ᠬᠤᠲᠠ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠳᠠᠭᠠᠭᠠᠯᠭᠠᠨ ᠰᠢᠢᠳᠪᠦᠷᠢᠯᠡᠭᠦᠯᠦᠭᠰᠡᠨ ᠵᠦᠢᠯ ᠤᠨ ᠰᠢᠮᠳᠠᠭᠤᠯᠤᠨ ᠪᠠᠶᠢᠴᠠᠭᠠᠬᠤ ᠠᠵᠢᠯ ᠤᠨ ᠳᠤᠭᠤᠶᠢᠯᠠᠩ ᠤᠨ ᠳᠠᠷᠤᠭ᠎ᠠ ᠴᠢ ᠵᠢᠶᠧ ᠨᠠᠷ ᠮᠠᠨ ᠤ ᠰᠢᠶᠠᠨ ᠳᠤ ᠬᠦᠷᠴᠦ ᠰᠢᠮᠳᠠᠭᠤᠯᠤᠨ ᠪᠠᠶᠢᠴᠠᠭᠠᠵᠤ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2022/4/6
      4 ᠳ᠋ᠤᠭᠠᠷ ᠰᠠᠷ᠎ᠠ ᠶᠢᠨ 6 ᠤ ᠡᠳᠦᠷ᠂ ᠬᠤᠲᠠ ᠶᠢᠨ ᠲᠥᠪ ᠤᠨ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠮᠠᠲ᠋ᠧᠷᠢᠶᠠᠯ ᠢ ᠰᠢᠮᠳᠠᠭᠤᠯᠤᠨ ᠪᠠᠶᠢᠴᠠᠭᠠᠬᠤ ᠠᠵᠢᠯ ᠤᠨ ᠳᠤᠭᠤᠶᠢᠯᠠᠩ ᠤᠨ ᠳᠠᠷᠤᠭ᠎ᠠ ᠴᠢ ᠵᠢᠶᠧ ᠨᠠᠷ ᠮᠠᠨ ᠤ ᠰᠢᠶᠠᠨ ᠳᠤ ᠬᠦᠷᠴᠦ ᠲᠥᠪ ᠤᠨ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠮᠠᠲ᠋ᠧᠷᠢᠶᠠᠯ ᠢ ᠰᠢᠢᠳᠪᠦᠷᠢᠯᠡᠬᠦ ᠠᠵᠢᠯ ᠤᠨ ᠲᠤᠬᠠᠢ ᠰᠢᠪᠠᠳᠠᠨ ᠪᠠᠶᠢᠴᠠᠭᠠᠵᠤ ᠵᠢᠭᠠᠨ ᠵᠢᠯᠣᠭᠤᠳᠪᠠ᠃      ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠰᠢᠶᠠᠨ ᠤ ᠤᠳᠤᠷᠢᠳᠤᠯᠭ᠎ᠠ ᠯᠢᠦ ᡁᠢ ᠴᠢᠶᠠᠩ᠂ ᠲᠦᠮᠡᠨ᠂ ᠰᠦᠨ ᠬᠠᠢ ᠱᠧᠩ᠂ ᠰᠢᠶᠧ ᠴᠦᠨ ᠯᠦᠩ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠰᠢᠯᠭᠠᠨ ᠪᠠᠶᠢᠴᠠᠭᠠᠬᠤ ᠶᠢ ᠤᠭᠲᠤᠬᠤ ᠠᠵᠢᠯ ᠥᠷᠨᠢᠭᠦᠯᠦᠭᠰᠡᠨ᠂ ᠰᠢᠯᠭᠠᠨ ᠪᠠᠶᠢᠴᠠᠭᠠᠬᠤ ᠶᠢ ᠤᠭᠲᠤᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠲᠤᠰᠢᠶᠠᠨ ᠥᠭᠴᠦ ᠰᠢᠢᠳᠪᠦᠷᠢᠯᠡᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃      ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠠᠬᠢᠭᠤᠯᠬᠤ ᠴᠢᠬᠤᠯᠠ ᠳᠦᠷᠢᠮ ᠤᠨ ᠲᠣᠬᠢᠷᠠᠭᠤᠯᠤᠯᠲᠠ ᠪᠣᠯᠣᠨ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠣᠨ᠎ᠠ᠃ ᠵᠣᠭᠰᠣᠴᠠ ᠪᠠᠨ ᠳᠡᠭᠡᠭᠰᠢᠯᠡᠭᠦᠯᠵᠦ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠭᠤᠣᠯᠳᠠᠯᠭ᠎ᠠ ᠶᠢ ᠡᠵᠡᠮᠳᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠠᠷᠠᠳ ᠤᠯᠠᠨ ᠤ ᠲᠤᠰᠬᠠᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ︽ᠨᠢᠭᠡ ᠯᠡ ᠠᠳᠠᠯᠢ ᠪᠠᠷ ᠱᠠᠭᠠᠷᠳᠠᠬᠤ︾ ᠶᠢ ᠰᠡᠷᠭᠡᠶᠢᠯᠡᠵᠦ᠂ ᠦᠩᠭᠡᠨ ᠲᠠᠯ᠎ᠠ ᠠᠴᠠ ᠴᠡᠭᠴᠡᠯᠡᠨ ᠰᠠᠶᠢᠵᠢᠷᠠᠭᠤᠯᠬᠤ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠬᠤ ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠤᠷᠢᠭᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃      ᠯᠢ ᠴᠦᠨ ᠶᠠᠨ᠂ ᠲᠣᠭᠲᠠᠬᠤ ᠰᠢᠶᠠᠨ ᠰᠢᠮᠳᠠᠭᠤᠯᠤᠨ ᠪᠠᠶᠢᠴᠠᠭᠠᠬᠤ ᠱᠠᠭᠠᠷᠳᠠᠯᠭ᠎ᠠ ᠶᠣᠰᠣᠭᠠᠷ᠂ ᠲᠤᠰᠢᠶᠠᠨ ᠥᠭᠴᠦ ᠰᠢᠢᠳᠪᠦᠷᠢᠯᠡᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠪᠦᠲᠦᠮᠵᠢᠲᠡᠢ ᠠᠳᠬᠤᠵᠤ᠂ ᠤᠯᠤᠰ ᠲᠦᠷᠦ ᠶᠢ ᠡᠷᠬᠢᠮᠯᠡᠬᠦ ᠥᠨᠳᠥᠷᠴᠡ ᠠᠴᠠ ᠰᠢᠮᠳᠠᠭᠤᠯᠤᠨ ᠪᠠᠶᠢᠴᠠᠭᠠᠬᠤ ᠳᠤ ᠬᠠᠨᠳᠤᠵᠤ᠂ ᠯᠠᠪᠳᠠᠭᠤᠨ ᠪᠠᠲᠤᠲᠠᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠰᠢᠮᠳᠠᠭᠤᠯᠤᠨ ᠪᠠᠶᠢᠴᠠᠭᠠᠬᠤ ᠶᠢ ᠤᠭᠲᠤᠵᠤ᠂ ᠴᠠᠭᠠᠷᠠᠭᠰᠠᠨ ᠠᠵᠢᠯ ᠤᠨ ᠰᠤᠷᠲᠠᠯ ᠢᠶᠠᠷ ᠰᠢᠮᠳᠠᠭᠤᠯᠤᠨ ᠪᠠᠶᠢᠴᠠᠭᠠᠬᠤ ᠳᠤ ᠬᠠᠮᠵᠢᠯᠴᠠᠵᠤ᠂ ᠬᠢᠷᠢ ᠲᠡᠩᠴᠡᠭᠰᠡᠨ ᠴᠡᠭᠴᠡᠯᠡᠨ ᠰᠠᠶᠢᠵᠢᠷᠠᠭᠤᠯᠤᠭᠰᠠᠨ ᠬᠢᠷᠢ ᠪᠦᠲᠦᠮᠵᠢ ᠶᠢᠨ ᠬᠠᠭᠤᠳᠠᠰᠤ ᠲᠤᠰᠢᠶᠠᠬᠤ ᠶᠢ ᠪᠠᠲᠤᠯᠠᠨ᠎ᠠ ᠭᠡᠵᠦ ᠢᠯᠡᠳᠬᠡᠪᠡ᠃ ᠡᠭᠦᠨ ᠤ ᠬᠠᠮᠲᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢᠨ ᠠᠵᠢᠯᠯᠠᠭ᠎ᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠤᠯᠠᠨ ᠵᠦᠢᠯ ᠤᠨ ᠡᠭᠦᠷᠭᠡ ᠶᠢᠨ ᠳᠤᠮᠳᠠ ᠠᠴᠠ ᠬᠥᠳᠡᠯᠦᠩᠭᠦᠢ ᠲᠡᠩᠴᠡᠭᠦᠷᠢ ᠶᠢ ᠴᠢᠷᠮᠠᠶᠢᠨ ᠡᠷᠢᠯᠬᠢᠯᠡᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠭᠡᠪᠡ᠃      ᠬᠤᠷᠠᠯ ᠤᠨ ᠲᠠᠷᠠᠭ᠎ᠠ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠮᠠᠨ ᠤ ᠰᠢᠶᠠᠨ ᠤ ᠬᠤᠳᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1