ᠪᠤᠤ ᠭᠠᠩ ᠲᠣᠭᠲᠠᠬᠤ ᠰᠢᠶᠠᠨ ᠲᠦᠮᠡᠳ ᠵᠡᠭᠦᠨ ᠬᠤᠰᠢᠭᠤᠨ ᠳᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/4/9
      3 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠤᠤ ᠭᠠᠩ ᠲᠣᠭᠲᠠᠬᠤ ᠰᠢᠶᠠᠨ᠂ ᠲᠦᠮᠡᠳ ᠵᠡᠭᠦᠨ ᠬᠤᠰᠢᠭᠤᠨ ᠳᠤ ᠭᠦᠨᠵᠡᠭᠡᠶᠢᠷᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠭᠤᠣᠯᠳᠠᠯᠭ᠎ᠠ  ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠤᠬᠠᠢ ᠴᠢᠬᠤᠯᠠ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠬᠥᠳᠡᠭᠡ ᠠᠵᠤ ᠠᠬᠤᠢ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠ ᠲᠥᠬᠦᠭᠡᠷᠦᠮᠵᠢᠲᠦ ᠲᠠᠷᠢᠶᠠᠯᠠᠩ ᠢ ᠪᠦᠲᠦᠭᠡᠨ ᠪᠠᠶᠢᠭᠤᠯᠬᠤ ᠪᠣᠯ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠪᠤᠤ ᠭᠠᠩ ᠲᠣᠭᠲᠠᠬᠤ ᠰᠢᠶᠠᠨ ᠤ ᠰᠢᠶᠠ ᠲᠠᠨ ᠲᠣᠰᠬᠤᠨ ᠤ ᠴᠢᠨᠠᠷ ᠰᠠᠶᠢᠲᠠᠢ ᠥᠨᠳᠥᠷ ᠪᠦᠲᠦᠮᠵᠢᠲᠡᠶ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠲᠥᠷᠥᠯ ᠵᠦᠢᠯ ᠪᠣᠯᠣᠨ ᠲᠦᠮᠡᠳ ᠵᠡᠭᠦᠨ ᠬᠤᠰᠢᠭᠤᠨ ᠤ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠵᠦ᠂ ᠲᠢᠶᠧ ᠮᠣᠣ ᠲᠣᠰᠬᠤᠨ ᠤ 2.4 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ᠂ ᠰᠢᠯᠵᠢᠭᠦᠯᠵᠦ ᠪᠣᠯᠬᠤ ᠳᠤᠯᠠᠭᠠᠨ ᠢ ᠬᠠᠳᠠᠭᠠᠯᠠᠬᠤ ᠪᠦᠷᠬᠦᠪᠴᠢ ᠶᠢᠨ ᠪᠦᠲᠦᠴᠡ ᠲᠠᠢ ᠨᠡᠷᠡᠨ ᠬᠦᠯᠡᠮᠵᠢ ᠶᠢᠨ ᠲᠦᠷᠦᠯ ᠵᠦᠢᠯ ᠨᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠵᠦ ᠰᠢᠯᠵᠢᠭᠦᠯᠦᠨ ᠵᠥᠭᠡᠭᠡᠪᠦᠷᠢᠯᠡᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠣᠨ ᠲᠥᠬᠦᠭᠡᠷᠦᠮᠵᠢᠲᠦ ᠲᠠᠷᠢᠶᠠᠯᠠᠩ ᠤᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠮᠧᠬᠠᠨᠢᠭᠵᠢᠭᠤᠯᠤᠯᠲᠠ ᠶᠢᠨ ᠳᠡᠯᠭᠡᠷᠡᠭᠦᠯᠦᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠬᠤᠰᠢᠭᠤ ᠰᠢᠶᠠᠨ ᠲᠣᠭᠤᠷᠢᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠷᠢᠶᠠᠯᠠᠬᠤ ᠴᠠᠭ ᠢ ᠵᠥᠷᠢᠴᠡᠬᠦ ᠦᠭᠡᠢ ᠪᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠬᠥᠳᠡᠭᠡ ᠠᠵᠤ ᠠᠬᠤᠢ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠢᠶᠠᠨ ᠡᠬᠢᠯᠡᠭᠦᠯᠬᠦ ᠶᠢ ᠲᠦᠷᠭᠡᠳᠬᠡᠨ ᠠᠬᠢᠭᠤᠯᠵᠤ᠂ ᠲᠣᠭᠲᠠᠭᠰᠠᠨ ᠴᠠᠭ ᠲᠠᠭᠠᠨ ᠪᠦᠲᠦᠭᠡᠨ ᠪᠠᠶᠢᠭᠤᠯᠬᠤ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠵᠤ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃          ᠲᠠᠷᠢᠶᠠᠯᠠᠩ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠪᠴᠢᠶᠡᠵᠢᠬᠦ᠂ ᠪᠠᠷᠢᠮᠵᠢᠶᠠᠵᠢᠬᠤ᠂ ᠣᠶᠤᠨᠴᠢᠯᠠᠬᠤ ᠶᠢ ᠪᠡᠶᠡᠯᠡᠭᠦᠯᠵᠦ᠂ ᠮᠦ ᠪᠦᠷᠢ ᠶᠢᠨ ᠤᠨᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠲᠤᠰᠬᠠᠢ ᠮᠡᠷᠭᠡᠵᠢᠯ ᠤᠨ ᠲᠣᠯᠣᠭᠠᠶᠢᠯᠠᠭᠴᠢ ᠠᠵᠤ ᠠᠬᠤᠶᠢᠯᠠᠯ ᠪᠣᠯᠣᠨ ᠲᠠᠷᠢᠶᠠᠯᠠᠩ ᠤᠨ ᠲᠤᠰᠬᠠᠢ ᠮᠡᠷᠭᠡᠵᠢᠯᠲᠡᠳ ᠤᠨ ᠣᠳᠣ ᠦᠶ᠎ᠡ ᠶᠢᠨ ᠲᠠᠷᠢᠶᠠᠯᠠᠩ ᠳᠤ ᠦᠢᠯᠡᠴᠢᠯᠡᠬᠦ᠂ ᠣᠳᠣ ᠦᠶ᠎ᠡ ᠶᠢᠨ ᠲᠠᠷᠢᠶᠠᠯᠠᠩ ᠤᠨ ᠰᠢᠨ᠎ᠡ ᠮᠡᠷᠭᠡᠵᠢᠯ ᠢ ᠳᠡᠯᠭᠡᠷᠡᠭᠦᠯᠬᠦ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠨᠳᠥᠷ ᠲᠦᠪᠰᠢᠨ ᠲᠠᠢ ᠤᠳᠤ ᠦᠶ᠎ᠡ ᠶᠢᠨ ᠬᠤᠳᠠ ᠶᠢᠨ ᠰᠣᠳᠣᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠴᠢᠷᠮᠠᠶᠢᠨ ᠪᠠᠶᠢᠭᠤᠯᠵᠤ᠂ ᠨᠢᠭᠡ ᠪᠦᠯᠦᠭ ᠵᠤᠭᠠᠴᠠᠨ ᠰᠡᠯᠡᠭᠦᠴᠡᠬᠦ ᠲᠠᠷᠢᠶᠠᠯᠠᠩ ᠤᠨ ᠵᠤᠭᠠᠴᠠᠯ ᠤᠨ ᠵᠠᠮ ᠱᠤᠭᠤᠮ ᠢ ᠭᠠᠷᠭᠠᠵᠤ᠂ ᠬᠤᠳᠠ ᠶᠢᠨ ᠠᠷᠠᠳ ᠤᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠰᠡᠯᠡᠭᠦᠴᠡᠬᠦ᠂ ᠵᠤᠭᠠᠴᠠᠨ ᠲᠣᠭᠤᠷᠢᠬᠤ᠂ ᠲᠡᠭᠦᠬᠦ ᠬᠤᠷᠢᠶᠠᠬᠤ ᠳᠤ ᠰᠠᠶᠢᠨ ᠭᠠᠵᠠᠷ ᠬᠠᠩᠭᠠᠵᠤ᠂ ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ᠂ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢ ᠨᠡᠭᠡᠭᠡᠨ᠎ᠡ᠃
     3 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠤᠤ ᠭᠠᠩ ᠵᠢᠶᠠ ᠱᠧᠩ ᠰᠢᠨ᠎ᠡ ᠡᠨᠧᠷᠭᠢ ᠶᠢᠨ ᠺᠣᠮᠫᠠᠨᠢ ᠳᠤ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠲᠥᠷᠥᠯ ᠵᠦᠢᠯ ᠤᠨ ᠡᠵᠡᠩᠨᠡᠯᠲᠡ ᠪᠠ ᠡᠨᠧᠷᠭᠢ ᠶᠢ ᠥᠷᠭᠡᠳᠬᠡᠬᠦ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ ᠪᠠᠶᠢᠭ᠎ᠠ ᠨᠢ
     3 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠤᠤ ᠭᠠᠩ ᠲᠦᠮᠡᠳ ᠵᠡᠭᠦᠨ ᠬᠤᠰᠢᠭᠤᠨ ᠤ ᠡᠯᠡᠰᠦ ᠶᠢ ᠵᠠᠰᠠᠭᠰᠠᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠪᠠᠶᠢᠭ᠎ᠠ ᠨᠢ      ᠣᠷᠴᠢᠨ ᠠᠬᠤᠢ ᠶᠢᠨ ᠬᠠᠮᠠᠭᠠᠯᠠᠯᠲᠠ ᠨᠢ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠪᠠ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠬᠤᠯᠪᠣᠭᠳᠠᠵᠤ ᠪᠠᠶᠢᠳᠠᠭ᠃  ᠪᠤᠤ ᠭᠠᠩ ᠲᠣᠭᠲᠠᠬᠤ ᠰᠢᠶᠠᠨ ᠤ ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠢᠨᠵᠧᠨᠧᠷᠢᠩ᠂ ᠬᠠᠳᠤᠨ ᠭᠤᠣᠯ ᠤᠨ ᠤᠯᠤᠰ ᠤᠨ ᠡᠵᠡᠮᠳᠡᠯ ᠤᠨ ᠤᠰᠤᠨ ᠤ ᠠᠦ᠋ᠲ᠋ᠣ᠋ ᠬᠢᠨᠠᠨ ᠬᠡᠮᠵᠢᠬᠦ ᠦᠷᠳᠡᠭᠡ᠂ ᠵᠢᠶᠠ ᠱᠧᠩ ᠰᠢᠨ᠎ᠡ ᠡᠨᠧᠷᠭᠢ ᠶᠢᠨ ᠺᠣᠮᠫᠠᠨᠢ ᠵᠡᠷᠭᠡ ᠳᠤ ᠪᠠᠶᠢᠴᠠᠭᠠᠨ ᠰᠤᠳᠤᠯᠤᠯᠲᠠ ᠬᠢᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ᠂ ᠰᠠᠶᠢᠷᠭᠠᠯ ᠤᠨ ᠣᠷᠣᠨ ᠤ ᠰᠠᠭᠤᠭᠠᠯᠢ ᠠᠷᠠᠳ ᠢ ᠨᠡᠭᠦᠯᠭᠡᠬᠦ᠂ ᠬᠠᠶᠠᠭᠳᠠᠮᠠᠯ  ᠡᠯᠡᠰᠦ ᠶᠢ ᠵᠠᠰᠠᠬᠤ ᠵᠢᠴᠢ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠲᠦᠷᠦᠯ ᠵᠦᠢᠯ ᠤᠨ ᠡᠵᠡᠩᠨᠡᠯᠲᠡ ᠪᠣᠯᠣᠨ ᠡᠨᠧᠷᠭᠢ ᠶᠢ ᠥᠷᠭᠡᠳᠬᠡᠬᠦ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ᠂ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠬᠦᠯᠢᠶᠡᠬᠦ ᠪᠠᠷ ᠠᠵᠠ ᠲᠣᠬᠢᠶᠠᠯ ᠪᠣᠯᠭᠠᠵᠤ᠂ ᠤᠯᠤᠰ ᠲᠦᠷᠤ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ︽ᠡᠷᠬᠢᠨ ᠬᠠᠷᠠᠬᠤ︾ ︽ᠡᠷᠬᠢᠨ ᠪᠠᠶᠢᠴᠠᠭᠠᠬᠤ︾ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠬᠦ ᠬᠡᠷᠡᠭᠲᠡᠢ᠃ ᠭᠤᠣᠯ ᠤᠨ ᠭᠤᠯᠳᠤᠷᠢᠯ ᠪᠠ ᠰᠠᠶᠢᠷᠭᠠᠯ ᠭᠠᠵᠠᠷ ᠢ ᠶᠡᠷᠦᠩᠬᠡᠶᠢᠯᠡᠨ ᠳᠡᠭᠡᠭᠰᠢᠯᠡᠭᠦᠯᠵᠦ ᠵᠠᠰᠠᠬᠤ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠪᠣᠬᠢᠷ ᠤᠰᠤ ᠶᠢ ᠰᠢᠢᠳᠪᠦᠷᠢᠯᠡᠬᠦ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠪᠠ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠵᠠᠰᠠᠬᠤ ᠶᠢ ᠰᠠᠶᠢᠲᠤᠷ ᠠᠳᠬᠤᠵᠤ᠂ ᠬᠠᠳᠤᠨ ᠭᠤᠣᠯ ᠤᠨ ᠠᠮᠢ ᠠᠬᠤᠢ ᠶᠢᠨ ᠣᠷᠴᠢᠨ ᠲᠣᠭᠤᠷᠢᠨ ᠢ ᠦᠨᠡᠨᠬᠦ ᠰᠠᠶᠢᠲᠤᠷ ᠬᠠᠮᠠᠭᠠᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ ᠦᠨᠡᠨᠬᠦ ᠠᠬᠢᠭᠤᠯᠬᠤ ᠬᠡᠷᠡᠭᠲᠡᠢ᠃ ᠪᠦᠬᠦ ᠬᠤᠳᠠ ᠶᠢᠨ ᠠᠮᠢᠳᠤᠷᠠᠯ ᠤᠨ ᠬᠤᠭ ᠨᠣᠪᠰᠢ ᠶᠢᠨ ᠰᠢᠢᠳᠪᠦᠷᠢᠯᠡᠯᠲᠡ ᠶᠢ ᠬᠤᠣᠷ ᠦᠭᠡᠶᠢᠵᠢᠬᠦᠯᠬᠦ᠂ ᠡᠬᠢ ᠪᠠᠶᠠᠯᠢᠭᠵᠢᠭᠤᠯᠬᠤ ᠶᠢ ᠶᠡᠭᠡ ᠪᠠᠷ ᠠᠬᠢᠭᠤᠯᠵᠤ᠂ ᠨᠡᠩ ᠣᠷᠣᠰᠢᠨ ᠰᠠᠭᠤᠬᠤ ᠳᠤ ᠲᠣᠬᠢᠷᠠᠮᠵᠢᠲᠠᠢ᠂ ᠨᠡᠩ ᠰᠠᠶᠢᠨ ᠰᠠᠶᠢᠬᠠᠨ ᠬᠤᠳᠠ ᠬᠦᠳᠡᠭᠡ ᠶᠢᠨ ᠠᠮᠢᠳᠤᠷᠠᠯ ᠢ ᠪᠤᠢ  ᠪᠣᠯᠭᠠᠬᠤ ᠬᠡᠷᠡᠭᠲᠡᠢ ᠭᠡᠵᠦ ᠵᠢᠭᠠᠨ ᠭᠠᠷᠭᠠᠪᠠ᠃      ᠬᠤᠳᠠ ᠶᠢᠨ ᠤᠳᠤᠷᠢᠳᠤᠯᠭ᠎ᠠ ᠸᠧᠢ ᠬᠤᠩ ᠵᠢᠶᠦ᠋ᠨ᠂ ᠯᠢᠦ ᠵᠢᠢ ᠶᠢᠩ᠂ ᠯᠢᠦ ᠵᠢᠶᠠᠨ ᠭᠦᠸᠧ᠂ ᠰᠢᠶᠠᠨ ᠤ ᠤᠳᠤᠷᠢᠳᠤᠯᠭ᠎ᠠ ᠯᠢ ᠴᠦᠨ ᠶᠠᠨ᠂ ᠯᠢᠦ ᡁᠢ ᠴᠢᠶᠠᠩ᠂ ᠰᠦᠨ ᠬᠠᠢ ᠱᠧᠩ᠂ ᠭᠤᠤ ᠬᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1