3 ᠳ᠋ᠤᠭᠠᠷ ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ | ᠤᠷᠢᠳ ᠬᠤᠵᠢᠳ ᠰᠢᠨ᠎ᠡ ᠶᠢᠩᠽᠢ ᠪᠠᠯᠭᠠᠰᠤ᠂ ᠲᠠᠪᠢᠨ ᠭᠡᠷ ᠪᠠᠯᠭᠠᠰᠤ᠂ ᠬᠠᠲᠤᠨ ᠭᠤᠣᠯ ᠤᠨ ᠴᠢᠭᠢᠭᠯᠢᠭ | ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ ᠲᠤ ᠬᠦᠷᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠬᠥᠳᠡᠭᠡ ᠲᠣᠰᠬᠤᠨ ᠤ ᠬᠥᠮᠥᠰ ᠤᠨ | ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠵᠡᠷᠭᠡ ᠠᠵᠢᠯ ᠤᠨ ᠲᠤᠬᠠᠢ ᠪᠠᠶᠢᠴᠠᠭᠠᠨ | ᠰᠤᠳᠤᠯᠤᠯᠲᠠ ᠬᠢᠪᠡ᠃ | | | | | ᠯᠢ ᠴᠦᠨ ᠶᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ᠣᠲᠣ | ᠦᠶ᠎ᠡ ᠶᠢᠨ ᠲᠠᠷᠢᠶᠠᠯᠠᠩ ᠢ ᠬᠥᠭᠵᠢᠭᠦᠯᠬᠦ᠂ ᠠᠮᠤ ᠪᠤᠳᠠᠭᠠᠨ ᠤ ᠠᠮᠤᠷ ᠲᠦᠪᠰᠢᠨ᠂ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠤ ᠬᠠᠩᠭᠠᠯᠭ᠎ᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠠᠲᠤᠯᠠᠬᠤ ᠳᠤ | ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠣᠨᠴᠠᠭᠠᠶᠢᠯᠠᠨ ᠭᠠᠵᠠᠷ ᠰᠢᠷᠣᠢ ᠶᠢ | ᠲᠡᠭᠰᠢᠯᠡᠬᠦ᠂ ᠬᠥᠷᠥᠰᠥ ᠰᠢᠷᠣᠢ ᠶᠢ ᠰᠠᠶᠢᠵᠢᠷᠠᠭᠤᠯᠬᠤ ᠲᠠᠯ᠎ᠠ ᠪᠠᠷ ᠢᠯᠡᠭᠦᠬᠡᠨ ᠬᠦᠴᠦ ᠣᠷᠣᠭᠤᠯᠵᠤ᠂ ᠭᠠᠵᠠᠷ | ᠰᠢᠷᠣᠢ ᠶᠢ ᠡᠷᠭᠢᠯᠲᠡ ᠳᠤ ᠣᠷᠣᠭᠤᠯᠬᠤ ᠵᠡᠷᠭᠡ ᠠᠷᠭ᠎ᠠ ᠬᠡᠯᠪᠡᠷᠢ ᠪᠠᠷ ᠠᠵᠤ ᠦᠢᠯᠡᠰ ᠤᠨ ᠪᠦᠲᠦᠴᠡ ᠶᠢ ᠴᠢᠨᠠᠭᠰᠢᠳᠠ | ᠲᠣᠬᠢᠷᠠᠭᠤᠯᠵᠤ᠂ ᠬᠥᠳᠡᠭᠡ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠬᠦ᠂ | ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | | | | | ᠯᠢ ᠴᠦᠨ ᠶᠠᠨ ᠴᠢᠬᠤᠯᠠᠴᠢᠯᠠᠭᠰᠠᠨ ᠨᠢ᠂ ᠬᠠᠪᠤᠷ ᠤᠨ ᠲᠠᠷᠢᠶᠠᠯᠠᠭ᠎ᠠ ᠳᠤ ᠰᠠᠶᠢᠨ ᠰᠠᠭᠤᠷᠢ ᠲᠠᠯᠪᠢᠪᠠᠯ | ᠲᠠᠷᠢᠶᠠᠯᠠᠩ ᠰᠠᠶ᠋ᠢ ᠰᠠᠶᠢᠨ ᠬᠤᠷᠢᠶᠠᠯᠲᠠ ᠣᠯᠵᠤ ᠴᠢᠳᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠢᠨᠵᠢᠯᠡᠬᠦ | ᠤᠬᠠᠭᠠᠨᠴᠢ ᠪᠠᠷ ᠥᠨᠳᠥᠷ ᠪᠦᠲᠦᠮᠵᠢᠲᠡᠶ ᠪᠠᠷ ᠥᠷᠨᠢᠭᠦᠯᠵᠦ᠂ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ | ᠲᠠᠷᠢᠶᠠᠯᠠᠬᠤ ᠴᠠᠭ ᠢ ᠠᠮᠵᠢᠭᠤᠯᠵᠤ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠢᠳᠡᠪᠬᠢᠲᠡᠢ ᠪᠠᠷ | ᠲᠣᠬᠢᠷᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠲᠠᠷᠢᠶᠠᠯᠠᠩ ᠤᠨ ᠦᠢᠯᠡᠳᠪᠦᠷᠢᠯᠡᠯ ᠤᠨ | ᠬᠠᠯᠠᠭᠤᠨ ᠥᠷᠨᠢᠯᠲᠡ ᠶᠢ ᠪᠦᠬᠦ ᠲᠠᠯ᠎ᠠ ᠪᠠᠷ ᠪᠤᠢ ᠪᠣᠯᠭᠠᠬᠤ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠦᠷ᠎ᠡ᠂ | ᠬᠢᠮᠢ ᠶᠢᠨ ᠪᠣᠷᠳᠣᠭᠤᠷ᠂ ᠲᠠᠷᠢᠶᠠᠨ ᠡᠮ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠪᠦᠲᠦᠭᠡᠭᠳᠡᠬᠦᠨ ᠢ ᠨᠥᠭᠡᠴᠡᠯᠡᠵᠦ ᠲᠣᠬᠢᠷᠠᠭᠤᠯᠬᠤ ᠠᠵᠢᠯ ᠢ ᠰᠠᠶᠢᠲᠤᠷ ᠠᠳᠬᠤᠵᠤ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠪᠠᠷᠠᠭᠠᠨ ᠤ ᠢᠷᠡᠯᠲᠡ ᠭᠦᠢᠴᠡᠳ᠂ ᠦᠨ᠎ᠡ ᠬᠠᠩᠰᠢ ᠲᠣᠭᠲᠠᠭᠤᠨ᠂ | ᠬᠠᠩᠭᠠᠯᠭ᠎ᠠ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠦᠢᠯᠡᠴᠢᠯᠡᠭᠡᠨ ᠤ ᠠᠵᠢᠯ ᠢ | ᠦᠨᠡᠨ ᠬᠦ ᠰᠠᠶᠢᠲᠤᠷ ᠬᠢᠵᠦ᠂ ᠲᠠᠷᠢᠶᠠᠴᠢᠨ ᠲᠦᠮᠡᠨ ᠢ ᠬᠠᠪᠰᠤᠷᠤᠨ ᠦᠢᠯᠡᠳᠪᠦᠷᠢᠯᠡᠯ ᠤᠨ ᠳᠤᠮᠳᠠᠬᠢ ᠪᠣᠳᠠᠲᠠᠢ | ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ | ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠪᠦᠬᠦ ᠰᠢᠶᠠᠨ ᠤ ᠲᠠᠷᠢᠶᠠᠯᠠᠩ ᠤᠨ ᠠᠮᠢ ᠠᠬᠤᠢ᠂ ᠥᠨᠳᠥᠷ | ᠪᠦᠲᠦᠮᠵᠢᠲᠡᠶ᠂ ᠬᠡᠪᠴᠢᠶᠡᠵᠢᠭᠰᠡᠨ ᠬᠥᠭᠵᠢᠯᠲᠡ ᠶᠢ ᠲᠦᠯᠬᠢᠨ ᠠᠬᠢᠭᠤᠯᠵᠤ᠂ ᠪᠦᠬᠦ ᠵᠢᠯ ᠤᠨ ᠲᠠᠷᠢᠶᠠᠯᠠᠩ ᠤᠨ | ᠦᠢᠯᠡᠳᠪᠦᠷᠢᠯᠡᠯ ᠤᠨ ᠬᠠᠷᠠᠯᠲᠠ ᠶᠢ ᠪᠡᠶᠡᠯᠡᠭᠦᠯᠬᠦ ᠳᠤ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠢ᠃ ᠬᠠᠲᠤᠨ | ᠭᠤᠣᠯ ᠤᠨ ᠲᠠᠩ ᠭᠠᠵᠠᠷ ᠤᠨ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠲᠤᠨ | ᠭᠤᠣᠯ ᠤᠨ ᠭᠤᠣᠯ ᠤᠨ ᠭᠤᠯᠳᠤᠷᠢᠯ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠥᠨᠳᠥᠷ ᠡᠰᠢᠲᠦ ᠲᠠᠷᠢᠮᠠᠯ ᠢ | ᠬᠠᠮᠢᠶᠠᠷᠤᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠡᠷᠲᠡ ᠠᠴᠠ ᠠᠷᠭ᠎ᠠ ᠰᠦᠪᠡᠭᠴᠢᠯᠡᠵᠦ᠂ ᠬᠢᠨᠠᠮᠠᠭᠠᠢ | ᠪᠠᠶᠢᠷᠢᠯᠠᠭᠤᠯᠤᠨ᠂ ᠪᠣᠳᠠᠲᠠᠢ ᠳᠤ ᠰᠠᠭᠤᠷᠢᠯᠠᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ | ᠣᠯᠠᠨ ᠲᠦᠮᠡᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠦᠵᠡᠯᠲᠡ ᠶᠢ ᠨᠢ ᠬᠤᠪᠢᠷᠠᠭᠤᠯᠵᠤ᠂ | ᠲᠠᠩ ᠭᠠᠵᠠᠷ ᠤᠨ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠬᠠᠲᠤᠨ ᠭᠤᠣᠯ ᠤᠨ ᠲᠤᠭᠳᠠᠬᠤ | ᠰᠢᠶᠠᠨ ᠤ ᠬᠡᠰᠡᠭ ᠤᠨ ᠵᠠᠮ ᠳᠠᠭᠠᠤ ᠶᠢᠨ ᠠᠮᠢ ᠠᠬᠤᠢ ᠶᠢᠨ ᠬᠤᠩᠭᠢᠯ ᠢ ᠰᠠᠶᠢᠲᠤᠷ ᠪᠦᠲᠦᠭᠡᠨ ᠪᠠᠶᠢᠭᠤᠯᠬᠤ ᠶᠢ ᠦᠨᠡᠨ | ᠬᠦ ᠪᠠᠲᠤᠯᠠᠬᠤ ᠬᠡᠷᠡᠭᠲᠡᠢ᠃ ᠲᠠᠷᠢᠶᠠᠯᠠᠩ ᠤᠨ ᠵᠤᠯᠤᠮ᠎ᠠ ᠪᠦᠷᠬᠦᠪᠴᠢ᠂ ᠬᠠᠶᠠᠭᠳᠠᠮᠠᠯ ᠰᠦᠯᠢᠶᠥᠦ ᠪᠦᠷᠬᠦᠪᠴᠢ ᠪᠠ | ᠬᠠᠶᠠᠭᠳᠠᠮᠠᠯ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠡᠷᠴᠢᠮ ᠢᠶᠠᠨ | ᠴᠢᠩᠭᠠᠷᠠᠭᠤᠯᠵᠤ᠂ ᠲᠠᠷᠢᠶᠠᠯᠠᠩ ᠤᠨ ᠬᠠᠶᠠᠭᠳᠠᠮᠠᠯ ᠪᠣᠳᠠᠰ ᠠᠴᠠ ᠪᠣᠯᠤᠭᠰᠠᠨ ᠤᠯᠠᠨ ᠡᠬᠢᠲᠦ ᠪᠣᠬᠢᠷᠳᠤᠯ ᠢ ᠪᠠᠭᠠᠰᠬᠠᠬᠤ | ᠬᠡᠷᠡᠭᠲᠡᠢ᠃ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠰᠢᠨᠵᠢᠯᠡᠬᠦ | ᠤᠬᠠᠭᠠᠨᠴᠢ ᠪᠠᠷ ᠪᠣᠷᠳᠣᠭᠤᠷ ᠣᠷᠣᠭᠤᠯᠬᠤ ᠶᠢ ᠳᠡᠯᠭᠡᠷᠡᠭᠦᠯᠵᠦ᠂ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠵᠤ | ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠨ ᠭᠠᠵᠠᠷ ᠤᠨ ᠶᠠᠰᠤ ᠴᠢᠨᠠᠷ ᠤᠨ ᠪᠠᠶᠢᠭᠤᠯᠤᠯᠲᠠ᠂ ᠲᠠᠷᠢᠶᠠᠯᠠᠩ ᠤᠨ ᠤᠰᠤ | ᠠᠷᠪᠢᠯᠠᠬᠤ ᠮᠡᠷᠭᠡᠵᠢᠯ ᠢ ᠳᠡᠯᠭᠡᠷᠡᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠠᠷᠢᠶᠠᠨ | ᠭᠠᠵᠠᠷ ᠤᠨ ᠶᠠᠰᠤ ᠴᠢᠨᠠᠷ᠂ ᠤᠰᠤ ᠠᠷᠪᠢᠯᠠᠬᠤ ᠪᠠ ᠮᠠᠷᠢᠶ᠎ᠠ ᠰᠢᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠠᠵᠢᠯ ᠢ | ᠦᠨᠡᠨᠬᠦ ᠳᠡᠭᠡᠭᠰᠢᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠳᠤ ᠬᠦᠴᠦ ᠨᠡᠮᠡᠷᠢᠯᠡᠵᠦ᠂ ᠲᠠᠷᠢᠶᠠᠯᠠᠩ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ | ᠯᠢ ᠴᠦᠨ ᠶᠠᠨ ᠴᠢᠬᠤᠯᠠᠴᠢᠯᠠᠭᠰᠠᠨ ᠨᠢ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠲᠤᠬᠠᠢ | ᠲᠣᠭᠤᠷᠢᠨ ᠪᠠᠶᠢᠴᠠᠭᠠᠬᠤ ᠪᠠ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠪᠤᠷ ᠤᠨ ᠤᠯᠠᠷᠢᠯ ᠳᠤ ᠡᠰᠢ | ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠡᠰᠢ ᠰᠦᠷᠡᠯ ᠢ | ᠶᠡᠷᠦᠩᠬᠡᠶᠢᠯᠡᠨ ᠠᠰᠢᠭᠯᠠᠬᠤ ᠶᠢ ᠶᠡᠬᠡᠪᠡᠷ ᠠᠬᠢᠭᠤᠯᠵᠤ᠂ ᠬᠠᠶᠠᠭᠳᠠᠮᠠᠯ ᠢ ᠡᠷᠳᠡᠨᠢ ᠪᠣᠯᠭᠠᠵᠤ᠂ ᠪᠦᠬᠦ ᠰᠢᠶᠠᠨ ᠤ | ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠦᠪᠰᠢᠨ ᠪᠣᠯᠣᠨ ᠦᠷ᠎ᠡ ᠠᠰᠢᠭ ᠢ ᠴᠢᠨᠠᠭᠰᠢᠳᠠ | ᠳᠡᠭᠡᠭᠰᠢᠯᠡᠭᠦᠯᠵᠦ᠂ ︽ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ︾ ᠤ ᠢᠯᠠᠯᠲᠠ ᠶᠢ ᠵᠠᠪᠠᠯ ᠣᠯᠬᠤ | ᠬᠡᠷᠡᠭᠲᠡᠢ᠃ ᠲᠣᠭᠲᠠᠮᠠᠯ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠭᠤᠣᠯ ᠤᠨ ᠭᠤᠯᠳᠤᠷᠢᠯ ᠢ ᠲᠣᠭᠤᠷᠢᠨ | ᠪᠠᠶᠢᠴᠠᠭᠠᠵᠤ᠂ ᠪᠣᠬᠢᠷᠳᠤᠯ ᠤᠨ ᠡᠬᠢ ᠰᠤᠷᠪᠤᠯᠵᠢ ᠶᠢᠨ ᠭᠠᠳᠠᠭᠰᠢᠯᠠᠭᠤᠯᠤᠯᠲᠠ ᠶᠢ ᠴᠢᠩᠭ᠎ᠠ ᠬᠢᠵᠠᠭᠠᠷᠯᠠᠵᠤ᠂ | ᠭᠤᠣᠯ ᠤᠨ ᠭᠠᠳᠠᠷᠭᠤ ᠶᠢ ᠴᠡᠪᠡᠷ ᠲᠡᠭᠰᠢ ᠪᠠᠶᠢᠯᠭᠠᠬᠤ ᠶᠢ ᠦᠨᠡᠨ ᠬᠦ ᠪᠠᠲᠤᠯᠠᠵᠤ᠂ ᠤᠤᠭᠤᠬᠤ ᠤᠰᠤᠨ ᠤ ᠡᠬᠢ | ᠰᠤᠷᠪᠤᠯᠵᠢ ᠶᠢ ᠬᠠᠮᠠᠭᠠᠯᠠᠵᠤ᠂ ᠤᠰᠤᠨ ᠤ ᠠᠮᠢ ᠠᠬᠤᠢ ᠶᠢᠨ ᠣᠷᠴᠢᠨ ᠨᠥᠬᠦᠴᠡᠯ ᠢ ᠦᠨᠡᠨ ᠬᠦ ᠬᠠᠮᠠᠭᠠᠯᠠᠬᠤ | ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠲᠣᠰᠬᠤᠨ ᠤ ᠪᠠᠶᠢᠳᠠᠯ ᠳᠤᠨᠢ ᠲᠣᠬᠢᠷᠠᠭᠤᠯᠵᠤ᠂ ᠪᠦᠲᠦᠮᠵᠢᠲᠡᠢ ᠠᠵᠢᠯᠯᠠᠬᠤ ᠠᠷᠭ᠎ᠠ ᠶᠢ ᠨᠠᠷᠢᠨ | ᠬᠢᠨᠠᠮᠠᠭᠠᠢ ᠰᠤᠳᠤᠯᠤᠨ ᠲᠣᠭᠲᠠᠭᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠰᠠᠭᠤᠷᠢ ᠲᠥᠬᠦᠭᠡᠷᠦᠮᠵᠢ ᠶᠢᠨ | ᠳᠤᠲᠠᠭᠤᠳᠠᠯ ᠢ ᠨᠥᠬᠦᠪᠦᠷᠢᠯᠡᠵᠦ᠂ ᠬᠦᠴᠦᠨ ᠢᠶᠠᠨ ᠲᠥᠪᠯᠡᠷᠡᠭᠦᠯᠦᠨ ᠲᠣᠰᠬᠤᠨ ᠤ ᠵᠠᠮ᠂ ᠨᠦᠬᠡ᠂ ᠲᠠᠷᠢᠶᠠᠨ ᠭᠠᠵᠠᠷ | ᠵᠡᠷᠭᠡ ᠠᠷᠢᠭᠤᠨ ᠴᠡᠪᠡᠷ ᠤᠨ ᠠᠵᠢᠯ ᠢ ᠰᠠᠶᠢᠲᠤᠷ ᠬᠢᠵᠦ᠂ ᠲᠠᠭᠠᠯᠠᠮᠵᠢᠲᠠᠢ᠂ ᠡᠶ᠎ᠡ ᠵᠣᠬᠢᠴᠠᠩᠭᠤᠢ᠂ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ᠂ ᠠᠮᠢᠳᠤᠷᠠᠯ ᠤᠨ ᠪᠣᠬᠢᠷ ᠤᠰᠤ ᠶᠢ ᠵᠠᠰᠠᠬᠤ | ᠵᠡᠷᠭᠡ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠨᠡᠪᠲᠡᠷᠡᠭᠦᠯᠬᠦ ᠪᠠ ᠪᠥᠭᠯᠡᠬᠦ ᠶᠢ | ᠤᠶᠠᠯᠳᠤᠭᠤᠯᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠤᠯᠠᠮ ᠴᠢᠨᠠᠭᠰᠢᠳᠠ ᠪᠠᠬᠢᠵᠢᠭᠦᠯᠵᠦ᠂ ᠲᠣᠰᠬᠤᠨ ᠤ ᠠᠷᠠᠳ ᠤᠨ ᠬᠥᠳᠡᠭᠡ | ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠤᠯᠴᠠᠬᠤ | ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ ᠢ ᠬᠥᠭᠵᠢᠭᠡᠵᠦ᠂ ᠲᠣᠰᠬᠤᠨ ᠤ ᠠᠷᠠᠳ ᠤᠨ ᠡᠷᠡᠭᠦᠯ ᠴᠢᠭᠢᠷᠠᠭ | ᠡᠷᠡᠭᠦᠯ ᠬᠠᠮᠠᠭᠠᠯᠠᠯ ᠤᠨ ᠤᠬᠠᠮᠰᠠᠷ ᠢ ᠴᠢᠩᠭᠠᠳᠬᠠᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠪᠠᠷ ᠬᠥᠳᠡᠭᠡ ᠲᠣᠰᠬᠤᠨ ᠤ ᠠᠮᠢᠳᠤᠷᠠᠯ ᠤᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ | ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠦᠨᠡᠨᠬᠦ | ᠨᠡᠮᠡᠭᠳᠡᠭᠦᠯᠬᠦ ᠬᠡᠷᠡᠭᠲᠡᠢ ᠭᠡᠪᠡ᠃ |