ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠪᠠᠶᠠᠷ ᠤᠨ ᠡᠳᠦᠷ ᠲᠣᠬᠢᠶᠠᠯᠳᠤᠵᠤ᠂ | ᠬᠥᠮᠥᠰ ᠪᠠᠶᠠᠷ ᠤᠨ ᠡᠳᠦᠷ ᠤᠨ ᠥᠯᠵᠡᠢ ᠪᠡᠯᠭᠡ ᠲᠠᠢ ᠠᠭᠤᠷ ᠠᠮᠢᠰᠬᠤᠯ ᠳᠤ ᠰᠣᠭᠲᠣᠭᠤᠷᠠᠵᠤ ᠪᠠᠶᠢᠬᠤ ᠳᠤ᠂ | ᠭᠡᠨᠡᠳᠲᠡ ᠶᠢᠨ ᠬᠢᠵᠢᠭ ᠤᠨ ᠪᠠᠶᠢᠳᠠᠯ ᠬᠥᠬᠡᠬᠤᠲᠠ ᠶᠢᠨ ᠠᠷᠠᠳ ᠲᠦᠮᠡᠨ ᠤ ᠠᠮᠤᠷ ᠲᠠᠶᠢᠪᠤᠩ ᠠᠮᠢᠳᠤᠷᠠᠯ ᠢ ᠡᠪᠳᠡᠪᠡ | ᠃ ᠬᠢᠵᠢᠭ ᠤᠨ ᠪᠠᠶᠢᠳᠠᠯ ᠪᠣᠯ ᠳᠠᠷᠤᠢ ᠵᠠᠷᠯᠢᠭ ᠮᠥᠨ᠂ ᠬᠢᠵᠢᠭ ᠢ ᠰᠡᠷᠭᠡᠶᠢᠯᠡᠬᠦ ᠠᠵᠢᠯ ᠢ ᠥᠴᠥᠬᠡᠨ ᠴᠦ | ᠬᠤᠶᠢᠰᠢᠯᠠᠭᠤᠯᠵᠤ ᠪᠣᠯᠬᠤ ᠦᠭᠡᠢ᠂ᠬᠥᠬᠡᠬᠤᠲᠠ ᠵᠢᠴᠢ ᠡᠯ᠎ᠡ ᠲᠣᠭᠤᠷᠢᠭ ᠰᠢᠶᠠᠨ ᠤ ᠵᠠᠰᠠᠭ ᠤᠨ ᠣᠷᠳᠣᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠨᠢᠭᠡᠳᠦᠯᠲᠡᠢ ᠪᠠᠶᠢᠷᠢᠯᠠᠭᠤᠯᠤᠯᠲᠠ ᠳᠣᠣᠷ᠎ᠠ᠂ | ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠲᠣᠰᠬᠤᠨ ᠤ ᠴᠢᠭ ᠰᠠᠬᠢᠬᠤ ᠵᠢᠴᠢ ᠸᠢᠷᠦ᠋ᠰ ᠢ ᠠᠷᠢᠯᠭᠠᠬᠤ ᠵᠡᠷᠭᠡ | ᠠᠵᠢᠯ ᠢ ᠴᠥᠮ ᠡᠮᠬᠢ ᠵᠢᠷᠤᠮ ᠲᠠᠢ ᠪᠥᠭᠡᠳ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠵᠤ᠂ ᠲᠤᠭ᠎ᠠ ᠲᠣᠮᠰᠢ | ᠦᠭᠡᠢ ᠡᠮᠴᠢᠯᠡᠭᠡᠨ ᠤ ᠠᠵᠢᠯᠲᠠᠨ᠂ ᠨᠠᠮ ᠤᠨ ᠭᠡᠰᠢᠭᠦᠨ ᠤ ᠬᠤᠰᠢᠭᠤᠴᠢ᠂ ᠰᠠᠶᠢᠨ ᠳᠤᠷ᠎ᠠ ᠶᠢᠨ ᠠᠵᠢᠯᠯᠠᠭᠴᠢᠳ ᠤᠨ | ᠡᠳᠦᠷ ᠰᠥᠨᠢ ᠦᠭᠡᠢ ᠪᠠᠶᠢᠯᠳᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ | ᠠᠵᠢᠯᠯᠠᠵᠤ᠂ ᠬᠦᠴᠢᠷ ᠵᠣᠪᠠᠭᠤᠷᠢ ᠶᠢ ᠲᠡᠰᠪᠦᠷᠢᠯᠡᠵᠦ ᠳᠡᠶᠢᠯᠬᠦ᠂ ᠬᠠᠷᠠᠮ ᠦᠭᠡᠢ ᠵᠢᠳᠬᠦᠬᠦ᠂ ᠡᠷᠡᠯᠬᠡᠭ ᠢᠶᠠᠷ ᠲᠡᠮᠡᠴᠡᠬᠦ | ᠠᠵᠢᠯ ᠤᠨ ᠰᠢᠯᠭᠠᠷᠠᠭᠰᠠᠨ ᠰᠤᠷᠲᠠᠯ ᠢ ᠢᠯᠡᠷᠡᠭᠦᠯᠪᠡ᠃ | ᠬᠢᠵᠢᠭ ᠤᠨ ᠪᠠᠶᠢᠳᠠᠯ ᠬᠥᠮᠥᠰ ᠤᠨ ᠰᠡᠳᠬᠢᠯ ᠢ ᠡᠮᠵᠢᠭᠯᠡᠭᠦᠯᠵᠦ ᠪᠠᠶᠢᠨ᠎ᠠ᠃ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠬᠤᠷᠢᠭᠯᠠᠨ ᠴᠣᠬᠢᠬᠤ ᠳᠠᠶᠢᠨ ᠤ ᠢᠯᠠᠯᠲᠠ ᠶᠢ ᠣᠯᠬᠤ ᠶᠢᠨ ᠲᠥᠯᠥᠭᠡ᠂ ᠣᠶᠢᠷ᠎ᠠ ᠳᠤ᠂ | ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠴᠠᠬᠢᠯᠭᠠᠨ ᠬᠦᠴᠦᠨ ᠤ | ᠬᠠᠩᠭᠠᠯᠭ᠎ᠠ ᠶᠢ ᠪᠠᠲᠤᠯᠠᠬᠤ ᠭᠤᠣᠯ ᠨᠢᠭᠡᠴᠡ ᠪᠣᠯᠬᠤ ᠳ᠋ᠠ ᠲᠠᠩ ᠲᠣᠭᠲᠠᠬᠤ ᠴᠠᠬᠢᠯᠭᠠᠨ ᠤ ᠺᠣᠮᠫᠠᠨᠢ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠬᠤ ᠬᠤᠣᠰ ᠲᠣᠭᠲᠠᠭᠤᠨ | ᠪᠠᠶᠢᠳᠠᠯ ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠲᠥᠪ ᠤᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ | ᠢᠳᠡᠪᠬᠢᠲᠡᠢ ᠪᠠᠷ ᠭᠦᠢᠴᠡᠳᠬᠡᠵᠦ᠂ ᠬᠤᠷᠢᠨᠭᠡᠷ ᠴᠢᠩ ᠱᠦᠢ ᠾᠧ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ᠂ ᠲᠣᠭᠲᠠᠬᠤ ᠠᠵᠤ ᠦᠢᠯᠡᠳᠪᠦᠷᠢ ᠶᠢᠨ ᠬᠦᠷᠢᠶᠡᠯᠡᠩ ᠳᠤ | ᠬᠢᠵᠢᠭ ᠢ ᠡᠰᠡᠷᠭᠦᠴᠡᠬᠦ ᠡᠳ᠋ ᠪᠣᠳᠠᠰ ᠬᠠᠨᠳᠢᠪᠯᠡᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠢᠵᠢᠭ ᠤᠨ | ᠪᠠᠶᠢᠳᠠᠯ ᠢ ᠡᠰᠡᠷᠭᠦᠴᠡᠬᠦ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠵᠦ᠂ ᠴᠠᠭ ᠤᠨ ᠪᠡᠷᠬᠡ ᠶᠢ ᠬᠠᠮᠲᠤᠪᠠᠷ ᠲᠤᠭᠤᠯᠵᠦ | ᠪᠠᠶᠢᠨ᠎ᠠ᠃ | ᠠᠶᠤᠯ ᠲᠦᠭᠰᠢᠭᠦᠷᠢ ᠲᠠᠢ ᠴᠠᠭ ᠮᠥᠴᠡ ᠪᠣᠯᠬᠤ ᠲᠤᠳᠤᠮ᠂ ᠡᠭᠦᠷᠭᠡ ᠬᠠᠷᠢᠭᠤᠴᠠᠯᠭ᠎ᠠ ᠪᠠᠨ ᠤᠯᠠᠮ | ᠢᠯᠡᠷᠡᠭᠦᠯᠦᠨ᠎ᠡ︕ ᠳ᠋ᠠ ᠲᠠᠩ ᠲᠣᠭᠲᠠᠬᠤ ᠴᠠᠬᠢᠯᠭᠠᠨ ᠤ ᠺᠣᠮᠫᠠᠨᠢ ᠶᠢᠨ ᠬᠢᠨ 13 ᠲᠦᠮᠡᠨ ᠲᠥᠭᠦᠷᠢᠭ ᠤᠨ | ᠠᠮᠠᠪᠴᠢ᠂ ᠬᠠᠮᠠᠭᠠᠯᠠᠯᠲᠠ ᠶᠢᠨ ᠬᠤᠪᠴᠠᠰᠤ᠂ ᠥᠪᠡᠷ ᠢᠶᠠᠨ ᠬᠠᠯᠠᠭᠠᠯᠲᠠ ᠶᠢᠨ ᠪᠤᠳᠠᠭ᠎ᠠ᠂ ᠦᠨᠢᠶᠡᠨ ᠰᠦ᠂ | ᠬᠤᠨᠢᠨ ᠤ ᠬᠤᠯᠢᠮᠠᠭ ᠱᠥᠯᠥ ᠵᠡᠷᠭᠡ ᠨᠢᠭᠡᠳᠦᠭᠡᠷ ᠹᠷᠣᠨᠲ ᠲᠤ ᠪᠠᠴᠢᠮ ᠱᠠᠭᠠᠷᠳᠠᠭᠳᠠᠵᠤ ᠪᠠᠶᠢᠭ᠎ᠠ ᠡᠯ᠎ᠡ ᠲᠥᠷᠥᠯ ᠤᠨ | ᠬᠢᠵᠢᠭ ᠢ ᠡᠰᠡᠷᠭᠦᠴᠡᠬᠦ ᠡᠳ᠋ ᠪᠣᠳᠠᠰ ᠪᠣᠯᠣᠨ ᠲᠥᠬᠦᠮ ᠢᠳᠡᠭᠡᠨ ᠤ ᠵᠦᠢᠯ ᠢ ᠨᠢᠭᠡᠳᠦᠭᠡᠷ ᠹᠷᠣᠨᠲ ᠤᠨ ᠬᠢᠵᠢᠭ ᠢ | ᠰᠡᠷᠭᠡᠶᠢᠯᠡᠬᠦ ᠠᠵᠢᠯᠲᠠᠳ ᠤᠨ ᠳᠡᠷᠭᠡᠳᠡ ᠬᠦᠷᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠦᠴᠦᠨ ᠴᠢᠳᠠᠯ ᠪᠣᠯᠣᠨ | ᠬᠠᠯᠠᠭᠤᠨ ᠳᠤᠯᠠᠭᠠᠨ ᠢ ᠳᠠᠮᠵᠢᠭᠤᠯᠵᠤ ᠪᠠᠶᠢᠨ᠎ᠠ᠃ ᠬᠠᠶᠢᠷᠴᠠᠭᠯᠢᠭ ᠡᠳ᠋ ᠪᠣᠳᠠᠰ ᠨᠢ ᠲᠤᠰ ᠺᠣᠮᠫᠠᠨᠢ ᠶᠢᠨ ᠬᠤᠪᠢ | ᠬᠤᠪᠢᠨ ᠤ ᠬᠠᠶᠢᠷ᠎ᠠ ᠬᠠᠯᠠᠮᠵᠢ ᠶᠢ ᠠᠴᠢᠶᠠᠯᠠᠵᠤ᠂ ᠬᠠᠷᠠᠮ ᠦᠭᠡᠢ ᠵᠣᠷᠢᠭᠤᠯᠬᠤ᠂ ᠠᠷᠠᠳ ᠤᠨ ᠲᠥᠯᠥᠭᠡ | ᠬᠦᠴᠢᠷᠳᠡᠯ ᠢ ᠰᠢᠢᠳᠪᠦᠷᠢᠯᠡᠬᠦ ᠶᠡᠭᠡ ᠬᠠᠶᠢᠷ᠎ᠠ ᠰᠡᠳᠬᠢᠯᠭᠡ ᠪᠣᠯᠣᠨ ᠲᠥᠪ ᠤᠨ ᠠᠵᠤ ᠠᠬᠤᠶᠢᠯᠠᠯ ᠤᠨ ᠡᠭᠦᠷᠭᠡᠯᠡᠯ ᠢ | ᠬᠠᠷᠠᠭᠤᠯᠵᠠᠢ᠃ ᠥᠷᠭᠡᠨ ᠤᠯᠠᠨ ᠡᠮᠦᠨ᠎ᠡ ᠹᠷᠣᠨᠲ ᠤᠨ ᠬᠢᠵᠢᠭ ᠢ ᠰᠡᠷᠭᠡᠶᠢᠯᠡᠬᠦ ᠠᠵᠢᠯᠲᠠᠳ᠂ ᠳ᠋ᠠ ᠲᠠᠩ ᠤᠨ | ᠬᠠᠶᠢᠷ᠎ᠠ ᠬᠠᠯᠠᠮᠵᠢ ᠨᠢ ᠲᠡᠳᠡᠨ ᠤ ᠡᠷᠴᠢ ᠵᠣᠷᠢᠭ ᠢ ᠶᠡᠬᠡᠪᠡᠷ ᠬᠥᠪᠴᠢᠯᠡᠵᠦ᠂ ᠲᠡᠳᠡᠨ ᠤ ᠰᠡᠳᠬᠢᠯ ᠠᠮᠤᠷ ᠠᠵᠢᠯᠯᠠᠬᠤ᠂ | ᠡᠮᠦᠨ᠎ᠡ ᠹᠷᠣᠨᠲ ᠢ ᠪᠠᠲᠤ ᠰᠠᠬᠢᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠳᠤ | ᠪᠠᠲᠤᠯᠠᠭ᠎ᠠ ᠬᠠᠩᠭᠠᠵᠤ᠂ ᠲᠡᠳᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ | ᠳᠠᠶᠢᠯᠠᠯᠳᠤᠭᠠᠨ ᠢ ᠰᠠᠶᠢᠲᠤᠷ ᠬᠢᠬᠦ ᠢᠲᠡᠭᠡᠯ ᠵᠣᠷᠢᠭ ᠢ ᠪᠠᠲᠤᠳᠬᠠᠪᠠ ᠭᠡᠵᠦ ᠢᠯᠡᠳᠬᠡᠵᠡᠭᠡᠪᠡ᠃ | ᠭᠠᠷ ᠢᠶᠠᠨ ᠬᠤᠯᠪᠣᠯᠴᠠᠨ ᠬᠢᠵᠢᠭ ᠢ ᠡᠰᠡᠷᠭᠦᠴᠡᠵᠦ᠂ ᠨᠢᠭᠡ ᠵᠠᠮ ᠢᠶᠠᠷ ᠢᠶᠠᠨ ᠤᠷᠤᠭᠰᠢᠯᠠᠨ᠎ᠠ᠃ ᠲᠣᠰ | ᠤᠳᠠᠭᠠᠨ ᠤ ᠠᠵᠢᠯᠯᠠᠭ᠎ᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠥᠮᠥᠰ ᠲᠤ ᠬᠠᠯᠠᠭᠤᠨ ᠳᠤᠯᠠᠭᠠᠨ | ᠰᠡᠷᠭᠡᠶᠢᠯᠡᠯᠲᠡ ᠶᠢᠨ ᠱᠤᠭᠤᠮ ᠢ ᠪᠠᠶᠢᠭᠤᠯᠤᠨ ᠥᠭᠴᠦ᠂ ᠥᠷᠭᠡᠨ ᠣᠯᠠᠨ ᠺᠠᠳ᠋ᠷ ᠠᠵᠢᠯᠲᠠᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ︽ᠬᠤᠰᠢᠭᠤᠴᠢ︾᠂ ᠣᠯᠠᠨ ᠲᠦᠮᠡᠨ ᠤ ᠢᠲᠡᠭᠡᠯᠲᠡᠢ ︽ᠲᠦᠰᠢᠭ︾ ᠪᠣᠯᠬᠤ ᠪᠠᠷ | ᠴᠢᠷᠮᠠᠶᠢᠬᠤ ᠶᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ᠂ ᠡᠮᠦᠨ᠎ᠡ ᠹᠷᠣᠨᠲ ᠲᠤ ᠪᠠᠲᠤ ᠰᠠᠬᠢᠵᠤ ᠪᠠᠶᠢᠭ᠎ᠠ ︽ | ᠪᠠᠶᠢᠯᠳᠤᠭᠴᠢ︾ ᠳᠤ ᠳ᠋ᠠ ᠲᠠᠩ ᠤᠨ ᠬᠠᠯᠠᠭᠤᠨ ᠳᠤᠯᠠᠭᠠᠨ ᠢ ᠮᠡᠳᠡᠷᠡᠭᠦᠯᠵᠦ᠂ ᠲᠣᠰ ᠤᠳᠠᠭᠠᠨ ᠤ ᠬᠢᠵᠢᠭ ᠢ | ᠰᠡᠷᠭᠡᠶᠢᠯᠡᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠡᠷᠲᠡᠬᠡᠨ ᠣᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ | ᠃ | |