ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠲᠠᠩ ᠶᠦᠩ ᠲᠣᠭᠲᠠᠬᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠣᠶ ᠰᠢᠭᠤᠢ ᠶᠢᠨ ᠭᠠᠯ ᠰᠡᠷᠭᠡᠶᠢᠯᠡᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/4/6
      4 ᠳ᠋ᠤᠭᠡᠷ ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠲᠠᠩ ᠶᠦᠩ ᠲᠣᠭᠲᠠᠬᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠣᠶ ᠰᠢᠭᠤᠢ ᠶᠢᠨ ᠭᠠᠯ ᠰᠡᠷᠭᠡᠶᠢᠯᠡᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃
     ᠲᠠᠩ ᠶᠦᠩ ᠬᠢᠵᠢᠭ ᠤᠨ ᠲᠤᠷᠰᠢᠯᠲᠠ ᠶᠢᠨ ᠲᠠᠰᠤᠭ ᠢ ᠪᠠᠶᠢᠴᠠᠭᠠᠨ ᠰᠤᠳᠤᠯᠤᠯᠲᠠ ᠬᠢᠵᠦ ᠪᠠᠶᠢᠭ᠎ᠠ ᠨᠢ
     ᠲᠠᠩ ᠶᠦᠩ ᠬᠦᠢᠲᠡᠨ ᠬᠡᠯᠬᠢᠶᠡᠲᠦ ᠢᠳᠡᠭᠡᠨ ᠤ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠪᠠᠶᠢᠴᠠᠭᠠᠨ ᠰᠤᠳᠤᠯᠤᠯᠲᠠ ᠬᠢᠵᠦ ᠪᠠᠶᠢᠭ᠎ᠠ ᠨᠢ      ᠲᠠᠩ ᠶᠦᠩ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ ᠶᠢᠨ ᠬᠠᠮᠲᠤ ᠬᠢᠵᠢᠭ ᠤᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠪᠠ ᠬᠦᠢᠲᠡᠨ ᠬᠡᠯᠬᠢᠶᠡᠲᠦ ᠢᠳᠡᠭᠡᠨ ᠤ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠢ ᠰᠣᠨᠣᠰᠪᠠ᠃ ᠲᠡᠷᠡ᠂ ᠬᠢᠵᠢᠭ ᠤᠨ ᠲᠤᠷᠰᠢᠯᠲᠠ ᠶᠢᠨ ᠲᠠᠰᠤᠭ ᠨᠢ ᠪᠥᠭᠡᠮ ᠬᠦᠴᠢᠯ ᠢ ᠪᠠᠶᠢᠴᠠᠭᠠᠨ ᠰᠢᠯᠭᠠᠬᠤ ᠴᠢᠬᠤᠯᠠ ᠲᠥᠬᠦᠭᠡᠷᠦᠮᠵᠢ ᠪᠣᠯᠤᠭᠰᠠᠨ ᠤ ᠬᠤᠪᠢ ᠳᠤ᠂ ᠡᠷᠬᠡᠪᠰᠢ ᠬᠤᠯᠪᠣᠭᠳᠠᠯ ᠪᠦᠬᠦᠢ ᠬᠠᠮᠢᠶᠠᠷᠤᠯᠲᠠ ᠪᠣᠯᠣᠨ ᠪᠠᠶᠢᠴᠠᠭᠠᠨ ᠰᠢᠯᠭᠠᠬᠤ ᠶᠠᠪᠤᠴᠠ ᠶᠢ ᠰᠠᠶᠢᠲᠤᠷ ᠲᠡᠭᠦᠯᠳᠡᠷᠵᠢᠭᠦᠯᠵᠦ᠂ ᠠᠵᠢᠯᠯᠠᠵᠤ ᠪᠠᠶᠢᠭ᠎ᠠ ᠬᠥᠮᠥᠰ ᠤᠨ ᠪᠣᠯᠪᠠᠰᠤᠷᠠᠯ ᠬᠥᠮᠦᠵᠢᠯ ᠢ ᠴᠢᠬᠤᠯᠠᠴᠢᠯᠠᠵᠤ᠂ ᠲᠥᠬᠦᠭᠡᠷᠦᠮᠵᠢ ᠶᠢᠨ ᠠᠵᠢᠯᠯᠠᠭᠠᠨ ᠤ ᠲᠦᠪᠰᠢᠨ ᠢ ᠳᠡᠭᠡᠭᠰᠢᠯᠡᠭᠦᠯᠵᠦ᠂ ᠠᠮᠢᠳᠤ ᠪᠣᠳᠠᠰ ᠤᠨ ᠠᠮᠤᠷ ᠲᠦᠪᠰᠢᠨ ᠪᠣᠯᠣᠨ ᠶᠠᠰᠤ ᠴᠢᠨᠠᠷ ᠢ ᠡᠵᠡᠮᠳᠡᠬᠦ ᠰᠢᠰᠲ᠋ᠧᠮ ᠤᠨ ᠪᠦᠲᠦᠴᠡ ᠶᠢ ᠬᠦᠴᠦᠯᠡᠨ ᠪᠠᠶᠢᠭᠤᠯᠬᠤ ᠬᠡᠷᠡᠭᠲᠡᠢ᠃ ᠬᠦᠢᠲᠡᠨ ᠬᠡᠯᠬᠢᠶᠡᠲᠦ ᠢᠳᠡᠭᠡᠨ ᠳᠤ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠵᠤ᠂ ᠠᠮᠤᠷ ᠲᠦᠪᠰᠢᠨ ᠢ ᠦᠨᠡᠨᠬᠦ ᠲᠡᠷᠢᠭᠦᠨ ᠪᠠᠶᠢᠷᠢᠨ ᠳᠤ ᠲᠠᠯᠪᠢᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠣᠨ ᠲᠠᠶᠢᠨ ᠠᠴᠠ ᠵᠢᠭᠰᠢᠬᠦ ᠰᠡᠳᠬᠢᠯᠭᠡ ᠶᠢ ᠡᠷᠡᠰ ᠲᠡᠪᠴᠢᠵᠦ᠂ ᠠᠵᠠ ᠵᠠᠪᠰᠢᠶᠠᠨ ᠢ ᠡᠷᠢᠬᠦ ᠪᠤᠳᠤᠯ ᠪᠣᠯᠣᠨ ᠰᠤᠯᠠᠷᠠᠬᠤ ᠰᠡᠳᠬᠢᠯᠭᠡ ᠶᠢ ᠲᠠᠶᠠᠭᠳᠠᠵᠤ᠂ ᠭᠠᠳᠠᠨ᠎ᠠ ᠠᠴᠠ  ᠬᠠᠯᠳᠠᠪᠦᠷᠢᠯᠠᠬᠤ ᠶᠢ ᠰᠡᠷᠭᠡᠶᠢᠯᠡᠬᠦ ᠠᠵᠢᠯ ᠢ ᠴᠢᠩᠭ᠎ᠠ ᠪᠣᠳᠠᠲᠠᠢ ᠴᠢᠩᠭ᠎ᠠ ᠨᠢᠮᠪᠠᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃
     ᠲᠠᠩ ᠶᠦᠩ ᠱᠤᠸᠠᠩ ᠾᠧ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠪᠠᠶᠢᠴᠠᠭᠠᠨ ᠰᠤᠳᠤᠯᠤᠯᠲᠠ ᠬᠢᠵᠦ ᠪᠠᠶᠢᠭ᠎ᠠ ᠨᠢ      ᠱᠤᠸᠠᠩ ᠾᠧ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠳᠤ᠂ ᠲᠠᠩ ᠶᠦᠩ ᠪᠣᠬᠢᠷ ᠤᠰᠤ ᠶᠢ ᠰᠢᠢᠳᠪᠦᠷᠢᠯᠡᠬᠦ ᠪᠦᠬᠦ ᠶᠠᠪᠤᠴᠠ ᠶᠢ ᠨᠠᠷᠢᠨ ᠣᠶᠢᠯᠠᠭᠠᠭᠰᠠᠨ ᠪᠥᠭᠡᠳ ᠪᠦᠬᠦ ᠰᠢᠢᠳᠪᠦᠷᠢᠯᠡᠬᠦ ᠲᠡᠰ ᠳᠠᠷᠠᠭᠠᠯᠠᠯ ᠢ ᠪᠡᠶᠡᠯᠡᠭᠦᠯᠦᠭᠰᠡᠨ ᠤ ᠳᠠᠷᠠᠭᠠᠬᠢ ᠤᠰᠤᠨ ᠠᠴᠠ ᠲᠤᠬᠠᠢ ᠶᠢᠨ ᠲᠠᠯᠠᠪᠠᠢ ᠳᠤ ᠦᠯᠢᠭᠡᠷ ᠶᠠᠩᠵᠤ ᠠᠪᠴᠠᠢ᠃ ᠲᠡᠷᠡ ᠴᠢᠬᠤᠯᠠᠴᠢᠯᠠᠭᠰᠠᠨ ᠨᠢ᠂ ᠪᠣᠬᠢᠷ ᠤᠰᠤ ᠶᠢ ᠰᠢᠢᠳᠪᠦᠷᠢᠯᠡᠬᠦ ᠪᠠ ᠤᠰᠤ ᠬᠠᠩᠭᠠᠬᠤ ᠨᠢ ᠠᠳᠠᠯᠢᠬᠠᠨ ᠴᠢᠬᠤᠯᠠ ᠪᠠᠶᠢᠳᠠᠭ᠂ ᠡᠨᠡ ᠪᠣᠯ ᠠᠷᠠᠳ ᠤᠨ ᠠᠮᠢᠳᠤᠷᠠᠯ ᠤᠨ ᠨᠢᠭᠡ ᠵᠦᠢᠯ ᠤᠨ ᠢᠨᠵᠧᠨᠧᠷᠢᠩ ᠮᠥᠨ᠂ ᠨᠠᠩ ᠴᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠪᠣᠬᠢᠷᠳᠤᠯ ᠦᠭᠡᠢ ᠬᠥᠭᠵᠢᠯᠲᠡ ᠶᠢᠨ ᠨᠢᠭᠡ ᠵᠦᠢᠯ ᠤᠨ ᠢᠨᠵᠧᠨᠧᠷᠢᠩ ᠮᠥᠨ᠂ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠪᠣᠬᠢᠷ ᠤᠰᠤ ᠶᠢ ᠰᠢᠢᠳᠪᠦᠷᠢᠯᠡᠭᠰᠡᠨ ᠤ ᠳᠠᠷᠠᠭᠠᠬᠢ ᠤᠰᠤᠨ ᠤ ᠴᠢᠨᠠᠷ ᠢ ᠭᠦᠨᠵᠡᠭᠡᠢ ᠰᠢᠯᠢᠳᠡᠭᠵᠢᠭᠦᠯᠦᠨ᠂ ᠳᠠᠪᠬᠤᠷᠳᠠᠭᠤᠯᠤᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠵᠦ᠂ ᠡᠨᠡ ᠬᠦ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠢ ᠦᠨᠡᠨ ᠬᠦ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ ᠭᠡᠵᠡᠢ᠃
     ᠲᠠᠩ ᠶᠦᠩ ᠣᠶ ᠰᠢᠭᠤᠢ ᠶᠢᠨ ᠭᠠᠯ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠤᠯᠲᠠ ᠬᠢᠵᠦ ᠪᠠᠶᠢᠭ᠎ᠠ ᠨᠢ      ᠲᠠᠩ ᠶᠦᠩ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠣᠳᠣᠬᠠᠨ ᠳᠤ ᠶᠠᠭ ᠭᠠᠩ ᠬᠠᠭᠤᠷᠠᠢ ᠤᠯᠠᠷᠢᠯ ᠳᠤ ᠪᠠᠶᠢᠨ᠎ᠠ᠂ ᠲᠦᠢᠮᠡᠷ ᠢ ᠰᠡᠷᠭᠡᠶᠢᠯᠡᠬᠦ ᠠᠵᠢᠯ ᠢ ᠶᠠᠭᠠᠬᠢᠭᠰᠠᠨ ᠴᠤ ᠬᠥᠩᠭᠡᠪᠴᠢᠯᠡᠵᠦ ᠪᠣᠯᠬᠤ ᠦᠭᠡᠢ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠣᠯᠪᠠᠰᠤᠨ ᠲᠠᠬᠢᠯᠭ᠎ᠠ ᠶᠢ ᠶᠡᠬᠡᠪᠡᠷ ᠰᠠᠨᠠᠭᠠᠴᠢᠯᠠᠵᠤ᠂ ᠬᠢᠯᠪᠡᠷ ᠪᠤᠰᠤ ᠪᠠᠷ ᠢᠷᠡᠭᠰᠡᠨ ᠪᠣᠬᠢᠷᠳᠤᠯ ᠦᠭᠡᠢ ᠠᠮᠢ ᠠᠬᠤᠢ ᠶᠢᠨ ᠤᠢ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ︔ ᠮᠣᠳᠣ ᠲᠠᠷᠢᠵᠤ ᠣᠶᠢᠵᠢᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠤᠢ ᠰᠢᠭᠤᠢ ᠡᠪᠡᠰᠦ ᠪᠡᠯᠴᠢᠭᠡᠷ ᠤᠨ ᠪᠦᠷᠬᠦᠴᠡ ᠶᠢᠨ ᠲᠠᠯᠠᠪᠠᠢ ᠶᠢ ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠨᠥᠬᠦᠴᠡᠯ ᠢ ᠠᠯᠬᠤᠮ ᠠᠯᠬᠤᠮ ᠢᠶᠠᠷ ᠰᠠᠶᠢᠵᠢᠷᠠᠭᠤᠯᠬᠤ ᠬᠡᠷᠡᠭᠲᠡᠢ︔ ᠲᠤᠭᠳᠠᠬᠤ ᠰᠢᠶᠠᠨ ᠤ ᠬᠠᠲᠤᠨ ᠭᠤᠣᠯ ᠲᠠᠢ ᠬᠠᠪᠢᠳᠠᠵᠤ ᠪᠠᠶᠢᠭ᠎ᠠ ᠣᠨᠴᠠᠭᠠᠶ ᠭᠠᠵᠠᠷ ᠵᠦᠢ ᠶᠢᠨ ᠳᠠᠪᠠᠭᠤᠯᠢᠭ ᠢ ᠭᠦᠢᠴᠡᠳ ᠠᠰᠢᠭᠯᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠠᠲᠤᠨ ᠭᠤᠣᠯ ᠳᠠᠭᠠᠤ ᠶᠢᠨ ᠠᠮᠢ ᠠᠬᠤᠢ ᠶᠢᠨ ᠵᠢᠭᠤᠯᠴᠢᠯᠠᠯ ᠢ ᠰᠠᠶᠢᠲᠤᠷ ᠴᠣᠭᠴᠠᠯᠠᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢᠶᠠᠨ ᠤ ᠤᠳᠤᠷᠢᠳᠤᠯᠭ᠎ᠠ ᠸᠠᠩ ᠮᠢᠩ᠂ ᠵᠢᠢ ᠶᠠ ᠨᠠᠨ᠂ ᠶᠠᠩ ᠶᠢᠨ᠂ ᠰᠢᠶ᠋ᠧ ᠴᠦᠨ ᠯᠦᠩ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1