ᠲᠣᠭᠲᠠᠬᠤ ᠰᠢᠶᠠᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠬᠢᠭᠡᠳ ᠬᠠᠯᠠᠭᠤᠨ ᠰᠡᠳᠬᠢᠯᠲᠦ ᠲᠣᠰᠬᠤᠨ ᠤ ᠠᠷᠠᠳ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠬᠤᠶᠠᠷ ᠠᠮᠢᠲᠠᠨ ᠢ ᠠᠮᠵᠢᠯᠲᠠᠲᠠᠢ ᠠᠪᠤᠷᠠᠨ ᠲᠤᠰᠠᠯᠠᠪᠠ
ᠨᠡᠶᠢᠲᠡᠯᠡᠭᠰᠡᠨ ᠴᠠᠭ᠄
2022/4/9
      4 ᠳ᠋ᠤᠭᠡᠷ ᠰᠠᠷ᠎ᠠ ᠶᠢᠨ 5  ᠤ ᠣᠷᠣᠢ ᠶᠢᠨ 7 ᠴᠠᠭ 30 ᠮᠢᠨᠦ᠋ᠲ ᠤᠨ ᠦᠶ᠎ᠡ ᠪᠠᠷ᠂ ᠬᠥᠬᠡᠬᠤᠲᠠ ᠶᠢᠨ ᠲᠣᠭᠲᠠᠬᠤ ᠰᠢᠶᠠᠨ ᠤ ᠤᠢ ᠰᠢᠭᠤᠢ ᠪᠣᠯᠣᠨ ᠨᠤᠲᠤᠭ ᠪᠡᠯᠴᠢᠭᠡᠷ ᠤᠨ ᠲᠣᠪᠴᠢᠶ᠎ᠠ ᠬᠤᠶᠠᠷ ᠲᠣᠰᠬᠤᠨ ᠤ ᠠᠷᠠᠳ ᠤᠨ ᠢᠷᠡᠭᠦᠯᠦᠭᠰᠡᠨ ᠲᠤᠰᠠᠯᠠᠮᠵᠢ ᠭᠤᠶᠤᠬᠤ ᠤᠲᠠᠰᠤ ᠶᠢ ᠲᠤᠰᠴᠠᠢ᠃ ᠮᠡᠳᠡᠭᠦᠯᠦᠯᠲᠡ ᠶᠢ ᠭᠥᠯᠢᠶᠡᠨ ᠠᠪᠤᠭᠰᠠᠨ ᠤ ᠳᠠᠷᠠᠭ᠎ᠠ᠂ ᠲᠣᠭᠲᠠᠬᠤ ᠰᠢᠶᠠᠨ ᠤ ᠤᠢ ᠰᠢᠭᠤᠢ ᠪᠣᠯᠣᠨ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠵᠢᠯᠲᠠᠳ ᠬᠤᠶᠠᠷ ᠵᠠᠮ ᠬᠤᠪᠢᠶᠠᠨ ᠳᠠᠷᠤᠢ ᠲᠦᠷᠭᠡᠨ ᠲᠤᠬᠠᠢ ᠶᠢᠨ ᠲᠠᠯᠠᠪᠠᠢ ᠳᠤ ᠬᠦᠷᠴᠡᠢ᠃ ᠨᠠᠨ ᠾᠦᠥᠸ᠋ ᠫᠠᠨ ᠲᠣᠰᠬᠤᠨ ᠤ ᠠᠷᠠᠳ ᠤᠨ ᠭᠡᠷ ᠲᠤ᠂ ᠠᠵᠢᠯᠲᠠᠳ ᠡᠨᠡ ᠬᠦ ᠬᠠᠴᠢᠨ ᠵᠢᠭᠲᠡᠢ ᠲᠣᠮᠣ ᠰᠢᠪᠠᠭᠤ ᠶᠢ ᠣᠯᠵᠤ ᠬᠠᠷᠠᠵᠠᠢ᠂ ᠡᠨᠡ ᠰᠢᠪᠠᠭᠤᠨ ᠤ ᠪᠥᠬᠦ ᠪᠡᠶ᠎ᠡ ᠨᠢ ᠬᠠᠷ᠎ᠠ᠂ ᠬᠡᠭᠡᠷ᠎ᠡ ᠶᠢᠨ ᠨᠤᠭᠤᠰᠤ ᠪᠠ ᠲᠠᠬᠢᠶ᠎ᠠ ᠶᠢᠨ ᠬᠤᠯᠢᠮᠠᠭ ᠪᠡᠶᠡᠲᠦ ᠰᠢᠭ ᠪᠣᠯᠪᠠᠴᠤ ᠮᠠᠩᠨᠠᠢ ᠨᠢ ᠴᠠᠭᠠᠨ ᠪᠠᠶᠢᠳᠠᠭ᠃ ᠣᠶ ᠰᠢᠭᠤᠢ ᠶᠢᠨ ᠰᠠᠯᠠᠭ᠎ᠠ ᠮᠥᠴᠢᠷ ᠲᠠᠢ ᠬᠤᠯᠪᠣᠭ᠎ᠠ ᠠᠪᠴᠤ ᠬᠢᠨᠠᠨ ᠲᠣᠭᠲᠠᠭᠠᠬᠤ ᠪᠠᠷ ᠳᠡᠮᠵᠢᠨ᠂ ᠲᠣᠰ ᠲᠣᠮᠣ ᠰᠢᠪᠠᠭᠤ ᠶᠢ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠤ ᠴᠠᠭᠠᠨ ᠶᠠᠰᠤᠲᠤ ᠲᠠᠬᠢᠶ᠎ᠠ ᠭᠡᠵᠦ ᠲᠣᠭᠲᠠᠭᠠᠵᠠᠢ᠃ ᠨᠥᠭᠦᠭᠡ ᠨᠢᠭᠡ ᠠᠩᠭᠢ ᠶᠢᠨ ᠠᠵᠢᠯᠲᠠᠨ ᠪᠦᠦ ᠬᠤᠸ ᠶᠢᠩ ᠲᠣᠰᠬᠤᠨ ᠳᠤ ᠬᠦᠷᠦᠭᠰᠡᠨ ᠤ ᠳᠠᠷᠠᠭ᠎ᠠ᠂ ᠨᠢᠭᠡ ᠰᠢᠪᠠᠭᠤ ᠡᠪᠡᠰᠦᠨ ᠳᠤᠮᠳᠠ ᠬᠡᠪᠲᠡᠵᠦ᠂ ᠨᠢᠰᠬᠦ ᠶᠢᠨ ᠠᠷᠭ᠎ᠠ ᠦᠭᠡᠢ᠂ ᠰᠢᠷᠬᠠᠲᠤᠭᠰᠠᠨ ᠰᠢᠭ᠋ ᠪᠠᠶᠢᠬᠤ ᠶᠢ ᠣᠯᠵᠤ ᠮᠠᠲᠠᠵᠠᠢ᠂ ᠲᠤᠬᠠᠢ ᠶᠢᠨ ᠲᠠᠯᠠᠪᠤᠷ ᠲᠤ ᠪᠠᠶᠢᠴᠠᠭᠠᠨ ᠦᠵᠡᠭᠰᠡᠨ ᠳᠤ᠂ ᠲᠣᠰ ᠰᠢᠪᠠᠭᠤᠨ ᠤ ᠬᠡᠯᠪᠡᠷᠢ ᠳᠦᠷᠰᠦ ᠨᠢ ᠲᠣᠭᠤᠷᠤᠤ ᠶᠢᠨ ᠲᠥᠷᠥᠯ ᠰᠢᠭ᠂ ᠪᠡᠶ᠎ᠡ ᠪᠢᠯᠳᠠᠷ ᠨᠢ ᠨᠡᠯᠢᠶᠡᠳ ᠲᠣᠮᠣ᠂ ᠬᠥᠯ ᠨᠢ ᠰᠢᠷᠬᠠᠲᠤᠭᠰᠠᠨ ᠪᠣᠯᠬᠤᠷ ᠠᠩᠬ᠎ᠠ ᠠᠯᠬᠤᠮ ᠬᠡᠭᠡᠷ᠎ᠡ ᠶᠢᠨ ᠰᠢᠪᠠᠭᠤ ᠭᠡᠵᠦ ᠮᠠᠭᠠᠳᠯᠠᠵᠠᠢ᠃      ᠣᠶ ᠰᠢᠭᠤᠢ ᠶᠢᠨ ᠰᠠᠯᠠᠭ᠎ᠠ ᠮᠥᠴᠢᠷ ᠠᠴᠠ ᠪᠠᠶᠢᠴᠠᠭᠠᠭᠰᠠᠨ ᠤ ᠳᠠᠷᠠᠭ᠎ᠠ᠂ ᠨᠠᠨᠳᠢᠩᠨᠠᠨ ᠬᠠᠶᠢᠷᠠᠯᠠᠬᠤ ᠬᠤᠶᠠᠷ ᠰᠢᠪᠠᠭᠤᠨ ᠤ ᠲᠥᠷᠥᠯ ᠴᠥᠮ ᠠᠳᠠᠯᠢ ᠪᠤᠰᠤ ᠬᠡᠮᠵᠢᠶ᠎ᠡ ᠪᠠᠷ ᠰᠢᠷᠬᠠᠲᠤᠭᠰᠠᠨ ᠪᠠᠶᠢᠳᠠᠯ ᠲᠠᠢ ᠪᠠᠶᠢᠬᠤ ᠶᠢ ᠣᠯᠵᠤ ᠮᠠᠲᠠᠵᠠᠢ᠂ ᠣᠳᠣᠬᠠᠨ ᠳᠤ᠂ ᠰᠢᠷᠬᠠᠲᠤᠭᠰᠠᠨ ᠶᠠᠰᠤᠲᠤ ᠲᠠᠬᠢᠶ᠎ᠠ᠂ ᠲᠣᠭᠤᠷᠤᠤ ᠶᠢ ᠨᠢᠭᠡᠨᠲᠡ ᠬᠥᠬᠡᠬᠤᠲᠠ ᠶᠢᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠲᠥᠪ ᠲᠤ ᠰᠢᠯᠵᠢᠭᠦᠯᠦᠨ ᠲᠤᠰᠢᠶᠠᠵᠤ ᠲᠣᠬᠢᠲᠠᠢ ᠰᠢᠢᠳᠪᠦᠷᠢᠯᠡᠭᠦᠯᠦᠭᠰᠡᠨ ᠪᠠᠶᠢᠨ᠎ᠠ᠃
     ᠲᠣᠭᠲᠠᠬᠤ ᠰᠢᠶᠠᠨ ᠤ ᠣᠢ ᠰᠢᠭᠤᠢ ᠶᠢᠨ ᠰᠠᠯᠠᠭ᠎ᠠ ᠮᠥᠴᠢᠷ ᠤᠨ ᠠᠵᠢᠯᠲᠠᠨ ᠴᠠᠭᠠᠨ ᠶᠠᠰᠤᠳᠦ ᠲᠠᠬᠢᠶ᠎ᠠ ᠶᠢᠨ ᠰᠢᠷᠬ᠎ᠠ ᠶᠢᠨ ᠪᠠᠶᠢᠳᠠᠯ ᠢ ᠪᠠᠶᠢᠴᠠᠭᠠᠵᠤ ᠪᠠᠶᠢᠭ᠎ᠠ ᠨᠢ
     ᠠᠪᠤᠷᠠᠨ ᠲᠤᠰᠠᠯᠠᠬᠤ ᠲᠥᠪ ᠲᠤ ᠣᠴᠢᠬᠤ ᠶᠢ ᠬᠦᠯᠢᠶᠡᠵᠦ ᠪᠠᠶᠢᠭ᠎ᠠ ᠴᠠᠭᠠᠨ ᠶᠠᠰᠤᠲᠤ ᠲᠠᠬᠢᠶ᠎ᠠ
     ᠲᠣᠭᠲᠠᠬᠤ ᠰᠢᠶᠠᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠬᠥᠬᠡᠬᠤᠲᠠ ᠶᠢᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠲᠥᠪ ᠤᠨ ᠠᠵᠢᠯᠲᠠᠨ ᠳᠤ ᠬᠠᠮᠠᠭᠠᠯᠠᠯᠲᠠ ᠶᠢᠨ ᠠᠮᠢᠲᠠᠨ ᠢ ᠰᠢᠯᠵᠢᠭᠦᠯᠦᠨ  ᠲᠤᠰᠢᠶᠠᠵᠦ ᠪᠠᠶᠢᠭ᠎ᠠ ᠨᠢ
     ᠬᠥᠬᠡ ᠲᠣᠭᠤᠷᠤᠤ ᠶᠢ ᠬᠥᠬᠡᠬᠤᠲᠠ ᠶᠢᠨ ᠠᠮᠢᠲᠠᠨ ᠢ ᠠᠪᠤᠷᠠᠨ ᠲᠤᠰᠠᠯᠠᠬᠤ ᠲᠥᠪ ᠲᠤ ᠬᠦᠷᠭᠷᠵᠦ ᠪᠠᠶᠢᠭ᠎ᠠ ᠨᠢ
     ᠠᠮᠢ ᠠᠬᠤᠢ ᠶᠢᠨ ᠣᠷᠴᠢᠨ ᠲᠣᠭᠤᠷᠢᠨ ᠤ ᠰᠠᠶᠢᠵᠢᠷᠠᠬᠤ ᠶᠢ ᠳᠠᠭᠠᠯᠳᠤᠨ᠂ ᠣᠶᠢᠷ᠎ᠠ ᠶᠢᠨ ᠵᠢᠯ ᠤᠳ ᠲᠤ ᠲᠣᠭᠲᠠᠬᠤ ᠰᠢᠶᠠᠨ ᠤ ᠬᠡᠭᠡᠷ᠎ᠡ ᠶᠢᠨ ᠠᠮᠢᠲᠠᠨ ᠤ ᠲᠥᠷᠥᠯ ᠵᠦᠢᠯ ᠪᠠ ᠲᠤᠭ᠎ᠠ ᠬᠡᠮᠵᠢᠶ᠎ᠡ ᠴᠥᠮ ᠨᠡᠮᠡᠭᠳᠡᠵᠦ ᠪᠠᠶᠢᠨ᠎ᠠ᠃ ᠠᠳᠡ ᠥᠷᠭᠡᠨ ᠣᠯᠠᠨ ᠲᠦᠮᠡᠨ ᠳᠤ ᠰᠠᠨᠠᠭᠤᠯᠬᠤ ᠨᠢ᠂ ᠬᠡᠷᠪᠡ ᠰᠢᠷᠬᠠᠲᠤᠭᠰᠠᠨ ᠪᠤᠶᠤ ᠠᠪᠤᠷᠠᠨ ᠲᠤᠰᠠᠯᠠᠬᠤ ᠴᠢᠬᠤᠯᠠᠲᠠᠢ ᠬᠡᠭᠡᠷ᠎ᠡ ᠶᠢᠨ ᠠᠮᠢᠲᠠᠨ ᠢ ᠣᠯᠵᠤ ᠮᠡᠳᠡᠪᠡᠯ᠂ ᠴᠠᠭ ᠲᠤᠬᠠᠢ ᠳᠤᠨᠢ ᠤᠲᠠᠰᠤ ᠠᠪᠴᠤ ᠴᠠᠭᠳᠠᠭ᠎ᠠ ᠳᠤ ᠮᠡᠳᠡᠭᠦᠯᠬᠦ ᠪᠤᠶᠤ ᠲᠤᠬᠠᠢ ᠶᠢᠨ ᠭᠠᠵᠠᠷ ᠤᠨ ᠣᠶ ᠰᠢᠭᠤᠢ ᠶᠢᠨ ᠰᠠᠯᠠᠭ᠎ᠠ ᠮᠥᠴᠢᠷ ᠲᠤ ᠲᠤᠰᠠᠯᠠᠮᠵᠢ  ᠭᠤᠶᠤᠴᠢᠯᠠᠭᠠᠷᠠᠢ
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1