ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 38 ᠳ᠋ᠤᠭᠠᠷ ᠤᠳᠠᠭᠠᠨ ᠤ ᠬᠤᠷᠠᠯ ᠵᠢᠴᠢ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 2022 ᠣᠨ ᠤ 32 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/5
      4 ᠳ᠋ᠤᠭᠡᠷ ᠰᠠᠷ᠎ᠠ ᠶᠢᠨ 5 ᠤ ᠡᠳᠦᠷ᠂ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 38 ᠳ᠋ᠤᠭᠠᠷ ᠤᠳᠠᠭᠠᠨ ᠤ ᠬᠤᠷᠠᠯ ᠵᠢᠴᠢ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 2022 ᠣᠨ ᠤ 32 ᠳ᠋ᠤᠭᠠᠷ ᠤᠳᠠᠭᠠᠨ ᠤ ᠬᠤᠷᠠᠯ ᠬᠤᠷᠠᠯᠳᠤᠵᠤ᠂ ᠬᠤᠯᠪᠣᠭᠳᠠᠯ ᠪᠦᠬᠦᠢ ᠲᠤᠰᠬᠠᠢ ᠠᠵᠢᠯ ᠤᠨ ᠳᠤᠭᠤᠶᠢᠯᠠᠩ ᠤᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃      ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ   ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ᠂ ᠣᠳᠣᠬᠠᠨ ᠤ ᠤᠯᠤᠰ ᠤᠨ ᠳᠣᠲᠣᠭᠠᠳᠤ ᠶᠢᠨ ᠬᠢᠵᠢᠭ ᠢ ᠰᠡᠷᠭᠡᠶᠢᠯᠡᠬᠦ ᠪᠠᠶᠢᠳᠠᠯ ᠢ ᠰᠡᠷᠭᠡᠭ ᠢᠶᠠᠷ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠴᠠ ᠴᠢᠩᠭ᠎ᠠ ᠠᠳᠬᠤᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠤᠬᠠᠢ ᠠᠯᠢ ᠣᠯᠠᠨ ᠴᠢᠬᠤᠯᠠ ᠶᠠᠷᠢᠶ᠎ᠠ ᠪᠣᠯᠣᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠭᠠᠳᠠᠭᠠᠳᠤ ᠠᠴᠠ ᠬᠠᠯᠳᠠᠪᠦᠷᠢᠯᠠᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠪᠠ ︽ᠬᠥᠳᠡᠯᠦᠩᠭᠦᠢ ᠪᠠᠷ ᠤᠰᠠᠳᠬᠠᠬᠤ︾ ᠶᠡᠷᠦᠩᠬᠡᠢ ᠴᠢᠭᠯᠡᠯᠲᠡ ᠶᠢ ᠡᠷᠡᠰ ᠲᠤᠤᠱᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠪᠤᠳᠤᠯᠢᠶᠠᠨᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ ᠪᠣᠯᠣᠨ ᠤᠶᠠᠨ ᠬᠠᠳᠠᠨ ᠴᠢᠨᠠᠷ ᠢ ᠡᠰᠡᠷᠭᠦᠴᠡᠬᠦ ᠶᠢ ᠰᠡᠷᠭᠡᠭ ᠢᠶᠠᠷ ᠲᠠᠨᠢᠵᠤ᠂ ᠮᠢᠨᠴᠦᠭᠦᠷᠡᠬᠦ ᠦᠵᠡᠯ ᠰᠠᠨᠠᠭ᠎ᠠ᠂ ᠲᠠᠶᠢᠨ ᠠᠴᠠ ᠬᠠᠯᠠᠰᠢᠷᠠᠬᠤ ᠰᠡᠳᠬᠢᠯᠭᠡ᠂ ᠠᠵᠠ ᠵᠠᠪᠰᠢᠶᠠᠨ ᠢ ᠬᠦᠰᠡᠬᠦ ᠰᠡᠳᠬᠢᠯᠭᠡ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠬᠢᠯᠡᠩᠭᠦᠲᠡ ᠪᠠᠨ ᠬᠢᠴᠢᠶᠡᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠬᠡᠪᠴᠢᠶ᠎ᠡ ᠶᠢᠨ ᠴᠢᠨᠠᠷᠲᠠᠢ ᠲᠠᠬᠢᠨ ᠰᠡᠷᠭᠦᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠃ ᠪᠣᠭᠤᠮᠲᠠ ᠶᠢ ᠴᠢᠩᠭ᠎ᠠ ᠠᠴᠠ ᠴᠢᠩᠭ᠎ᠠ ᠠᠳᠬᠤᠵᠤ᠂ ︽ᠭᠠᠳᠠᠭᠠᠳᠤ ᠰᠡᠷᠭᠡᠶᠢᠯᠡᠯᠲᠡ︾ ᠶᠢᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠥᠷᠭᠡᠨ ᠤᠯᠠᠨ ᠲᠦᠮᠡᠨ ᠢ ᠢᠳᠡᠪᠬᠢᠲᠡᠢ ᠪᠠᠷ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠭᠠᠳᠠᠭᠰᠢ ᠭᠠᠷᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠪᠤᠶᠤ ᠪᠠᠭᠠᠰᠬᠠᠵᠤ᠂ ᠳᠤᠮᠳᠠ᠂ ᠶᠡᠭᠡ ᠠᠶᠤᠯ  ᠲᠦᠭᠰᠢᠭᠦᠷᠢᠳᠦ ᠭᠠᠵᠠᠷ ᠣᠷᠣᠨ ᠳᠤ ᠣᠴᠢᠬᠤ ᠶᠢ ᠴᠢᠩᠭ᠎ᠠ ᠬᠢᠵᠠᠭᠠᠷᠯᠠᠵᠤ᠂ ᠳᠤᠮᠳᠠ᠂ ᠶᠡᠭᠡ ᠠᠶᠤᠯ  ᠲᠦᠭᠰᠢᠭᠦᠷᠢᠳᠦ ᠭᠠᠵᠠᠷ ᠣᠷᠣᠨ ᠤ ᠪᠠᠶᠢᠭ᠎ᠠ ᠪᠤᠰᠤᠳ ᠰᠢᠶᠠᠨ ︵ᠬᠤᠳᠠ᠂ ᠲᠣᠭᠤᠷᠢᠭ᠂ ᠬᠤᠰᠢᠭᠤ︶ ᠳᠤ ᠣᠴᠢᠬᠤ ᠴᠢᠬᠤᠯᠠ ᠦᠭᠡᠢ ᠪᠤᠯ ᠤᠴᠢᠬᠤ ᠦᠭᠡᠢ᠃ ᠭᠤᠣᠯᠳᠠᠯᠭ᠎ᠠ ᠲᠠᠢ ᠬᠥᠮᠥᠰ ᠢ ᠨᠠᠶᠢᠳᠠᠨ ᠬᠠᠮᠢᠶᠠᠷᠤᠭᠤᠯᠵᠤ ᠡᠵᠡᠮᠳᠡᠬᠦ ᠶᠢ ᠴᠢᠩᠭ᠎ᠠ ᠠᠳᠬᠤᠵᠤ᠂ ᠵᠠᠮ ᠬᠠᠷᠢᠯᠴᠠᠭᠠᠨ ᠤ ᠪᠠᠶᠢᠴᠠᠭᠠᠨ ᠰᠢᠯᠭᠠᠬᠤ ᠴᠡᠭ ᠢ ᠬᠠᠮᠢᠶᠠᠷᠤᠨ ᠡᠵᠡᠮᠳᠡᠵᠦ᠂ ᠲᠦᠷᠭᠡᠨ ᠬᠦᠷᠭᠡᠯᠳᠡ ᠪᠠᠷᠠᠭᠠᠨ ᠤ ᠭᠦᠢᠯᠭᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭ᠎ᠠ ᠠᠳᠬᠤᠨ᠂ ᠲᠣᠰᠬᠤᠨ ︵ᠨᠡᠶᠢᠭᠡᠮ ᠲᠣᠭᠤᠷᠢᠭ︶ ᠤ ᠬᠠᠮᠢᠶᠠᠷᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠣᠯᠠᠨ ᠨᠡᠶᠢᠲᠡ ᠶᠢᠨ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠨ᠂ ᠡᠯ᠎ᠡ ᠲᠥᠷᠥᠯ ᠤᠨ ᠰᠤᠷᠭᠠᠭᠤᠯᠢ ᠪᠠ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠬᠤᠯᠠᠴᠢᠯᠠᠵᠤ᠂ ᠡᠯ᠎ᠡ ᠲᠥᠷᠥᠯ ᠤᠨ ᠡᠮ ᠤᠨ ᠳᠡᠯᠭᠡᠭᠦᠷ᠂ ᠡᠮᠨᠡᠯᠭᠡ ᠶᠢᠨ ᠬᠤᠷᠢᠶ᠎ᠠ ᠶᠢᠨ ︽ᠬᠠᠷᠠᠭᠤᠯ ᠤᠨ ᠭᠠᠵᠠᠷ︾ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠸᠠᠺᠼᠢᠨ ᠤ ᠲᠠᠷᠢᠯᠭ᠎ᠠ ᠶᠢ ᠴᠢᠩᠭ᠎ᠠ ᠠᠳᠬᠤᠵᠤ᠂ ᠬᠠᠮᠢᠶᠠᠷᠤᠨ ᠡᠵᠡᠮᠳᠡᠬᠦ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ︽ᠳᠣᠲᠣᠭᠰᠢ ᠪᠠᠨ ᠲᠠᠯᠪᠢᠵᠤ ᠳᠠᠬᠢᠨ ᠰᠡᠷᠭᠦᠭᠡᠬᠦ︾ ᠰᠡᠷᠭᠡᠶᠢᠯᠡᠯᠲᠡ ᠶᠢᠨ ᠱᠤᠭᠤᠮ ᠢ ᠡᠷᠡᠰ ᠰᠠᠬᠢᠬᠤ ᠬᠡᠷᠡᠭᠳᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠪᠦᠬᠦ ᠰᠢᠶᠠᠨ ᠤ ᠭᠠᠵᠠᠷ ᠤᠨ ᠲᠡᠰ ᠤᠨ ᠺᠠᠳ᠋ᠷ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠳᠠᠭᠠᠭᠠᠴᠢᠯᠠᠨ ᠬᠤᠯᠪᠣᠭᠠᠯᠠᠬᠤ ᠪᠠᠯᠭᠠᠰᠤ ᠲᠣᠰᠬᠤᠨ ᠳᠤ ᠭᠦᠨᠵᠡᠭᠡᠶᠢᠷᠡᠨ ᠠᠵᠢᠯ ᠢ ᠱᠠᠯᠠᠪᠳᠠᠭᠤᠯᠤᠨ ᠵᠢᠯᠤᠭᠤᠳᠬᠤ ᠶᠢᠨ ᠬᠠᠮᠲᠤ ᠬᠠᠷᠢᠶ᠎ᠠ ᠭᠠᠵᠠᠷ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠨᠥᠬᠦᠳ ᠲᠠᠢ ᠬᠠᠮᠲᠤ ᠠᠵᠢᠯᠯᠠᠵᠤ᠂ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ︽ᠶᠣᠰᠣᠨ ᠲᠡᠳᠦᠢ ᠥᠩᠭᠡᠷᠡᠭᠦᠯᠬᠦ︾ ︽ᠥᠩᠭᠡᠪᠴᠢ ᠯᠠᠷᠵᠢᠶ᠎ᠠ ᠲᠠᠲᠠᠬᠤ︾ ᠵᠡᠷᠭᠡ ᠦᠵᠡᠭᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠡᠯ᠎ᠡ ᠪᠠᠯᠭᠠᠰᠤ᠂ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ ᠨᠢ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠰᠠᠶᠢᠲᠤᠷ ᠠᠳᠬᠤᠵᠤ᠂ ᠬᠠᠷᠢᠶ᠎ᠠ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠤᠳ ᠰᠢᠶᠠᠨ ᠤ ᠪᠠᠶᠢᠳᠠᠯ ᠤᠨ ᠪᠣᠳᠠᠲᠤ ᠪᠠᠶᠢᠳᠠᠯ ᠪᠠ ᠠᠵᠢᠯ ᠲᠥᠷᠥᠯ ᠤᠨ ᠣᠨᠴᠠᠯᠢᠭ ᠢ ᠦᠨᠳᠦᠰᠦᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠣᠰ ᠲᠣᠰ ᠤᠨ ᠬᠤᠪᠢᠳᠠᠨ ᠬᠠᠮᠢᠶᠠᠷᠴᠤ ᠪᠦᠬᠦᠢ ᠬᠦᠷᠢᠶ᠎ᠡ ᠴᠠᠷᠠᠭ᠎ᠠ ᠶᠢᠨ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠣᠯᠠᠨ ᠨᠡᠶᠢᠲᠡ ᠶᠢᠨ ᠤᠬᠠᠮᠰᠠᠷ   ᠠᠴᠠ ᠪᠠᠨ ᠬᠢᠵᠢᠭ ᠢ ᠰᠡᠷᠭᠡᠶᠢᠯᠡᠬᠦ ᠦᠶᠯᠡ ᠠᠵᠢᠯᠯᠠᠭ᠎ᠠ ᠲᠠᠢ ᠪᠣᠯᠬᠤ ᠶᠢ ᠠᠬᠢᠭᠤᠯᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ   ᠠᠴᠠ ᠪᠠᠨ ᠵᠢᠷᠤᠮᠯᠠᠬᠤ ᠬᠡᠷᠡᠭᠳᠡᠢ ᠭᠡᠵᠦ ᠱᠠᠭᠠᠷᠳᠠᠪᠠ᠃      ᠬᠤᠷᠠᠯ ᠠᠴᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠳᠡᠭᠡᠭᠰᠢ ᠵᠣᠯᠭᠠᠭᠤᠯᠬᠤ᠂ ᠮᠠᠲ᠋ᠧᠷᠢᠶᠠᠯ ᠢ ᠳᠡᠭᠡᠭᠰᠢ ᠮᠡᠳᠡᠭᠦᠯᠬᠦ᠂ ᠮᠡᠳᠡᠭᠡ ᠵᠠᠩᠭᠢ ᠶᠢ ᠢᠯᠡ ᠪᠣᠯᠭᠠᠬᠤ᠂ ᠰᠢᠮᠳᠠᠭᠤᠯᠤᠨ ᠪᠠᠶᠢᠴᠠᠭᠠᠬᠤ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠨᠢᠭᠡᠨᠲᠡ ᠣᠯᠣᠭᠰᠠᠨ ᠲᠤᠷᠰᠢᠯᠭ᠎ᠠ ᠶᠢᠨ ᠦᠷ᠎ᠡ ᠪᠦᠲᠦᠭᠡᠯ ᠢᠶᠠᠨ ᠭᠦᠢᠴᠡᠳ ᠪᠠᠳᠠᠷᠠᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠤᠯᠤᠭᠠᠨ᠎ᠠ ᠶᠢᠨ ᠬᠢᠵᠢᠭ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠬᠢᠵᠠᠭᠠᠷᠯᠠᠵᠤ᠂ ᠥᠷᠭᠡᠨ ᠤᠯᠠᠨ ᠠᠷᠠᠳ ᠲᠦᠮᠡᠨ ᠤ ᠪᠡᠶ᠎ᠡ ᠰᠡᠳᠬᠢᠯ ᠤᠨ ᠡᠷᠡᠭᠦᠯ ᠮᠡᠨᠳᠤ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠴᠡᠭᠴᠡᠯᠡᠨ ᠵᠠᠰᠠᠬᠤ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠣᠣᠷ ᠢ ᠨᠢᠭᠲᠠ ᠪᠥᠭᠡᠳ ᠪᠠᠲᠤ ᠰᠦᠯᠵᠢᠵᠦ᠂ ᠬᠡᠷᠡᠭ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠰᠠᠶᠢᠲᠤᠷ ᠠᠳᠬᠤᠵᠤ᠂ ᠤᠬᠠᠭᠤᠯᠵᠤ ᠬᠥᠲᠥᠯᠥᠨ ᠵᠢᠯᠤᠭᠤᠳᠬᠤ᠂ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠ ᠶᠡᠷᠦᠩᠬᠡᠶᠢᠯᠡᠨ ᠠᠰᠢᠭᠯᠠᠬᠤ ᠠᠵᠢᠯ ᠢ ᠴᠢᠩᠭᠠᠳᠬᠠᠵᠤ᠂ ᠣᠷᠴᠢᠨ ᠲᠣᠭᠤᠷᠢᠨ ᠢ ᠪᠣᠬᠢᠷᠲᠤᠭᠤᠯᠬᠤ ᠪᠠ ᠭᠠᠯ ᠤᠨ ᠭᠠᠮᠰᠢᠭ ᠡᠭᠦᠰᠬᠦ ᠠᠴᠠ ᠡᠷᠡᠰ ᠵᠠᠶᠢᠯᠠᠰᠬᠢᠬᠦ ᠬᠡᠷᠡᠭᠲᠡᠢ᠃ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠬᠡᠯᠪᠡᠷᠢ ᠶᠢᠨ ᠨᠡᠶᠢᠯᠡᠮᠡᠯ ᠲᠠᠷᠢᠮᠠᠯ ᠢ ᠰᠠᠶᠢᠲᠤᠷ ᠠᠳᠬᠤᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠦᠨ ᠰᠢᠶᠦ᠋ᠨ᠂ ᠶᠦᠨ ᠷᠦᠢ ᠵᠢᠶᠦ᠋ᠨ ᠵᠡᠷᠭᠡ ᠰᠢᠶᠠᠨ ᠤ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1