ᠲᠣᠭᠲᠠᠬᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠴᠤᠩᠬᠤᠪᠴᠢ ᠰᠦᠢᠳᠬᠡᠯ ᠬᠤᠷᠢᠶᠠᠬᠤ ᠦᠭᠡᠢ ᠪᠠᠷ ᠲᠠᠷᠤᠮᠠᠯᠯᠠᠬᠤ ᠦᠢᠯᠡᠴᠢᠯᠡᠭᠡ ᠬᠠᠩᠭᠠᠵᠦ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠤᠨ ᠣᠯᠠᠨ ᠲᠦᠮᠡᠨ ᠳᠤ ᠲᠥᠬᠦᠮ ᠦᠵᠡᠭᠦᠯᠪᠡ
ᠨᠡᠶᠢᠲᠡᠯᠡᠭᠰᠡᠨ ᠴᠠᠭ᠄
2022/4/8
       ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠬᠦ︾ ᠥᠭᠡᠷᠡᠴᠢᠯᠡᠯᠲᠡ ᠶᠢ ᠠᠬᠢᠭᠤᠯᠤᠨ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠠᠷᠤᠭᠠᠰᠤ ᠶᠢ ᠬᠥᠩᠭᠡᠷᠡᠭᠦᠯᠬᠦ ᠶᠢᠨ ᠲᠤᠰᠠᠳᠠ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠳᠥᠭᠦᠮ ᠳᠥᠲᠡ᠂ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡ ᠶᠢ ᠢᠳᠡᠪᠬᠢᠲᠡᠢ ᠪᠠᠷ ᠬᠠᠩᠭᠠᠬᠤ  ᠶᠢᠨ ᠲᠦᠯᠦᠭᠡ᠂ 2019 ᠣᠨ ᠤ ᠳᠣᠣᠷ᠎ᠠ ᠬᠠᠭᠠᠰ ᠵᠢᠯ ᠠᠴᠠ ᠡᠬᠢᠯᠡᠵᠦ᠂ ᠲᠤᠭᠳᠠᠬᠤ ᠰᠢᠶᠠᠨ ᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠬᠤᠶᠠᠳᠤᠭᠠᠷ ᠳᠠᠪᠬᠤᠷᠯᠢᠭ ᠤᠨ ᠪᠠᠷᠠᠭᠤᠨ ᠲᠣᠭᠤᠷᠢᠭ ᠤᠨ ᠶᠡᠭᠡ ᠲᠢᠩᠬᠢᠮ ᠳᠤ ᠢᠷᠡᠵᠦ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ ᠪᠠᠶᠢᠭ᠎ᠠ ᠠᠵᠤ ᠠᠬᠤᠶᠢᠯᠠᠯ ᠪᠠ ᠣᠯᠠᠨ ᠲᠦᠮᠡᠨ ᠳᠤ ᠰᠦᠢᠳᠬᠡᠯ ᠬᠤᠷᠢᠶᠠᠬᠤ ᠦᠭᠡᠢ ᠪᠠᠷ ᠳᠠᠷᠤᠮᠠᠯᠯᠠᠬᠤ ᠦᠢᠯᠡᠴᠢᠯᠡᠭᠡ ᠬᠠᠩᠭᠠᠵᠤ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠤᠨ ᠣᠯᠠᠨ ᠲᠦᠮᠡᠨ ᠤ ᠲᠦᠭᠦᠮ ᠦᠵᠡᠭᠦᠯᠦᠨ᠂ ᠬᠤᠶᠠᠳᠤᠭᠠᠷ ᠳᠠᠪᠬᠤᠷᠯᠢᠭ ᠤᠨ ᠪᠠᠷᠠᠭᠤᠨ ᠲᠣᠭᠤᠷᠢᠭ ᠤᠨ ᠳᠠᠷᠤᠮᠠᠯᠯᠠᠬᠤ ᠴᠣᠩᠬᠤᠨ ᠤ ᠠᠵᠢᠯᠲᠠᠨ ᠤ ᠠᠵᠢᠯ ᠤᠨ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ᠂ 2021 ᠣᠨ ᠤ 12 ᠰᠠᠷ᠎ᠠ ᠳᠤ ᠪᠠᠰᠠ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠤᠨ ᠵᠡᠭᠦᠨ ᠲᠣᠭᠤᠷᠢᠭ ᠲᠤ ᠰᠦᠢᠳᠬᠡᠯ ᠬᠤᠷᠢᠶᠠᠬᠤ ᠦᠭᠡᠢ ᠪᠠᠷ ᠳᠠᠷᠤᠮᠠᠯᠯᠠᠬᠤ ᠴᠣᠩᠬᠤ ᠨᠡᠮᠡᠪᠡ᠃      ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠬᠤᠶᠠᠳᠤᠭᠠᠷ ᠳᠠᠪᠬᠤᠷᠯᠢᠭ ᠤᠨ ᠪᠠᠷᠠᠭᠤᠨ ᠲᠣᠭᠤᠷᠢᠭ ᠤᠨ ᠰᠦᠢᠳᠬᠡᠯ ᠬᠤᠷᠢᠶᠠᠬᠤ ᠦᠭᠡᠢ ᠳᠠᠷᠤᠮᠠᠯᠯᠠᠬᠤ ᠴᠣᠩᠬᠤ      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠰᠦᠢᠳᠬᠡᠯ ᠬᠤᠷᠢᠶᠠᠬᠤ ᠦᠭᠡᠢ ᠪᠠᠷ ᠳᠠᠷᠤᠮᠠᠯᠯᠠᠬᠤ ᠴᠣᠩᠬᠤ ᠳᠤ ᠨᠡᠶᠢᠲᠡ 5 ᠳᠠᠷᠤᠮᠠᠯᠯᠠᠬᠤ ᠮᠠᠰᠢᠨ᠂ ᠨᠢᠭᠡᠳᠦᠭᠡᠷ ᠳᠠᠪᠬᠤᠷᠯᠢᠭ ᠤᠨ ᠵᠡᠭᠦᠨ ᠲᠣᠭᠤᠷᠢᠭ ᠤᠨ ᠳᠠᠷᠤᠮᠠᠯᠯᠠᠬᠤ ᠴᠣᠩᠬᠤᠨ ᠳᠤ 3 ᠳᠠᠷᠤᠮᠠᠯᠯᠠᠬᠤ ᠮᠠᠰᠢᠨ᠂ ᠬᠤᠶᠠᠳᠤᠭᠠᠷ ᠳᠠᠪᠬᠤᠷᠯᠢᠭ ᠤᠨ ᠪᠠᠷᠠᠭᠤᠨ ᠲᠣᠭᠤᠷᠢᠭ ᠤᠨ ᠳᠠᠷᠤᠮᠠᠯᠯᠠᠬᠤ ᠴᠣᠩᠬᠤ ᠳᠤ ᠬᠤᠶᠠᠷ ᠳᠠᠷᠤᠮᠠᠯᠯᠠᠬᠤ ᠮᠠᠰᠢᠨ ᠲᠠᠢ᠂ ᠬᠤᠶᠠᠷ ᠴᠣᠩᠬᠤᠨ ᠳᠤ ᠲᠣᠰ ᠲᠣᠰ 1 ᠠᠵᠢᠯᠲᠠᠨ ᠲᠣᠬᠢᠷᠠᠭᠤᠯᠵᠤ ᠠᠵᠢᠯ ᠶᠠᠪᠤᠳᠠᠯ ᠰᠢᠢᠳᠪᠦᠷᠢᠯᠡᠬᠦ ᠪᠠᠷ ᠢᠷᠡᠭᠰᠡᠨ ᠠᠵᠤ ᠠᠬᠤᠶᠢᠯᠠᠯ ᠤᠨ ᠣᠯᠠᠨ ᠲᠦᠮᠡᠨ ᠳᠤ ᠰᠦᠢᠳᠬᠡᠯ ᠬᠤᠷᠢᠶᠠᠬᠤ ᠦᠭᠡᠢ ᠪᠠᠷ ᠳᠠᠷᠤᠮᠠᠯᠯᠠᠬᠤ ᠦᠢᠯᠡᠴᠢᠯᠡᠭᠡ ᠬᠢᠯᠭᠡᠬᠦ ᠶᠢᠨ ᠬᠠᠮᠲᠤ ᠲᠡᠳᠡᠨ ᠢ ᠵᠢᠯᠣᠭᠤᠳᠤᠨ ᠬᠠᠮᠢᠶ᠎ᠠ ᠪᠦᠬᠦᠢ ᠳᠠᠷᠤᠮᠠᠯᠯᠠᠬᠤ ᠮᠠᠲ᠋ᠧᠷᠢᠶᠠᠯ ᠢ ᠪᠡᠯᠡᠳᠬᠡᠨ᠎ᠡ᠃ ᠠᠵᠤ ᠠᠬᠤᠶᠢᠯᠠᠯ ᠤᠨ ᠤᠯᠠᠨ ᠲᠦᠮᠡᠨ ᠤ ᠠᠵᠢᠯ ᠤᠨ ᠴᠢᠨᠠᠷ ᠴᠢᠨᠰᠠᠭ᠎ᠠ ᠶᠢ ᠨᠡᠩ ᠰᠠᠶᠢᠨ ᠳᠡᠭᠡᠭᠰᠢᠯᠡᠭᠦᠯᠬᠦ ᠶᠢᠨ ᠲᠤᠰᠠᠳᠠ ᠬᠦᠷᠦᠯᠴᠡᠬᠦᠶᠢᠴᠡ ᠲᠤᠨᠤᠭ ᠲᠥᠬᠦᠭᠡᠷᠦᠮᠵᠢ᠂ ᠲᠤᠰᠬᠠᠢ ᠠᠵᠢᠯ ᠤᠨ ᠠᠵᠢᠯᠲᠠᠨ ᠤ ᠠᠵᠢᠯ ᠤᠨ ᠴᠢᠨᠠᠷ ᠢ  ᠲᠡᠭᠡᠭᠰᠢᠯᠡᠭᠦᠯᠪᠡ᠃      ᠨᠢᠭᠡᠳᠦᠭᠡᠷ ᠳᠠᠪᠬᠤᠷᠭ᠎ᠠ ᠶᠢᠨ ᠵᠡᠭᠦᠨ ᠲᠣᠭᠤᠷᠢᠭ ᠤᠨ ᠰᠦᠢᠳᠬᠡᠯ ᠬᠤᠷᠢᠶᠠᠬᠤ ᠦᠭᠡᠢ ᠪᠠᠷ ᠳᠠᠷᠤᠮᠠᠯᠯᠠᠬᠤ ᠲᠥᠬᠦᠭᠡᠷᠦᠮᠵᠢ      ᠬᠤᠶᠠᠳᠤᠭᠠᠷ ᠳᠠᠪᠬᠤᠷᠭ᠎ᠠ ᠶᠢᠨ ᠪᠠᠷᠠᠭᠤᠨ ᠲᠣᠭᠤᠷᠢᠭ ᠤᠨ ᠰᠦᠢᠳᠬᠡᠯ ᠬᠤᠷᠢᠶᠠᠬᠤ ᠦᠭᠡᠢ ᠪᠠᠷ ᠳᠠᠷᠤᠮᠠᠯᠯᠠᠬᠤ ᠲᠥᠬᠦᠭᠡᠷᠦᠮᠵᠢ      ᠣᠳᠣᠬᠠᠨ ᠳᠤ᠂ ᠲᠤᠭᠳᠠᠬᠤ ᠰᠢᠶᠠᠨ ᠤ ᠦᠢᠯᠡᠴᠢᠯᠡᠭᠡᠨ ᠤ ᠶᠡᠭᠡ ᠲᠢᠩᠬᠢᠮ ᠤᠨ ᠰᠦᠢᠳᠬᠡᠯ ᠬᠤᠷᠢᠶᠠᠬᠤ ᠦᠭᠡᠢ ᠪᠠᠷ ᠳᠠᠷᠤᠮᠠᠯᠯᠠᠬᠤ ᠴᠣᠩᠬᠤᠨ ᠤ ᠡᠳᠦᠷ ᠪᠦᠷᠢ ᠳᠤᠮᠳᠠᠴᠢ ᠪᠠᠷ 30 ᠬᠥᠮᠥᠨ ᠤᠳᠠᠭ᠎ᠠ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠡᠭᠡᠨ ᠰᠦᠢᠳᠬᠡᠯ ᠬᠤᠷᠢᠶᠠᠬᠤ ᠦᠭᠡᠢ ᠪᠠᠷ ᠳᠠᠷᠤᠮᠠᠯᠯᠠᠬᠤ ᠦᠢᠯᠡᠴᠢᠯᠡᠭᠡ ᠬᠦᠷᠲᠡᠵᠦ ᠪᠠᠶᠢᠨ᠎ᠠ᠂ ᠡᠨᠡ ᠬᠦ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠨᠢ ᠴᠦ ᠴᠥᠭᠡᠨ ᠪᠤᠰᠤ ᠠᠵᠤ ᠠᠬᠤᠶᠢᠯᠠᠯ ᠤᠨ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃      ᠪᠠᠭ᠎ᠠ ᠬᠤᠪᠢᠷᠠᠭᠤᠯᠤᠯᠲᠠ ᠶᠢᠨ ᠳᠤᠮᠳᠠ ᠶᠡᠭᠡ ᠦᠢᠯᠡᠴᠢᠯᠡᠭᠡ ᠲᠠᠢ᠂ ᠪᠠᠭ᠎ᠠ ᠵᠠᠩᠭᠢᠯᠠᠭ᠎ᠠ ᠶᠢᠨ ᠳᠤᠮᠳᠠ ᠶᠡᠭᠡ ᠠᠷᠠᠳ ᠤᠨ ᠠᠮᠢᠳᠤᠷᠠᠯ ᠲᠠᠢ ᠪᠠᠶᠢᠵᠤ᠂ ᠰᠦᠢᠳᠬᠡᠯ ᠬᠤᠷᠢᠶᠠᠬᠤ ᠦᠭᠡᠢ ᠪᠠᠷ ᠲᠠᠷᠤᠮᠠᠯᠯᠠᠬᠤ ᠦᠢᠯᠡᠴᠢᠯᠡᠭᠡ ᠶᠢ ᠬᠡᠷᠡᠭᠵᠢᠭᠦᠯᠵᠦ ᠪᠠᠶᠢᠭᠠᠳ ᠠᠵᠤ ᠠᠬᠤᠶᠢᠯᠠᠯ ᠤᠨ ᠤᠯᠠᠨ ᠲᠦᠮᠡᠨ ᠳᠤ ᠨᠡᠩ ᠰᠠᠶᠢᠨ ᠲᠦᠬᠦᠮ ᠦᠵᠡᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠲᠠᠰᠤᠷᠠᠯᠲᠠ ᠦᠭᠡᠢ ᠰᠢᠨ᠎ᠡ ᠪᠠᠷ ᠡᠭᠦᠳᠴᠦ᠂ ᠡᠯ᠎ᠡ ᠵᠦᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠪᠠ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠳᠡᠭᠡᠷ᠎ᠡ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠶᠢ ᠦᠷᠭᠦᠯᠵᠢᠯᠡᠨ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠳᠤᠮᠳᠠ ᠨᠠᠷᠢᠨ ᠨᠢᠮᠪᠠᠢ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠪᠠ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1