ᠲᠤᠭᠳᠠᠬᠤ ᠰᠢᠶᠠᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2022/4/9
      ᠰᠤᠷᠪᠤᠯᠵᠢᠯᠠᠭᠴᠢ ᠣᠶᠢᠷ᠎ᠠ ᠳᠤ ᠰᠢᠨ᠎ᠡ ᠶᠢᠩᠽᠢ ᠪᠠᠯᠭᠠᠰᠤᠨ ᠤ ᠬᠤᠸᠠᠩ ᠳ᠋ᠢ ᠶᠣᠣ ᠼᠦᠨ ᠲᠣᠰᠬᠤᠨ ᠳᠤ᠂ ᠷᠦᠢ ᠡᠯ ᠬᠤᠶ ᠲᠠᠷᠢᠶᠠᠯᠠᠩ ᠤᠨ ᠺᠣᠮᠫᠠᠨᠢ ᠶᠢᠨ ᠠᠷᠪᠠᠨ ᠬᠡᠳᠦᠨ ᠲᠣᠮᠣ ᠬᠡᠯᠪᠡᠷᠢ ᠶᠢᠨ ᠮᠠᠰᠢᠨ ᠮᠧᠬᠠᠨᠢᠭ 2200 ᠭᠠᠷᠤᠢ ᠮᠦ ᠲᠠᠷᠢᠶᠠᠨ ᠭᠠᠵᠠᠷ ᠢᠶᠠᠷ ᠰᠦᠯᠵᠢᠯᠳᠦᠵᠦ᠂ ᠲᠠᠷᠢᠶ᠎ᠠ ᠶᠢ ᠨᠠᠷᠬᠠᠳᠠᠨ᠂ ᠥᠷᠭᠡᠨ ᠠᠭᠤᠳᠠᠮ ᠲᠠᠷᠢᠶᠠᠨ ᠭᠠᠵᠠᠷ ᠲᠤ ᠬᠠᠪᠤᠷ ᠤᠨ ᠲᠠᠷᠢᠶᠠᠯᠠᠭ᠎ᠠ ᠶᠢᠨ ᠬᠥᠷ ᠬᠥᠭᠵᠢᠶᠡᠨ ᠲᠠᠢ ᠶᠠᠭᠠᠷᠠᠯᠲᠠᠢ ᠪᠠᠶᠢᠳᠠᠯ ᠢᠯᠡᠷᠡᠵᠦ ᠪᠠᠶᠢᠬᠤ ᠶᠢ ᠣᠯᠵᠤ ᠬᠠᠷᠠᠵᠠᠢ᠃ ᠡᠭᠦᠨ ᠤ ᠵᠡᠷᠭᠡ ᠳᠤ᠂ 2 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠤᠳᠳᠤᠭ ᠰᠠᠪᠠᠯᠠᠬᠤ ᠣᠷᠣᠨ ᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠪᠠ ᠣᠷᠣᠨ ᠤ ᠤᠰᠤᠯᠠᠯᠲᠠ ᠶᠢᠨ ᠢᠨᠵᠧᠨᠧᠷᠢᠩ ᠢ ᠶᠠᠭ ᠡᠮᠬᠢ ᠵᠢᠷᠤᠮ ᠲᠠᠢ ᠬᠡᠷᠡᠭᠵᠢᠭᠦᠯᠵᠦ ᠪᠠᠶᠢᠨ᠎ᠠ᠃      ᠡᠨᠡ ᠵᠢᠯ ᠲᠣᠭᠲᠠᠬᠤ ᠰᠢᠶᠠᠨ ᠤ ᠲᠠᠷᠢᠮᠠᠯ ᠤᠨ ᠲᠠᠯᠠᠪᠠᠶ ᠶᠢ 103.8 ᠲᠦᠮᠡᠨ ᠮᠦ ᠳᠠᠷᠢᠬᠤ ᠪᠠᠷ ᠲᠥᠯᠥᠪᠯᠡᠵᠦ ᠪᠣᠶ᠂ ᠡᠭᠦᠨ ᠳᠤ ᠠᠮᠤ ᠪᠤᠳᠠᠭᠠᠨ ᠤ ᠲᠠᠷᠢᠮᠠᠯ ᠢ 101.5 ᠲᠦᠮᠡᠨ ᠮᠦ᠂ ᠠᠵᠤ ᠠᠬᠤᠢ ᠶᠢᠨ ᠲᠠᠷᠢᠮᠠᠯ ᠤᠨ ᠲᠠᠯᠠᠪᠠᠶ ᠶᠢ 2.05 ᠲᠦᠮᠡᠨ ᠮᠦ ᠳᠠᠷᠢᠨ᠎ᠠ᠂ ᠡᠭᠦᠨ ᠳᠤ ︵ᠰᠢᠬᠢᠷ ᠯᠤᠤᠪᠠᠩ᠂ ᠦᠷ᠎ᠡ ᠬᠡᠮᠬᠡ᠂ ᠡᠮ ᠤᠨ ᠮᠠᠲ᠋ᠧᠷᠢᠶᠠᠯ︶ 0.5 ᠲᠦᠮᠡᠨ ᠮᠦ᠂ ᠲᠣᠰᠣᠯᠢᠭ ᠲᠠᠷᠢᠮᠠᠯ ᠢ 0.5 ᠲᠦᠮᠡᠨ ᠮᠦ᠂ ᠢᠳᠡᠰᠢᠨ ᠨᠣᠭᠤᠭ᠎ᠠ ᠶᠢ 1.05 ᠲᠦᠮᠡᠨ ᠮᠦ᠂ ᠲᠡᠵᠢᠭᠡᠯ ᠡᠪᠡᠰᠦ ᠪᠣᠷᠳᠣᠭᠠᠨ ᠤ ᠲᠠᠷᠢᠮᠠᠯ ᠢ 0.25 ᠲᠦᠮᠡᠨ ᠮᠦ ᠪᠠᠭᠲᠠᠭᠠᠵᠤ᠂ ᠰᠢᠷ᠎ᠠ ᠪᠤᠷᠴᠠᠭ ᠤᠨ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠲᠠᠷᠢᠮᠠᠯ ᠤᠨ ᠲᠥᠷᠥᠯ ᠵᠦᠢᠯ ᠢ 3.3 ᠲᠦᠮᠡᠨ ᠮᠦ ᠭᠤᠣᠯᠳᠠᠯᠭ᠎ᠠ ᠲᠠᠢ ᠳᠡᠯᠭᠡᠷᠡᠭᠦᠯᠦᠨ᠎ᠡ᠃ ᠣᠳᠣᠬᠠᠨ ᠳᠤ ᠬᠠᠪᠤᠷ ᠤᠨ ᠲᠠᠷᠢᠶᠠᠯᠠᠭ᠎ᠠ ᠳᠤ ᠨᠡᠶᠢᠲᠡ 747 ᠮᠦ ᠪᠤᠭᠤᠳᠠᠢ ᠳᠠᠷᠢᠵᠤ᠂ ᠡᠷᠳᠡᠨᠢ ᠰᠢᠰᠢ ᠵᠡᠷᠭᠡ ᠶᠢ ᠳᠠᠷᠢᠬᠤ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠡᠮᠬᠢ ᠴᠡᠭᠴᠡ ᠲᠠᠢ ᠶᠠᠪᠤᠭᠳᠠᠵᠤ ᠪᠠᠶᠢᠨ᠎ᠠ᠃      ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠠᠴᠠ ᠨᠠᠰᠢ᠂ ᠲᠣᠭᠲᠠᠬᠤ ᠰᠢᠶᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠡᠯ᠎ᠡ ᠵᠦᠢᠯ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠦᠷ᠎ᠡ᠂ ᠲᠠᠷᠢᠶᠠᠨ ᠡᠮ᠂ ᠬᠢᠮᠢ ᠶᠢᠨ ᠪᠣᠷᠳᠣᠭᠤᠷ᠂ ᠲᠠᠷᠢᠶᠠᠯᠠᠩ ᠤᠨ ᠮᠠᠰᠢᠨ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠡᠪ ᠤᠨ ᠡᠮᠬᠢ ᠳᠢᠭᠯᠢᠮ ᠢ ᠪᠠᠲᠤᠯᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠲᠠᠷᠢᠶᠠᠯᠠᠩ ᠤᠨ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠲᠣᠭᠲᠠᠭᠤᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1