ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠣᠭᠲᠠᠮᠠᠯ ᠬᠤᠭᠤᠴᠠᠭᠠᠲᠤ ᠲᠣᠭᠤᠷᠢᠨ ᠪᠠᠶᠢᠴᠠᠭᠠᠯᠳᠠ ᠦᠷᠨᠢᠭᠦᠯᠪᠡ
ᠨᠡᠶᠢᠲᠡᠯᠡᠭᠰᠡᠨ ᠴᠠᠭ᠄
2022/4/3
      4 ᠳ᠋ᠤᠭᠡᠷ ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠱᠤᠸᠠᠩ ᠾᠧ ᠪᠠᠯᠭᠠᠰᠤ᠂ ᠲᠠᠪᠢᠨ ᠭᠡᠷ ᠪᠠᠯᠭᠠᠰᠤ᠂ ᠬᠥ᠋ ᠴᠧᠩ ᠪᠠᠯᠭᠠᠰᠤᠨ ᠳᠤ ᠭᠦᠨᠵᠡᠭᠡᠶᠢᠷᠡᠨ᠂ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠣᠭᠲᠠᠮᠠᠯ ᠬᠤᠭᠤᠴᠠᠭᠠᠲᠤ ᠲᠣᠭᠤᠷᠢᠨ ᠪᠠᠶᠢᠴᠠᠭᠠᠯᠲᠠ ᠬᠢᠪᠡ᠃
     ᠱᠤᠸᠠᠩ ᠾᠧ ᠪᠠᠯᠭᠠᠰᠤᠨ ᠤ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ᠂ ᠯᠢ ᠴᠦᠨ ᠶᠠᠨ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠤᠯᠤᠰ ᠤᠨ ᠲᠣᠮᠣ  ᠬᠡᠷᠡᠭ︾ ᠢ ᠪᠠᠭᠲᠠᠭᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠪᠠᠷ ᠠᠵᠠ ᠲᠣᠬᠢᠶᠠᠯ ᠪᠣᠯᠭᠠᠵᠤ᠂ ᠪᠠᠶᠢᠩᠭᠤᠵᠢᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠨᠠᠭᠰᠢᠳᠠ ᠰᠠᠶᠢᠲᠤᠷ ᠬᠢᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠠᠷᠠᠳ ᠤᠯᠠᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠲᠠᠪᠢᠨ ᠭᠡᠷ ᠪᠠᠯᠭᠠᠰᠤ ᠶᠢᠨ 2019 ᠣᠨ ᠤ ᠬᠤᠶᠠᠳᠤᠭᠠᠷ ᠪᠦᠯᠦᠭ ᠤᠨ ᠣᠶᠢᠵᠢᠭᠤᠯᠤᠯᠲᠠ ᠶᠢᠨ ᠨᠥᠬᠦᠪᠦᠷᠢ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠯᠢ ᠴᠦᠨ ᠶᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠪᠣᠯᠣᠨ ᠬᠠᠩᠰᠢ ᠶᠢᠨ ᠬᠤᠭᠤᠴᠠᠭᠠᠨ ᠳᠠᠬᠢ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠯᠢ ᠴᠦᠨ ᠶᠠᠨ ᠴᠢᠬᠤᠯᠠᠴᠢᠯᠠᠭᠰᠠᠨ ᠨᠢ᠂ ᠣᠶᠢᠷ᠎ᠠ   ᠶᠢᠨ ᠬᠤᠭᠤᠴᠠᠭᠠᠨ ᠳᠤ ᠠᠭᠤᠷ ᠠᠮᠢᠰᠬᠤᠯ ᠳᠤᠯᠠᠭᠠᠷᠠᠵᠤ᠂ ᠬᠠᠪᠤᠷ ᠤᠨ ᠲᠠᠷᠢᠶᠠᠯᠠᠭ᠎ᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠮᠥᠨ ᠴᠦ ᠬᠠᠩᠰᠢ   ᠶᠢᠨ ᠡᠳᠦᠷ ᠤᠨ ᠳᠠᠶᠢᠯᠭ᠎ᠠ   ᠶᠢᠨ ᠣᠷᠭᠢᠯ ᠦᠶ᠎ᠡ ᠪᠣᠯᠣᠨ᠎ᠠ᠂ ᠭᠠᠯ   ᠢ ᠰᠡᠷᠭᠡᠶᠢᠯᠡᠬᠦ ᠪᠠᠶᠢᠳᠠᠯ ᠨᠠᠩ ᠬᠦᠨᠳᠦ ᠬᠡᠴᠡᠭᠦᠦ ᠪᠣᠯᠵᠤ ᠪᠠᠶᠢᠨ᠎ᠠ ᠂ ᠡᠶᠢᠮᠦ ᠠᠴᠠ ᠰᠤᠯᠠᠷᠠᠨ ᠲᠠᠶᠢᠪᠤᠰᠢᠷᠠᠬᠤ ᠦᠵᠡᠯ ᠰᠠᠨᠠᠭ᠎ᠠ ᠪᠣᠯᠣᠨ ᠪᠡᠷᠬᠡᠰᠢᠶᠡᠬᠦ ᠰᠡᠳᠬᠢᠯᠭᠡ ᠶᠢ ᠡᠷᠡᠰ ᠲᠡᠪᠴᠢᠵᠦ᠂ ᠦᠵᠡᠯ ᠰᠠᠨᠠᠭ᠎ᠠ ᠲᠠᠨᠢᠯᠲᠠ ᠪᠠᠨ ᠤᠯᠠᠮ ᠳᠡᠭᠡᠭᠰᠢᠯᠡᠭᠦᠯᠵᠦ᠂ ᠠᠵᠢᠯ ᠤᠨ ᠡᠷᠴᠢᠮ   ᠢᠶᠠᠨ ᠤᠯᠠᠮ ᠴᠢᠩᠭᠠᠷᠠᠭᠤᠯᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠤᠯᠠᠮ ᠴᠢᠩᠳᠠᠯᠠᠬᠤ ᠬᠡᠷᠡᠭᠲᠡᠢ︔ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠤᠬᠠᠭᠤᠯᠭ᠎ᠠ ᠶᠢ ᠴᠢᠩᠭᠠᠳᠬᠠᠵᠤ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠵᠤ᠂ ᠤᠢ ᠰᠢᠭᠤᠢ ᠶᠢᠨ ᠡᠬᠢ ᠪᠠᠶᠠᠯᠢᠭ ᠢ ᠦᠨᠡᠨᠬᠦ ᠬᠠᠮᠢᠶᠠᠷᠬᠤ ᠬᠡᠷᠡᠭᠲᠡᠢ︔ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠲᠣᠣᠷᠵᠢᠯ ᠤᠨ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠲᠠᠷᠢᠶᠠᠨ ᠭᠠᠵᠠᠷ ᠢ ᠰᠠᠶᠢᠲᠤᠷ ᠰᠠᠬᠢᠬᠤ ᠬᠡᠷᠡᠭᠲᠡᠢ︔ ᠣᠶ ᠰᠢᠭᠤᠢ ᠶᠢᠨ ᠭᠠᠯ ᠤᠨ ᠭᠠᠮᠰᠢᠭ ᠢ ᠤᠨᠲᠠᠷᠠᠭᠠᠬᠤ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠳ᠋ ᠪᠣᠳᠠᠰ᠂ ᠠᠵᠢᠯᠲᠠᠨ ᠵᠡᠷᠭᠡ ᠬᠦᠴᠦᠨ ᠤ ᠲᠣᠬᠢᠷᠠᠭᠤᠯᠤᠯᠲᠠ ᠶᠢ ᠴᠢᠩᠭᠠᠷᠠᠭᠤᠯᠤᠨ᠂ ᠴᠠᠭ ᠢᠮᠠᠭᠲᠠ ᠲᠡᠶᠢᠨ ᠤ ᠦᠶ᠎ᠡ ᠶᠢᠨ ᠪᠠᠶᠢᠳᠠᠯ ᠢ ᠪᠠᠲᠤᠯᠠᠵᠤ᠂ ᠤᠷᠢᠳᠴᠢᠯᠠᠨ ᠰᠡᠷᠭᠡᠶᠢᠯᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ︔ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠵᠠᠩ ᠳᠠᠳᠬᠠᠯ ᠢ ᠥᠭᠡᠷᠡᠴᠢᠯᠡᠬᠦ ᠠᠵᠢᠯ ᠢ ᠭᠦᠨᠵᠡᠭᠡᠢ ᠥᠷᠨᠢᠭᠦᠯᠵᠦ᠂ ᠥᠷᠭᠡᠨ ᠣᠯᠠᠨ ᠲᠦᠮᠡᠨ ᠤ ᠪᠣᠯᠪᠠᠰᠤᠨ ᠢᠶᠠᠷ ᠲᠠᠬᠢᠯᠭ᠎ᠠ ᠬᠢᠬᠦ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠶᠢ ᠢᠳᠡᠪᠬᠢᠲᠡᠢ ᠪᠠᠷ ᠰᠠᠨᠠᠭᠠᠴᠢᠯᠠᠵᠤ᠂ ᠬᠠᠩᠰᠢ ᠶᠢᠨ ᠬᠤᠭᠤᠴᠠᠭᠠᠨ ᠳᠠᠬᠢ ᠣᠶ ᠰᠢᠭᠤᠢ ᠶᠢᠨ ᠭᠠᠯ ᠢ ᠰᠡᠷᠭᠡᠶᠢᠯᠡᠬᠦ ᠠᠮᠤᠷ ᠲᠦᠪᠰᠢᠨ ᠢ ᠦᠨᠡᠨᠬᠦ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
     ᠭᠦ᠋ ᠴᠧᠩ ᠪᠠᠯᠭᠠᠰᠤ ᠶᠢᠨ ᠯᠧ ᠺᠧ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠯᠢ ᠴᠦᠨ ᠶᠠᠨ ᠠᠵᠤ ᠠᠬᠤᠶᠢᠯᠠᠯ ᠤᠨ ᠤᠬᠠᠭᠤᠯᠭ᠎ᠠ ᠶᠢᠨ ᠹᠢᠯᠢᠮ ᠢ ᠦᠵᠡᠵᠦ᠂ ᠬᠠᠷᠢᠭᠤᠴᠠᠯᠭᠠᠲᠠᠨ ᠲᠠᠢ ᠶᠠᠷᠢᠯᠴᠠᠵᠤ᠂ ᠯᠧ ᠺᠧ ᠺᠣᠮᠫᠠᠨᠢ ᠶᠢᠨ ᠰᠠᠭᠠᠯᠢ ᠶᠢᠨ ᠬᠤᠨᠢ ᠵᠢᠴᠢ ᠬᠤᠨᠢᠨ ᠰᠦᠨ ᠠᠵᠤ ᠦᠢᠯᠡᠰ ᠤᠨ ᠦᠨᠳᠦᠰᠦᠨ ᠪᠠᠶᠢᠳᠠᠯ ᠢ ᠨᠠᠷᠢᠨ ᠣᠶᠢᠯᠠᠭᠠᠪᠠ᠃ ᠯᠢ ᠴᠦᠨ ᠶᠠᠨ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠨᠢ ᠲᠣᠯᠣᠭᠠᠶᠢᠯᠠᠭᠴᠢ ᠠᠵᠤ ᠠᠬᠤᠶᠢᠯᠠᠯ ᠤᠨ ᠲᠠᠶᠢᠴᠢᠯᠠᠯ ᠠᠴᠠ ᠰᠠᠯᠵᠤ ᠴᠢᠳᠠᠬᠤ ᠦᠭᠡᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠨᠢ ᠠᠵᠤ ᠦᠢᠯᠡᠰ ᠢ ᠦᠵᠡᠨ᠎ᠡ᠃ ᠰᠠᠭᠠᠯᠢ ᠶᠢᠨ ᠬᠤᠨᠢ ᠨᠢ ᠬᠤᠨᠢᠨ ᠤ ᠠᠵᠤ ᠦᠢᠯᠡᠰ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠣᠯᠤᠭᠰᠠᠨ ᠤ ᠬᠤᠪᠢ ᠳᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠠᠰᠢᠭᠲᠠᠢ ᠨᠥᠬᠦᠴᠡᠯ ᠳᠤ ᠲᠦᠰᠢᠭᠯᠡᠨ ᠠᠵᠤ ᠦᠢᠯᠡᠰ ᠤᠨ ᠬᠡᠪᠴᠢᠶ᠎ᠡ ᠪᠠᠨ ᠥᠷᠭᠡᠳᠬᠡᠵᠦ᠂ ᠨᠠᠷᠢᠯᠢᠭ ᠡᠳ᠋ᠰᠢᠭᠦᠯᠬᠦ ᠳᠡᠭᠡᠷ᠎ᠡ ᠨᠠᠩ ᠶᠡᠭᠡ ᠬᠦᠴᠦ ᠣᠷᠣᠭᠤᠯᠵᠤ᠂ ᠠᠵᠤ ᠦᠢᠯᠡᠰ ᠤᠨ ᠨᠡᠮᠡᠯᠲᠡ ᠥᠷᠲᠡᠭ ᠪᠠ ᠠᠰᠢᠭ ᠣᠷᠣᠯᠭ᠎ᠠ ᠶᠢᠨ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠲᠠᠷᠢᠶᠠᠯᠠᠩ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠶᠢ ᠠᠵᠤ ᠦᠢᠯᠡᠰ ᠤᠨ ᠬᠥᠭᠵᠢᠯᠲᠡ ᠶᠢᠨ ᠵᠣᠭᠰᠣᠴᠠ ᠪᠣᠯᠭᠠᠵᠤ᠂ ᠠᠵᠤ ᠠᠬᠤᠶᠢᠯᠠᠯ ᠪᠣᠯᠣᠨ ᠲᠠᠷᠢᠶᠠᠴᠢᠨ ᠡᠷᠦᠬᠡ ᠶᠢᠨ ᠬᠤᠭᠤᠷᠣᠨᠳᠣᠬᠢ ᠠᠰᠢᠭ ᠲᠤᠰᠠ ᠶᠢᠨ ᠬᠤᠯᠪᠣᠯᠳᠤᠯ ᠤᠨ ᠲᠣᠭᠲᠠᠴᠠ ᠶᠢ ᠪᠦᠷᠢᠨᠰᠢᠭᠦᠯᠵᠦ᠂ ᠵᠢᠵᠢᠭ ᠲᠠᠷᠢᠶᠠᠴᠢᠨ ᠡᠷᠦᠬᠡ ᠶᠢ ᠲᠣᠮᠣ ᠠᠵᠤ ᠦᠢᠯᠡᠰ᠂ ᠲᠣᠮᠣ ᠵᠠᠬ᠎ᠠ ᠳᠡᠯᠭᠡᠭᠦᠷ ᠲᠠᠢ ᠣᠷᠭᠠᠨᠢᠭ ᠢᠶᠠᠷ ᠵᠣᠯᠭᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ ᠯᠠᠪᠳᠠᠭᠤᠨ ᠪᠠᠲᠤᠲᠠᠢ ᠰᠠᠭᠤᠷᠢ ᠶᠢ ᠲᠠᠯᠪᠢᠬᠤ ᠬᠡᠷᠡᠭᠲᠡᠢ᠃ ︽ᠳᠤᠮᠳᠠᠳᠤ ᠤᠯᠤᠰ ᠤᠨ ᠰᠠᠭᠠᠯᠢ ᠶᠢᠨ ᠬᠤᠲᠠ︾ ᠶᠢᠨ ᠭᠠᠵᠠᠷ ᠣᠷᠣᠨ ᠤ ᠳᠠᠪᠠᠭᠤᠯᠢᠭ ᠲᠤ ᠴᠢᠩᠭ᠎ᠠ ᠲᠦᠰᠢᠭᠯᠡᠵᠦ᠂ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ᠂ ᠰᠠᠭᠠᠯᠢ ᠶᠢᠨ ᠬᠤᠨᠢᠨ ᠤ ᠪᠥᠬᠦ ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ ᠪᠣᠶᠢᠵᠢᠭᠤᠯᠵᠤ᠂ ᠮᠠᠨ ᠤ ᠰᠢᠶᠠᠨ ᠤ ᠬᠤᠨᠢᠨ ᠤ ᠠᠵᠤ ᠦᠢᠯᠡᠰ ᠤᠨ ᠰᠢᠨ᠎ᠡ ᠨᠠᠷᠠᠲᠤ ᠲᠡᠮᠳᠡᠭ᠂ ᠰᠢᠨ᠎ᠡ ᠬᠢᠯᠠᠰ ᠴᠡᠭ᠂ ᠰᠢᠨ᠎ᠡ ᠣᠨᠴᠠᠯᠢᠭ ᠢ ᠪᠣᠶ ᠪᠣᠯᠭᠠᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠣᠶ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1