ᠯᠢ ᠴᠦᠨ ᠶᠠᠨ ᠮᠠᠨ ᠤ ᠰᠢᠶᠠᠨ ᠤ ᠰᠥᠩ ᠬᠠᠯᠢᠶ᠎ᠠ ᠶᠢ ᠰᠡᠷᠭᠡᠶᠢᠯᠡᠬᠦ᠂ ᠬᠠᠲᠤᠨ ᠭᠤᠣᠯ ᠤᠨ ᠰᠠᠶᠢᠷᠭᠠᠯ ᠤᠨ ᠣᠷᠣᠨ ᠢ ᠨᠡᠭᠦᠯᠭᠡᠨ ᠪᠠᠶᠢᠭᠤᠯᠬᠤ ᠶᠢᠨ ᠬᠠᠮᠲᠤ ᠭᠤᠣᠯ ᠴᠠᠭᠳᠠᠬᠤ ᠠᠵᠢᠯ ᠢ ᠥᠷᠨᠢᠭᠦᠯᠬᠦ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/3/9
      ᠯᠢ ᠴᠦᠨ ᠶᠠᠨ ᠮᠠᠨ ᠤ ᠰᠢᠶᠠᠨ ᠤ ᠰᠦᠩ ᠬᠠᠯᠢᠶ᠎ᠠ ᠶᠢ ᠰᠡᠷᠭᠡᠶᠢᠯᠡᠬᠦ᠂ ᠬᠠᠳᠤᠨ ᠭᠤᠣᠯ ᠤᠨ ᠰᠠᠶᠢᠷᠭᠠᠯ ᠤᠨ ᠣᠷᠣᠨ ᠢ ᠨᠡᠭᠦᠯᠭᠡᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠭᠤᠣᠯ ᠴᠠᠭᠳᠠᠬᠤ ᠠᠵᠢᠯ ᠢ ᠥᠷᠨᠢᠭᠦᠯᠬᠦ ᠲᠤᠬᠠᠢ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠄ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠷᠠᠳ ᠤᠯᠠᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ ᠭᠡᠪᠡ᠃
     3 ᠳ᠋ᠤᠭᠠᠷ ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠠᠲᠤᠨ ᠭᠤᠣᠯ ᠤᠨ ᠬᠤᠸ ᠵᠢᠶᠠ ᠶᠣᠣ ᠶᠢᠨ ᠬᠡᠰᠡᠭ᠂ ᠱᠢ ᠰᠧ ᠹᠧᠨ ᠽᠢ ᠬᠡᠰᠡᠭ ᠲᠤ ᠬᠦᠷᠴᠦ᠂ ᠰᠥᠩ ᠬᠠᠯᠢᠶ᠎ᠠ ᠶᠢ ᠰᠡᠷᠭᠡᠶᠢᠯᠡᠬᠦ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠵᠢᠵᠢᠭᠦᠷᠯᠡᠨ ᠲᠣᠭᠤᠷᠢᠨ ᠪᠠᠶᠢᠴᠠᠭᠠᠭᠰᠠᠨ᠂ ᠬᠠᠲᠤᠨ ᠭᠤᠣᠯ ᠤᠨ ᠰᠠᠶᠢᠷᠭᠠᠯ ᠤᠨ ᠣᠷᠣᠨ ᠢ ᠨᠡᠭᠦᠯᠭᠡᠨ ᠪᠠᠶᠢᠭᠤᠯᠤᠭᠰᠠᠨ ᠵᠡᠷᠭᠡ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠭᠤᠣᠯ ᠴᠠᠭᠳᠠᠬᠤ ᠠᠵᠢᠯ ᠢ ᠥᠷᠨᠢᠭᠦᠯᠪᠡ᠃ ᠯᠢ ᠴᠦᠨ ᠶᠠᠨ ᠬᠠᠲᠤᠨ ᠭᠤᠣᠯ ᠤᠨ ᠰᠦᠩ ᠬᠠᠯᠢᠶ᠎ᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠲᠤᠨ ᠭᠤᠣᠯ ᠤᠨ ᠰᠦᠩ ᠬᠠᠯᠢᠶ᠎ᠠ ᠶᠢᠨ ᠦᠶᠡᠷ ᠪᠣᠯᠣᠨ ᠭᠤᠣᠯ ᠮᠥᠷᠡᠨ ᠤ ᠭᠤᠯᠳᠤᠷᠢᠯ ᠢ ᠲᠣᠭᠤᠷᠢᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
     ᠯᠢ ᠴᠦᠨ ᠶᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠬᠠᠲᠤᠨ ᠭᠤᠣᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠢ᠃ ᠠᠷᠭ᠎ᠠ ᠬᠡᠮᠵᠢᠶ᠎ᠡ ᠪᠠᠨ ᠴᠢᠩᠭᠠᠳᠬᠠᠨ᠂ ᠢᠳᠡᠪᠬᠢᠲᠡᠢ ᠪᠠᠷ ᠠᠷᠭᠠᠴᠠᠵᠤ᠂ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠬᠡᠷᠡᠭᠲᠡᠢ᠃ ᠤᠰᠤᠨ ᠤ ᠪᠠᠶᠢᠳᠠᠯ᠂ ᠰᠦᠩ ᠬᠠᠯᠢᠶ᠎ᠠ ᠶᠢᠨ ᠪᠠᠶᠢᠳᠠᠯ ᠢ ᠴᠢᠩᠭ᠎ᠠ ᠬᠢᠨᠠᠨ ᠪᠠᠶᠢᠴᠠᠭᠠᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠤᠷᠢᠨ ᠪᠠᠶᠢᠴᠠᠭᠠᠵᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠪᠦᠷᠢᠨ ᠭᠦᠢᠴᠡᠳ ᠲᠣᠬᠢᠷᠠᠭᠤᠯᠵᠤ᠂ ᠴᠢᠩᠭ᠎ᠠ ᠰᠡᠷᠭᠡᠶᠢᠯᠡᠵᠦ᠂ ᠯᠠᠪᠳᠠᠭᠤᠨ ᠪᠠᠲᠤᠲᠠᠢ ᠠᠵᠢᠯᠯᠠᠬᠤ ᠪᠠᠷ ᠳᠠᠮᠵᠢᠨ ᠬᠠᠳᠤᠨ ᠭᠤᠣᠯ ᠤᠨ ᠲᠤᠭᠳᠠᠬᠤ ᠰᠢᠶᠠᠨ ᠤ ᠬᠡᠰᠡᠭ ᠤᠨ ᠠᠮᠤᠷ ᠲᠦᠪᠰᠢᠨ ᠢᠶᠠᠷ ᠭᠤᠣᠯ ᠨᠡᠭᠡᠭᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠯᠢ ᠴᠦᠨ ᠶᠠᠨ᠂ ᠰᠠᠶᠢᠷᠭᠠᠯ ᠣᠷᠣᠨ ᠤ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠢᠨᠵᠧᠨᠧᠷᠢᠩ ᠪᠣᠯ ᠨᠢᠭᠡ ᠵᠦᠢᠯ ᠤᠨ ᠤᠯᠤᠰ ᠲᠦᠷᠦ ᠶᠢᠨ ᠡᠭᠦᠷᠭᠡ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠡᠭᠦᠯᠭᠡᠨ ᠪᠠᠶᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠣᠨ ᠲᠤᠯᠭᠠᠷᠠᠵᠤ ᠪᠠᠶᠢᠭ᠎ᠠ ᠪᠠᠶᠢᠳᠠᠯ ᠢ ᠰᠡᠷᠭᠡᠭ ᠢᠶᠠᠷ ᠲᠠᠨᠢᠵᠤ᠂ ᠲᠣᠰᠬᠤᠨ ᠤ ᠠᠷᠠᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠢ ᠡᠵᠡᠮᠳᠡᠵᠦ᠂ ᠢᠨᠵᠧᠨᠧᠷᠢᠩ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠰᠠᠶᠢᠷᠭᠠᠯ ᠣᠷᠣᠨ ᠤ ᠤᠯᠠᠨ ᠲᠦᠮᠡᠨ ᠤ ︽ᠨᠡᠭᠦᠵᠦ ᠳᠡᠶᠢᠯᠬᠦ᠂ ᠲᠣᠭᠲᠠᠪᠤᠷᠢᠵᠢᠬᠤ᠂ ᠬᠥᠭᠵᠢᠵᠦ ᠳᠡᠶᠢᠯᠬᠦ᠂ ᠪᠠᠶᠠᠵᠢᠵᠤ ᠳᠡᠶᠢᠯᠬᠦ︾ ᠶᠢ ᠪᠠᠲᠤᠯᠠᠵᠤ᠂  ᠰᠠᠶᠢᠷᠭᠠᠯ ᠣᠷᠣᠨ ᠤ ᠤᠯᠠᠨ ᠲᠦᠮᠡᠨ ᠳᠤ ᠦᠨᠡᠨ ᠪᠣᠳᠠᠲᠠᠢ ᠠᠰᠢᠭ ᠬᠦᠷᠲᠡᠭᠡᠵᠦ᠂ ᠵᠣᠯ ᠵᠢᠷᠭᠠᠯᠲᠤ ᠲᠥᠷᠥᠭᠳᠡᠯ ᠪᠣᠯᠣᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1