᠢᠪᠡ᠃ ᠬᠠᠲᠤᠨ ᠭᠤᠣᠯ ᠤᠨ ᠰᠠᠶᠢᠷᠭᠠᠯ | ᠣᠷᠣᠨ ᠤ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠰᠠᠶᠢᠷᠭᠠᠯ | ᠣᠷᠣᠨ ᠤ ᠬᠥᠮᠥᠨ ᠠᠮᠠ ᠶᠢ ᠭᠠᠳᠠᠭᠰᠢ ᠨᠡᠭᠦᠯᠭᠡᠵᠦ ᠲᠥᠪᠬᠢᠨᠡᠭᠦᠯᠬᠦ ᠣᠨ ᠤ ᠡᠭᠦᠷᠭᠡ ᠶᠢ ᠪᠡᠶᠡᠯᠡᠭᠦᠯᠵᠦ᠂ ᠣᠯᠠᠨ | ᠲᠦᠮᠡᠨ ᠤ ᠨᠡᠭᠦᠵᠦ ᠳᠡᠶᠢᠯᠬᠦ᠂ ᠲᠣᠭᠲᠠᠭᠤᠨ ᠢᠶᠠᠷ ᠠᠮᠢᠳᠤᠷᠠᠵᠤ ᠳᠡᠶᠢᠯᠬᠦ᠂ ᠪᠠᠶᠠᠵᠢᠵᠤ ᠳᠡᠶᠢᠯᠬᠦ ᠶᠢ ᠦᠨᠡᠨᠬᠦ | ᠪᠠᠲᠤᠯᠠᠨ᠎ᠠ᠃ | ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠵᠠᠰᠠᠪᠠ᠃ ᠦᠡᠭᠭᠡᠨ ᠲᠠᠯ᠎ᠠ ᠪᠠ ᠦᠨᠳᠦᠰᠦ | ᠰᠤᠷᠪᠤᠯᠵᠢ ᠶᠢ ᠵᠡᠷᠭᠡ ᠪᠠᠷ ᠵᠠᠰᠠᠵᠤ ᠡᠯ᠎ᠡ ᠱᠠᠲᠤᠨ ᠤ ᠣᠷᠴᠢᠨ ᠠᠬᠤᠢ ᠶᠢᠨ ᠬᠠᠮᠠᠭᠠᠯᠠᠯᠲᠠ ᠶᠢ ᠰᠢᠪᠠᠳᠠᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠮᠢ ᠠᠬᠤᠢ ᠶᠢᠨ | ᠣᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠲᠡᠭᠡᠭᠰᠢᠯᠡᠭᠦᠯᠪᠡ᠃ 10 ᠲᠣᠨ ᠠᠴᠠ ᠳᠣᠷᠣᠭᠰᠢ 3 ᠭᠦᠸᠧᠯᠦ ᠶᠢ | ᠦᠭᠡᠷᠡᠴᠢᠯᠡᠪᠡ᠃ ᠳ᠋ᠠ ᠲᠠᠩ ᠤᠨ ᠴᠠᠬᠢᠯᠭᠠᠨ ᠳᠠᠮᠵᠢᠭᠤᠯᠬᠤ ᠭᠤᠷᠪᠠᠳᠤᠭᠠᠷ ᠨᠡᠭᠦᠷᠡᠰᠦ ᠬᠠᠳᠠᠭᠠᠯᠠᠬᠤ ᠲᠠᠯᠠᠪᠠᠢ ᠶᠢ | ᠪᠢᠲᠡᠭᠦᠮᠵᠢᠯᠡᠨ ᠥᠭᠡᠷᠡᠴᠢᠯᠡᠬᠦ ᠭᠤᠣᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠪᠡ᠃ ᠳ᠋ᠠ ᠲᠠᠩ ᠤᠨ ᠢᠯᠴᠢ | ᠬᠠᠩᠭᠠᠬᠤ ᠶᠢ ᠬᠥᠬᠡᠬᠤᠲᠠ ᠲᠤᠭᠳᠠᠬᠤ ᠲᠤ ᠣᠷᠣᠭᠤᠯᠬᠤ ᠢᠨᠵᠧᠨᠧᠷᠢᠩ ᠤᠨ ᠠᠵᠢᠯ ᠡᠬᠢᠯᠡᠭᠦᠯᠦᠨ ᠪᠦᠲᠦᠭᠡᠨ | ᠪᠠᠶᠢᠭᠤᠯᠬᠤ ᠶᠢ ᠲᠦᠷᠭᠡᠳᠬᠡᠨ ᠠᠬᠢᠭᠤᠯᠪᠠ᠃ | ᠰᠢᠮᠳᠠᠯᠭ᠎ᠠ ᠶᠢ ᠴᠠᠭᠠᠵᠠᠯᠠᠵᠤ ᠣᠪᠣᠭᠠᠯᠠᠬᠤ ᠶᠢ ᠴᠠᠭᠠᠵᠠᠯᠠᠬᠤ ᠠᠵᠢᠯ ᠢ ᠴᠢᠩᠭ᠎ᠠ ᠨᠠᠶᠢᠳᠠᠪᠦᠷᠢᠵᠢᠭᠤᠯᠪᠠ᠃ | ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠬᠠᠰᠢᠯᠭ᠎ᠠ ᠳᠠᠯᠠᠩ ᠢ | ᠬᠠᠮᠠᠭᠠᠯᠠᠬᠤ ᠵᠡᠷᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠪᠡ᠃ ᠪᠣᠬᠢᠷ ᠤᠰᠤ ᠶᠢ | ᠰᠢᠢᠳᠪᠦᠷᠢᠯᠡᠬᠦ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠪᠣᠬᠢᠷ ᠤᠰᠤ ᠶᠢ | ᠭᠠᠳᠠᠭᠰᠢᠯᠠᠭᠤᠯᠬᠤ ᠦᠭᠡᠢ ᠪᠠᠶᠢᠬᠤ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠠᠬᠢᠭᠤᠯᠪᠠ᠃ | ᠬᠥᠷᠥᠰᠥ ᠰᠢᠷᠣᠢ ᠶᠢᠨ ᠪᠣᠬᠢᠷᠳᠤᠯ ᠢ ᠵᠠᠰᠠᠬᠤ ᠪᠠ ᠵᠠᠰᠠᠨ ᠰᠡᠷᠭᠦᠭᠡᠬᠦ ᠠᠵᠢᠯ ᠢ ᠦᠷᠭᠦᠯᠵᠢᠯᠡᠨ ᠥᠷᠨᠢᠭᠦᠯᠵᠦ᠂ | ᠲᠠᠩ ᠭᠠᠵᠠᠷ ᠤᠨ ᠤᠯᠠᠨ ᠡᠬᠢᠲᠦ ᠪᠣᠬᠢᠷᠳᠤᠯ ᠢ ᠬᠢᠨᠠᠨ ᠬᠡᠮᠵᠢᠬᠦ ᠴᠡᠭ ᠢ 16 ᠰᠢᠨ᠎ᠡ ᠪᠠᠷ ᠪᠠᠶᠢᠭᠤᠯᠪᠠ᠃ ᠠᠵᠤ | ᠦᠢᠯᠡᠳᠪᠦᠷᠢ ᠶᠢᠨ ᠬᠦᠷᠢᠶᠡᠯᠡᠩ ᠤᠨ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠠᠯᠠᠪᠤᠷ᠂ ᠠᠮᠢᠳᠤᠷᠠᠯ ᠤᠨ | ᠬᠤᠭ ᠨᠣᠪᠰᠢ ᠶᠢ ᠵᠠᠳᠠᠷᠠᠭᠤᠯᠤᠨ ᠬᠡᠶᠢᠵᠢᠭᠦᠯᠦᠨ ᠰᠢᠢᠳᠪᠦᠷᠢᠯᠡᠬᠦ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠬᠤ ᠶᠢ ᠲᠦᠯᠬᠢᠨ ᠠᠬᠢᠭᠤᠯᠪᠠ᠃ |