ᠲᠣᠭᠲᠠᠬᠤ ᠰᠢᠶᠠᠨ᠄ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ‌ᠢ ᠪᠥᠬᠦ ᠬᠦᠴᠦᠨ ᠢᠶᠠᠷ ᠢᠶᠠᠨ ᠬᠠᠮᠠᠭᠠᠯᠠᠶ᠎ᠠ
ᠨᠡᠶᠢᠲᠡᠯᠡᠭᠰᠡᠨ ᠴᠠᠭ᠄
2022/4/23
      ᠬᠠᠪᠤᠷ ᠤᠨ ᠤᠯᠠᠷᠢᠯ ᠤᠨ ᠠᠵᠢᠯ ᠤᠨ ︽ᠰᠢᠵᠢᠷ ᠠᠯᠲᠠᠨ ᠬᠤᠭᠤᠴᠠᠭ᠎ᠠ︾ ᠶᠢ ᠠᠮᠵᠢᠨ ᠠᠳᠬᠤᠬᠤ ᠶᠢᠨ ᠲᠥᠯᠥᠭᠡ᠂ ᠲᠣᠭᠲᠠᠬᠤ ᠰᠢᠶᠠᠨ ᠤ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠪᠥᠬᠦ ᠰᠢᠶᠠᠨ ᠤ 5 ᠪᠠᠯᠭᠠᠰᠤ ᠶᠢᠨ 23.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠴᠠᠭ ᠲᠤᠬᠠᠢ ᠳᠤᠨᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠴᠠᠭ ᠢ ᠰᠠᠭᠠᠲᠠᠭᠠᠬᠤ ᠦᠭᠡᠢ ᠪᠠᠶᠢᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠪᠠᠷᠢᠯᠭ᠎ᠠ ᠶᠢᠨ ᠠᠵᠢᠯᠲᠠᠨ ᠪᠣᠯᠣᠨ ᠮᠠᠯᠲᠠᠭᠤᠷ ᠮᠠᠰᠢᠨ᠂ ᠰᠢᠷᠣᠢ ᠲᠦᠯᠬᠢᠬᠦ ᠮᠠᠰᠢᠨ᠂ ᠠᠴᠢᠬᠤ ᠮᠠᠰᠢᠨ᠂ ᠥᠪᠡᠷᠲᠡᠭᠡᠨ ᠪᠠᠭᠤᠯᠭᠠᠬᠤ ᠲᠡᠷᠭᠡ᠂ ᠪᠠᠭᠠᠰᠤ ᠰᠠᠴᠤᠬᠤ ᠮᠠᠰᠢᠨ ᠵᠡᠷᠭᠡ ᠮᠠᠰᠢᠨ ᠲᠥᠬᠦᠭᠡᠷᠦᠮᠵᠢ ᠶᠠᠭ ᠪᠠᠴᠢᠮ ᠶᠠᠭᠠᠷᠠᠯᠲᠠᠢ ᠪᠠᠷᠢᠯᠭ᠎ᠠ ᠶᠢᠨ ᠠᠵᠢᠯ ᠢᠶᠠᠨ ᠥᠷᠨᠢᠭᠦᠯᠵᠦ᠂ ᠪᠦᠬᠦ ᠰᠢᠶᠠᠨ ᠤ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠭᠰᠠᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠵᠦ ᠪᠠᠶᠢᠨ᠎ᠠ᠃
    ᠲᠣᠭᠲᠠᠬᠤ ᠰᠢᠶᠠᠨ ᠤ ᠭᠦ᠋ ᠴᠧᠩ ᠪᠠᠯᠭᠠᠰᠤ ᠶᠢᠨ ᠭᠠᠩ ᠹᠠᠩ ᠭᠧᠦ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ ᠶᠠᠭ ᠮᠠᠰᠢᠨ ᠮᠧᠬᠠᠨᠢᠭ ᠢᠶᠠᠷ ᠠᠵᠢᠯᠯᠠᠵᠤ ᠪᠠᠶᠢᠭ᠎ᠠ ᠨᠢ
    ᠲᠣᠭᠲᠠᠬᠤ ᠰᠢᠶᠠᠨ ᠤ ᠭᠦ᠋ ᠴᠧᠩ ᠪᠠᠯᠭᠠᠰᠤ ᠶᠢᠨ ᠭᠠᠩ ᠹᠠᠩ ᠭᠧᠦ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ      ᠰᠢᠨ᠎ᠡ ᠪᠠᠷ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠡᠰᠡᠭ ᠨᠢ ᠲᠡᠭᠰᠢᠬᠡᠨ ᠪᠠᠶᠢᠵᠤ᠂ ᠰᠤᠪᠠᠭ ᠤᠨ ᠲᠣᠣᠷ ᠢ ᠢᠵᠢ ᠪᠦᠷᠢᠳᠦᠭᠦᠯᠦᠨ᠂ ᠵᠠᠮ ᠤᠨ ᠲᠣᠣᠷ ᠢ ᠬᠥᠨᠳᠡᠯᠡᠨ ᠭᠤᠯᠳᠤ ᠪᠠᠷ ᠪᠠᠶᠢᠭᠤᠯᠵᠤ᠂ ᠤᠰᠤ ᠠᠷᠪᠢᠯᠠᠬᠤ ᠤᠰᠤᠯᠠᠯᠲᠠ ᠪᠠ ᠬᠥᠷᠥᠰᠥ ᠰᠢᠷᠣᠢ ᠶᠢ ᠰᠠᠶᠢᠵᠢᠷᠠᠭᠤᠯᠬᠤ ᠶᠢ ᠬᠡᠷᠡᠭᠵᠢᠭᠦᠯᠪᠡᠯ᠂ ᠮᠧᠬᠠᠨᠢᠭᠴᠢᠯᠠᠭᠰᠠᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠠᠷᠢᠮᠠᠯ ᠤᠨ ᠭᠠᠮᠰᠢᠭ ᠢ ᠡᠰᠡᠷᠭᠦᠴᠡᠨ ᠭᠠᠮᠰᠢᠭ ᠢ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠵᠦ᠂ ᠲᠠᠷᠢᠮᠠᠯ ᠤᠨ ᠤᠨᠠᠯᠲᠠ ᠪᠠ ᠶᠠᠰᠤ ᠴᠢᠨᠠᠷ ᠢ ᠳᠡᠭᠡᠭᠰᠢᠯᠡᠭᠦᠯᠵᠦ ᠴᠢᠳᠠᠨ᠎ᠠ᠃ ᠣᠶᠢᠯᠠᠭᠠᠭᠰᠠᠨ ᠢᠶᠠᠷ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠮᠦ ᠪᠦᠷᠢ ᠶᠢᠨ ᠳᠤᠮᠳᠠᠴᠢ ᠤᠨᠠᠯᠳᠠ 100 ᠺᠢᠯᠣᠭ᠍ᠷᠠᠮ ᠰᠢᠬᠠᠮ ᠨᠡᠮᠡᠭᠳᠡᠵᠦ᠂ 8 ᠲᠦᠮᠡ ᠰᠢᠬᠠᠮ ᠲᠠᠷᠢᠶᠠᠴᠢᠨ ᠡᠷᠦᠬᠡ ᠰᠢᠭᠤᠳ ᠠᠰᠢᠭ ᠭᠥᠷᠳᠡᠬᠦ ᠪᠣᠯᠣᠨ᠎ᠠ᠃
     ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤᠨ ᠤ ᠴᠠᠩ ᠵᠢᠶᠠ ᠶᠢᠩ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠰᠤᠯᠠᠯᠲᠠ ᠶᠢᠨ ᠰᠤᠪᠠᠭ      ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤᠨ ᠤ ᠴᠠᠩ ᠵᠢᠶᠠ ᠶᠢᠩ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1