ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 23 ᠳ᠋ᠤᠭᠠᠷ ᠤᠳᠠᠭᠠᠨ ᠤ ᠬᠤᠷᠠᠯ ᠵᠢᠴᠢ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 2022 ᠣᠨ ᠤ 15 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/3/7
      3 ᠳ᠋ᠤᠭᠠᠷ ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 23 ᠳ᠋ᠤᠭᠠᠷ ᠤᠳᠠᠭᠠᠨ ᠤ ᠬᠤᠷᠠᠯ ᠵᠢᠴᠢ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 2022 ᠣᠨ ᠤ 15 ᠳ᠋ᠤᠭᠠᠷ ᠤᠳᠠᠭᠠᠨ ᠤ ᠬᠤᠷᠠᠯ᠂ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠲᠥᠪᠯᠡᠷᠡᠭᠦᠯᠦᠨ ᠲᠤᠰᠠᠭᠠᠷᠯᠠᠬᠤ ᠶᠢ ᠬᠦᠴᠦᠨ ᠦᠭᠡᠢ ᠪᠣᠯᠭᠠᠬᠤ ᠠᠵᠢᠯ ᠤᠨ ᠲᠤᠰᠬᠠᠢ ᠠᠩᠭᠢ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 2022 ᠣᠨ ᠤ 18 ᠳ᠋ᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠪᠦᠬᠦ ᠤᠯᠤᠰ ᠤᠨ ︽ᠬᠤᠶᠠᠷ ᠬᠤᠷᠠᠯ︾᠂ ᠡᠪᠦᠯ ᠤᠨ ᠤᠯᠠᠷᠢᠯ ᠤᠨ ᠵᠡᠮᠳᠡᠭᠴᠦᠳ ᠤᠨ ᠤᠯᠢᠮᠫᠢᠺ ᠶᠢᠨ ᠴᠤᠭᠯᠠᠭᠠᠨ ᠤ ᠬᠤᠭᠤᠴᠠᠭᠠᠨ ᠳᠠᠬᠢ ᠠᠮᠤᠷ ᠲᠦᠪᠰᠢᠨ ᠤ ᠪᠠᠲᠤᠯᠠᠪᠤᠷᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠡᠯ᠎ᠡ ᠪᠠᠯᠭᠠᠰᠤ᠂ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠪᠦᠬᠦ ᠰᠢᠶᠠᠨ ᠤ ᠡᠯ᠎ᠡ ᠱᠠᠲᠤᠨ ᠤ ᠤᠳᠤᠷᠢᠳᠬᠤ ᠺᠠᠳ᠋ᠷ ᠡᠷᠴᠢ ᠵᠣᠷᠢᠭ ᠰᠤᠯᠠᠷᠠᠵᠤ ᠬᠤᠶᠢᠷᠭᠤᠰᠢᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠨᠡᠶᠢᠭᠡᠮ ᠤᠨ ᠲᠠᠯ᠎ᠠ ᠠᠴᠠ ᠬᠠᠮᠢᠶᠠᠷᠤᠨ ᠡᠵᠡᠮᠳᠡᠬᠦ᠂ ᠲᠤᠰᠠᠭᠠᠷᠯᠠᠬᠤ ᠪᠠᠭᠤᠳᠠᠯ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠴᠢᠩᠭ᠎ᠠ ᠠᠳᠬᠤᠵᠤ᠂ ᠲᠤᠭᠳᠠᠬᠤ ᠰᠢᠶᠠᠨ ᠤ ᠡᠭᠦᠳᠡ ᠶᠢ ᠰᠠᠶᠢᠲᠤᠷ ᠰᠠᠬᠢᠵᠤ᠂ ᠲᠤᠭᠳᠠᠬᠤ ᠰᠢᠶᠠᠨ ᠤ ᠬᠥᠮᠥᠰ ᠢ ᠰᠠᠶᠢᠲᠤᠷ ᠬᠠᠮᠢᠶᠠᠷᠴᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠦᠨᠡᠨ ᠬᠦ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠪᠦᠬᠦ ᠰᠢᠶᠠᠨ ᠤ ︽ᠦᠯᠦ ᠬᠠᠯᠳᠠᠪᠤᠡᠶᠢᠯᠠᠬᠤ᠂ ᠬᠠᠯᠳᠠᠪᠤᠷᠢᠯᠠᠬᠤ ᠦᠭᠡᠢ ᠪᠠᠶᠢᠬᠤ︾ ᠶᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠦᠨ᠎ᠡ᠃ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠂ ᠡᠯ᠎ᠡ ᠬᠦᠷᠢᠶᠡᠨ ᠤ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠳᠤᠲᠠᠭᠤᠳᠠᠯ ᠤᠨ ᠭᠡᠮ ᠰᠣᠭᠤᠭ ᠢ ᠴᠠᠭ ᠲᠤᠬᠠᠢ ᠳᠤᠨᠢ ᠬᠤᠷᠢᠭᠯᠠᠵᠤ᠂ ᠡᠯ᠎ᠡ ᠲᠦᠷᠦᠯ ᠤᠨ ᠲᠣᠭᠲᠠᠭᠤᠨ ᠪᠤᠰᠤ ᠬᠦᠴᠦᠨ ᠵᠦᠢᠯ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠪᠦᠬᠦ ᠤᠯᠤᠰ ᠤᠨ ︽ᠬᠤᠶᠠᠷ ᠬᠤᠷᠠᠯ︾᠂ ᠡᠪᠦᠯ ᠤᠨ ᠤᠯᠠᠷᠢᠯ ᠤᠨ ᠵᠡᠮᠳᠡᠭᠴᠦᠳ ᠤᠨ ᠤᠯᠢᠮᠫᠢᠺ ᠤᠨ ᠴᠤᠭᠯᠠᠭᠠᠨ ᠤ ᠬᠤᠭᠤᠴᠠᠭᠠᠨ ᠳᠠᠬᠢ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠠᠲᠤᠯᠠᠵᠤ᠂ ᠠᠮᠤᠷ ᠲᠦᠪᠰᠢᠨ ᠤ ᠠᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠠᠵᠢᠯ ᠪᠣᠯᠣᠨ ᠡᠰᠢ ᠰᠦᠷᠡᠯ ᠢ ᠰᠢᠲᠠᠭᠠᠬᠤ᠂ ᠬᠤᠭ ᠨᠣᠪᠰᠢ ᠶᠢ ᠰᠢᠲᠠᠭᠠᠬᠤ ᠵᠡᠷᠭᠡ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦ ᠰᠢᠶᠠᠨ ᠤ ᠠᠭᠠᠷ ᠤᠨ ᠰᠠᠶᠢᠨ ᠰᠠᠶᠢᠬᠠᠨ ᠡᠳᠦᠷ ᠤᠨ ᠲᠤᠭ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ︽ᠬᠠᠯᠳᠠᠪᠦᠷᠢᠯᠠᠬᠤ ᠦᠭᠡᠢ᠂ ᠣᠨᠣᠰᠢᠯᠠᠬᠤ ᠡᠪᠡᠳᠴᠢᠳᠡᠨ ᠦᠭᠡᠢ︾ ᠰᠠᠶᠢᠨ ᠰᠠᠶᠢᠬᠠᠨ ᠪᠠᠶᠢᠳᠠᠯ ᠢ ᠡᠷᠡᠰ ᠰᠠᠬᠢᠬᠤ ᠬᠡᠷᠡᠭᠲᠡᠢ᠃ ᠨᠡᠶᠢᠭᠡᠮ ᠤᠨ ᠬᠠᠮᠢᠶᠠᠷᠤᠯᠲᠠ ᠡᠵᠡᠮᠳᠡᠯ ᠢ ᠶᠠᠭᠠᠬᠢᠭᠰᠠᠨ ᠴᠤ ᠰᠤᠯᠠᠷᠠᠭᠤᠯᠵᠤ ᠪᠣᠯᠬᠤ ᠦᠭᠡᠢ᠃ ᠨᠡᠶᠢᠭᠡᠮ ᠤᠨ ᠬᠠᠮᠢᠶᠠᠷᠤᠨ ᠡᠵᠡᠮᠳᠡᠬᠦ ᠠᠵᠢᠯ ᠢ ᠦᠷᠭᠦᠯᠵᠢᠯᠡᠨ ᠴᠢᠩᠭ᠎ᠠ ᠰᠠᠶᠢᠲᠤᠷ ᠬᠢᠵᠦ᠂ ᠵᠠᠮ ᠬᠠᠷᠢᠯᠴᠠᠭᠠᠨ ᠤ ᠪᠠᠶᠢᠴᠠᠭᠠᠨ ᠰᠢᠯᠭᠠᠬᠤ ᠴᠢᠭ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠳᠬᠠᠨ᠂ ᠲᠣᠰᠬᠤᠨ ︵ᠨᠡᠶᠢᠭᠡᠮ ᠲᠣᠭᠤᠷᠢᠭ︶ ᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ︽ᠳᠥᠷᠪᠡᠨ ᠵᠢᠭᠳᠡ︾ ᠶᠢ ᠴᠢᠩᠭ᠎ᠠ ᠬᠡᠷᠡᠭᠵᠢᠭᠦᠯᠵᠦ᠂ ᠭᠠᠳᠠᠨ᠎ᠠ ᠠᠴᠠ ᠢᠷᠡᠭᠰᠡᠨ ᠬᠥᠮᠥᠰ ᠪᠦᠬᠦᠨ ᠲᠣᠭᠲᠠᠬᠤ ᠰᠢᠶᠠᠨ ᠳᠤ ᠤᠷᠤᠭᠤᠯᠵᠦ ᠪᠣᠯᠬᠤ ᠦᠭᠡᠢ᠃ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠤᠶᠤ ᠪᠠᠭᠤᠷᠠᠭᠤᠯᠬᠤ ᠶᠢ ᠳᠤᠷ᠎ᠠ ᠪᠠᠷ ᠢᠶᠠᠨ ᠲᠣᠭᠲᠠᠭᠠᠵᠤ ᠶᠠᠭᠠᠬᠢᠭᠰᠠᠨ ᠴᠤ ᠪᠣᠯᠬᠤ ᠦᠭᠡᠢ᠃ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠪᠣᠯᠣᠨ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠡᠷᠡᠰ ᠬᠡᠷᠡᠭᠵᠢᠭᠦᠯᠵᠦ᠂ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠠᠵᠢᠯ ᠢᠶᠠᠨ ᠥᠷᠨᠢᠭᠦᠯᠵᠦ᠂ ᠪᠦᠬᠦ ᠰᠢᠶᠠᠨ ᠤ ᠰᠡᠷᠭᠡᠶᠢᠯᠡᠨ ᠡᠵᠡᠮᠳᠡᠬᠦ ᠠᠵᠢᠯ ᠤᠨ ᠪᠠᠷᠢᠮᠵᠢᠶ᠎ᠠ ᠨᠢᠭᠡᠳᠦᠯᠲᠡᠢ᠂ ᠱᠠᠭᠠᠷᠳᠠᠯᠭ᠎ᠠ ᠨᠢᠭᠡᠳᠦᠯᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠶᠠᠪᠤᠴᠠ ᠶᠢᠨ ᠶᠣᠰᠣᠭᠠᠷ ᠲᠤᠰᠠᠭᠠᠷᠯᠠᠯ ᠢ ᠲᠠᠰᠤᠯᠬᠤ ᠦᠭᠡᠢ ᠪᠠᠶᠢᠵᠤ ᠶᠠᠭᠠᠬᠢᠭᠰᠠᠨ ᠴᠤ ᠪᠣᠯᠬᠤ ᠦᠭᠡᠢ᠃ ᠲᠥᠪᠯᠡᠷᠡᠭᠦᠯᠦᠨ ᠲᠤᠰᠠᠭᠠᠷᠯᠠᠭᠰᠠᠨ ᠬᠥᠮᠥᠰ ᠢ ᠰᠠᠯᠭᠠᠬᠤ ᠪᠠ ᠦᠷᠭᠦᠯᠵᠢᠯᠡᠨ ᠬᠠᠮᠢᠶᠠᠷᠤᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠤᠰᠢᠶᠠᠬᠤ ᠪᠠ ᠭᠥᠯᠢᠶᠡᠨ ᠠᠪᠬᠤ ᠠᠵᠢᠯ ᠢ ᠨᠢᠭᠲᠠ ᠬᠤᠯᠪᠣᠯᠳᠤᠭᠤᠯᠵᠤ᠂ ᠪᠦᠬᠦ ᠶᠠᠪᠤᠴᠠ ᠶᠢ ᠨᠢᠭᠲᠠ ᠬᠤᠯᠪᠣᠯᠳᠤᠭᠤᠯᠬᠤ ᠶᠢ ᠪᠠᠲᠤᠯᠠᠬᠤ ᠬᠡᠷᠡᠭᠲᠡᠢ᠃ ᠶᠠᠪᠤᠴᠠ ᠶᠢᠨ ᠲᠣᠭᠲᠠᠭᠠᠯ ᠶᠣᠰᠣᠭᠠᠷ ᠲᠤᠰᠠᠭᠠᠷᠯᠠᠬᠤ ᠦᠭᠡᠢ ᠪᠠᠶᠢᠵᠤ ᠶᠠᠭᠠᠬᠢᠭᠰᠠᠨ ᠴᠤ ᠪᠣᠯᠬᠤ ᠦᠭᠡᠢ᠃ ᠲᠣᠭᠲᠠᠭᠠᠭᠰᠠᠨ ᠴᠤᠪᠤᠷᠠᠯ ᠢ ᠪᠠᠷᠢᠮᠵᠢᠶᠠᠯᠠᠬᠤ ᠶᠢ ᠴᠢᠩᠳᠠᠯᠠᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠲᠠᠢ ᠬᠥᠮᠥᠰ ᠲᠤ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠭᠰᠠᠨ ᠤ ᠳᠠᠷᠠᠭ᠎ᠠ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠢᠷᠤᠮᠵᠢᠭᠰᠠᠨ ᠴᠤᠪᠤᠷᠠᠯ ᠤᠨ ᠶᠣᠰᠣᠭᠠᠷ ᠲᠤᠰᠠᠭᠠᠷᠯᠠᠬᠤ ᠬᠥᠮᠥᠰ ᠢ ᠲᠣᠭᠲᠠᠭᠠᠬᠤ ᠦᠭᠡᠢ ᠪᠠᠶᠢᠬᠤ ᠶᠢ ᠡᠷᠡᠰ ᠬᠤᠷᠢᠭᠯᠠᠬᠤ ᠬᠡᠷᠡᠭᠲᠡᠢ᠃ ᠳᠤᠮᠳᠠ  ᠶᠡᠭᠡ ᠠᠶᠤᠯ ᠲᠦᠭᠰᠢᠭᠦᠷᠢ  ᠲᠠᠢ ᠭᠠᠵᠠᠷ ᠣᠷᠣᠨ ᠤ ᠬᠥᠮᠥᠰ ᠢ ᠲᠤᠭᠳᠠᠬᠤ ᠰᠢᠶᠠᠨ ᠳᠤ ᠣᠷᠣᠭᠤᠯᠵᠤ ᠶᠠᠭᠠᠬᠢᠭᠰᠠᠨ ᠴᠤ ᠪᠣᠯᠬᠤ ᠦᠭᠡᠢ᠃ ᠰᠢᠶᠠᠨ ᠤ ᠵᠢᠯᠤᠭᠤᠳᠬᠤ ᠭᠠᠵᠠᠷ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠬᠠᠮᠢᠶᠠᠷᠤᠨ ᠡᠵᠡᠮᠳᠡᠬᠦ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ︽ᠪᠠᠶᠢᠴᠠᠭᠠᠬᠤ ᠶᠣᠰᠣᠲᠠᠢ ᠪᠠᠶᠢᠲᠠᠯ᠎ᠠ ᠪᠠᠶᠢᠴᠠᠭᠠᠭᠰᠠᠨ ᠦᠭᠡᠢ︾ ᠬᠥᠮᠥᠰ ᠪᠠᠶᠢᠵᠤ ᠶᠠᠭᠠᠬᠢᠭᠰᠠᠨ ᠴᠤ ᠪᠣᠯᠬᠤ ᠦᠭᠡᠢ᠃ ᠭᠤᠣᠯᠳᠠᠯᠭ᠎ᠠ ᠲᠠᠢ ᠬᠥᠮᠥᠰ ᠤᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠢ ᠴᠢᠩᠭ᠎ᠠ ᠰᠠᠶᠢᠲᠤᠷ ᠬᠢᠵᠦ᠂ ᠠᠵᠢᠯᠲᠠᠨ ᠤ ᠡᠬᠡ ᠳᠡᠪᠲᠡᠷ ᠲᠠᠢ ᠣᠨᠣᠪᠴᠢᠲᠠᠶ ᠬᠠᠷᠢᠴᠠᠭᠤᠯᠤᠨ᠂ ᠴᠠᠭ ᠬᠤᠭᠤᠴᠠᠭ᠎ᠠ ᠶᠢ ᠡᠵᠡᠮᠳᠡᠵᠦ᠂ ︽ᠡᠭᠦᠳᠡ ᠲᠣᠭᠰᠢᠬᠤ︾ ︽ ᠱᠦᠭᠦᠷᠳᠡᠯᠳᠡ︾ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ︽ᠪᠠᠶᠢᠴᠠᠭᠠᠬᠤ ᠶᠣᠰᠣᠲᠠᠢ ᠶᠢ ᠨᠢ ᠴᠥᠮ ᠪᠠᠶᠢᠴᠠᠭᠠᠬᠤ︾ ᠶᠢ ᠦᠨᠡᠨ ᠬᠦ ᠪᠠᠲᠤᠯᠠᠬᠤ ᠬᠡᠷᠡᠭᠲᠡᠢ᠃ ︽ᠬᠠᠮᠢᠶᠠᠷᠬᠤ ᠶᠣᠰᠣᠲᠠᠢ ᠶᠢ ᠨᠢ ᠬᠠᠮᠢᠶᠠᠷᠤᠭᠠᠳᠤᠢ ᠪᠠᠶᠢᠬᠤ︾ ᠦᠵᠡᠭᠳᠡᠯ ᠶᠠᠭᠠᠬᠢᠭᠰᠠᠨ ᠴᠤ ᠭᠠᠷᠴᠤ ᠪᠣᠯᠬᠤ ᠦᠭᠡᠢ᠃ ᠲᠥᠪᠯᠡᠷᠡᠭᠦᠯᠦᠨ ᠲᠤᠰᠠᠭᠠᠷᠯᠠᠬᠤ᠂ ᠭᠡᠷ ᠲᠤᠨᠢ ᠲᠤᠰᠠᠭᠠᠷᠯᠠᠬᠤ᠂ ᠡᠷᠡᠭᠦᠯ ᠮᠡᠨᠳᠦ ᠶᠢ ᠬᠢᠨᠠᠨ ᠬᠡᠮᠵᠢᠬᠦ ᠵᠡᠷᠭᠡ ᠭᠤᠣᠯᠳᠠᠯᠭ᠎ᠠ ᠲᠠᠢ ᠬᠥᠮᠥᠰ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠬᠠᠮᠢᠶᠠᠷᠤᠯᠲᠠ ᠪᠠᠨ ᠠᠯᠳᠠᠬᠤ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠵᠥᠪ ᠲᠠᠯ᠎ᠠ ᠠᠴᠠ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠥᠷᠭᠡᠨ ᠤᠯᠠᠨ ᠺᠠᠳ᠋ᠷ᠂ ᠨᠠᠮ ᠤᠨ ᠭᠡᠰᠢᠭᠦᠨ᠂ ᠤᠯᠠᠨ ᠲᠦᠮᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠴᠣᠯᠭᠤᠷᠠᠨ ᠭᠠᠷᠤᠭᠰᠠᠨ ᠨᠡᠶᠢᠲᠡᠯᠢᠭ ᠦᠢᠯᠡ ᠠᠵᠢᠯᠯᠠᠭ᠎ᠠ ᠶᠢ ᠶᠡᠬᠡᠪᠡᠷ ᠤᠬᠠᠭᠤᠯᠵᠤ᠂ ᠤᠯᠠᠨ ᠲᠦᠮᠡᠨ ᠤ ᠠᠵᠢᠯ ᠢ ᠰᠡᠳᠬᠢᠯ ᠲᠠᠯᠪᠢᠨ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠺᠠᠳ᠋ᠷ ᠤᠯᠠᠨ ᠲᠦᠮᠡᠨ ᠤ ᠰᠡᠳᠬᠢᠯ ᠨᠢᠭᠡᠳᠦᠨ ᠬᠢᠵᠢᠭ ᠢ ᠡᠰᠡᠷᠭᠦᠴᠡᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠦᠨᠡᠨᠬᠦ ᠨᠢᠭᠲᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃      ᠭᠤᠤ ᠵᠧᠩ᠂ ᠰᠦᠨ ᠰᠢᠶᠦ᠋ᠨ᠂ ᠶᠦᠨ ᠷᠦᠢ ᠵᠢᠶᠦ᠋ᠨ᠂ ᠸᠠᠩ ᠮᠢᠩ ᠵᠡᠷᠭᠡ ᠰᠢᠶᠠᠨ ᠤ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1