ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 2022 ᠣᠨ ᠤ 33 ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/9
      4 ᠳ᠋ᠤᠭᠡᠷ ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠤᠭᠤᠳᠬᠤ ᠭᠠᠵᠠᠷ ᠤᠨ 2022 ᠣᠨ ᠤ 33 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃
     ᠬᠤᠷᠠᠯ ᠠᠴᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠥᠯ ︵ᠭᠤᠷᠪᠠᠳᠤᠭᠠᠷ ᠨᠢᠭᠤᠷ︶ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︽ᠪᠥᠬᠦ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭᠠᠨ ᠤ ᠲᠤᠬᠠᠢ ᠮᠡᠳᠡᠭᠦᠯᠦᠯᠲᠡ︾ ︽ᠬᠥᠬᠡᠬᠤᠲᠠ ᠶᠢᠨ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠨᠡᠶᠢᠭᠡᠮ ᠤᠨ ᠬᠠᠮᠢᠶᠠᠷᠤᠨ ᠡᠵᠡᠮᠳᠡᠬᠦ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠶᠤᠯ ᠲᠦᠭᠰᠢᠭᠦᠷᠢ ᠶᠢᠨ ᠬᠡᠮ ᠰᠣᠭᠤᠭ ᠢ ᠳᠠᠷᠤᠶᠢᠬᠠᠨ ᠠᠩᠬᠠᠷᠬᠤ ᠴᠢᠬᠤᠯᠠᠲᠠᠢ ︵ᠰᠢᠪᠠᠳᠠᠨ ᠪᠠᠶᠢᠴᠠᠭᠠᠬᠤ ᠲᠤᠰᠬᠠᠢ ᠬᠡᠪᠯᠡᠯ 10 ᠬᠤᠭᠤᠴᠠᠭ᠎ᠠ︶︾ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠤᠴᠠ ᠶᠢ ᠬᠠᠮᠠᠭᠠᠯᠠᠬᠤ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠶᠢ ᠤᠯᠠᠮᠵᠢᠯᠠᠬᠤ ᠶᠢᠨ ᠬᠠᠮᠲᠤ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ   ᠠᠴᠠ ᠴᠢᠬᠤᠯᠠᠴᠢᠯᠠᠭᠰᠠᠨ ᠨᠢ᠂ ᠣᠷᠣᠵᠤ ᠭᠠᠷᠬᠤ ᠪᠣᠭᠤᠮᠲᠠ ᠶᠢ ᠴᠢᠩᠭ᠎ᠠ ᠰᠡᠷᠭᠡᠶᠢᠯᠡᠨ ᠴᠢᠩᠭ᠎ᠠ ᠰᠠᠬᠢᠵᠤ᠂ ᠣᠯᠠᠨ ᠲᠦᠮᠡᠨ ᠢ ᠡᠷᠬᠡᠪᠰᠢ ᠳᠤᠮᠳᠠ᠂ ᠶᠡᠭᠡ ᠠᠶᠤᠯ ᠲᠦᠭᠰᠢᠭᠦᠷᠢᠳᠦ ᠭᠠᠵᠠᠷ ᠣᠷᠣᠨ ᠵᠢᠴᠢ ᠪᠠᠶᠢᠭ᠎ᠠ ᠬᠤᠰᠢᠭᠤ ᠰᠢᠶᠠᠨ ᠲᠣᠭᠤᠷᠢᠭ ᠲᠤ ᠣᠴᠢᠭᠤᠯᠬᠤ ᠦᠭᠡᠢ ᠪᠠᠶᠢᠬᠤ ᠶᠢᠨ ᠠᠷᠭ᠎ᠠ ᠦᠭᠡᠢ ᠪᠣᠯᠭᠠᠬᠤ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠬᠤ ᠬᠡᠷᠡᠭᠲᠡᠢ︔ ᠵᠠᠮ ᠬᠠᠷᠢᠯᠴᠠᠭᠠᠨ ᠤ ᠪᠠᠶᠢᠴᠠᠭᠠᠨ ᠰᠢᠯᠭᠠᠬᠤ ᠴᠡᠭ ᠤᠨ ᠬᠠᠮᠢᠶᠠᠷᠤᠯᠲᠠ ᠶᠢ ᠴᠢᠩᠭᠠᠳᠬᠠᠵᠤ᠂ ᠪᠡᠶ᠎ᠡ ᠶᠢᠨ ᠳᠤᠯᠠᠭᠠᠨ ᠤ ᠪᠠᠶᠢᠴᠠᠭᠠᠨ ᠬᠡᠮᠵᠢᠯᠲᠡ ᠪᠠ ︽ᠬᠦᠬᠡᠬᠤᠳᠠ ᠶᠢᠨ ᠺᠣᠳ᠋︾᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠭᠡᠷᠡᠴᠢ ᠶᠢ ᠪᠠᠶᠢᠴᠠᠭᠠᠨ ᠰᠢᠯᠭᠠᠬᠤ ᠶᠢ ᠴᠢᠩᠭ᠎ᠠ ᠬᠢᠬᠦ ᠬᠡᠷᠡᠭᠲᠡᠢ᠃ ᠢᠳᠡᠭᠡᠨ ᠤᠮᠳᠠᠭᠠᠨ᠂ ᠬᠡᠲᠦ ᠳᠡᠯᠭᠡᠭᠦᠷ᠂ ᠰᠣᠶᠣᠯ ᠵᠢᠭᠤᠯᠴᠢᠯᠠᠯ ᠵᠡᠷᠭᠡ ᠨᠢᠭᠡᠴᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠣᠷᠣᠵᠤ ᠢᠷᠡᠭᠰᠡᠳ ᠤᠨ ᠨᠣᠮᠧᠷ ᠢ ᠡᠷᠬᠡᠪᠰᠢ ᠰᠢᠷᠪᠢᠵᠦ᠂ ᠳᠤᠯᠠᠭᠠᠨ ᠢ ᠬᠡᠮᠵᠢᠵᠦ᠂ ᠠᠮᠠᠪᠴᠢ ᠵᠡᠭᠦᠵᠦ᠂ ᠡᠵᠡᠩᠨᠡᠯᠲᠡ ᠶᠢᠨ ᠲᠠᠯᠠᠪᠤᠷ ᠲᠤ ᠡᠷᠬᠡᠪᠰᠢ ᠰᠠᠯᠬᠢ ᠨᠠᠪᠲᠠᠷᠡᠭᠦᠯᠵᠦ᠂ ᠠᠷᠢᠭᠤᠳᠬᠠᠵᠤ᠂ ᠠᠷᠢᠯᠭᠠᠬᠤ ᠬᠡᠷᠡᠭᠲᠡᠢ᠃ᠪᠠᠭ᠎ᠠ ᠲᠣᠭᠤᠷᠢᠭ ᠤᠨ ᠬᠥᠮᠥᠰ ᠤᠨ ᠣᠷᠣᠵᠤ ᠭᠠᠷᠬᠤ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶᠠᠷᠤᠨ ᠡᠵᠡᠮᠳᠡᠬᠦ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠠᠵᠢᠯᠲᠠᠨ ᠢ ᠬᠠᠰᠤᠬᠤ ᠦᠭᠡᠢ᠂ ᠠᠷᠭ᠎ᠠ ᠬᠡᠮᠵᠢᠶ᠎ᠡ ᠶᠢ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠵᠢᠵᠢᠭᠦᠷᠯᠡᠨ ᠰᠠᠬᠢᠬᠤ ᠬᠦᠴᠦᠨ ᠢ ᠴᠢᠩᠭᠠᠳᠬᠠᠵᠤ᠂ ᠵᠢᠵᠢᠭᠦᠷᠯᠡᠨ ᠰᠠᠬᠢᠬᠤ ᠬᠥᠮᠥᠨ ᠦᠭᠡᠢ᠂ ᠬᠠᠮᠢᠶᠠᠷᠤᠯᠲᠠ ᠪᠠᠨ ᠠᠯᠳᠠᠵᠤ ᠡᠵᠡᠮᠳᠡᠯ ᠠᠴᠠ ᠭᠤᠭᠤᠵᠢᠬᠤ ᠦᠵᠡᠭᠳᠡᠯ ᠭᠠᠷᠬᠤ ᠶᠢ ᠡᠷᠡᠰ ᠵᠥᠪᠰᠢᠶᠡᠷᠡᠬᠦ ᠦᠭᠡᠢ︔ ᠨᠡᠶᠢᠭᠡᠮ ᠲᠣᠭᠤᠷᠢᠭ ᠤᠨ ᠠᠵᠢᠯᠲᠠᠨ ᠤ ᠬᠦᠴᠦᠨ ᠢ ᠨᠢᠭᠡᠳᠦᠯᠲᠡᠢ ᠲᠥᠯᠥᠪᠯᠡᠵᠦ᠂ ᠠᠳᠠᠯ ᠠᠬᠤᠢ ᠦᠭᠡᠢ ᠵᠢᠵᠢᠭ ᠲᠣᠭᠤᠷᠢᠭ ᠤᠨ ᠬᠠᠮᠢᠶᠠᠷᠤᠯᠲᠠ ᠶᠢᠨ ᠦᠢᠯᠡᠴᠢᠯᠡᠭᠡ ᠶᠢ ᠴᠢᠩᠭᠠᠳᠬᠠᠵᠤ᠂ ︽ᠬᠠᠮᠢᠶᠠᠷᠤᠯᠲᠠ ᠪᠠᠨ ᠠᠯᠳᠠᠵᠤ ᠡᠵᠡᠮᠳᠡᠯ ᠢᠶᠠᠨ ᠠᠯᠳᠠᠵᠤ︾ ᠪᠣᠯᠬᠤ ᠦᠭᠡᠢ᠃ ᠭᠤᠣᠯᠳᠠᠯᠭ᠎ᠠ ᠲᠠᠢ ᠬᠥᠮᠥᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠡᠶ᠎ᠡ ᠪᠠᠨ ᠳᠠᠭᠠᠭᠠᠨ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠷᠭᠤᠭᠤᠯᠤᠨ ᠪᠠᠶᠢᠴᠠᠭᠠᠵᠤ ᠬᠦᠷᠭᠡᠨ᠂ ᠰᠢᠯᠵᠢᠭᠦᠯᠦᠨ ᠰᠢᠯᠵᠢᠭᠦᠯᠬᠦ ᠠᠵᠢᠯ ᠢ ᠦᠳᠲᠡᠷ ᠲᠦᠷᠭᠡᠨ ᠥᠷᠨᠢᠭᠦᠯᠬᠦ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ︽ᠪᠠᠶᠢᠴᠠᠭᠠᠬᠤ ᠶᠣᠰᠣᠲᠠᠢ ᠶᠢ ᠨᠢ ᠴᠥᠮ ᠪᠠᠶᠢᠴᠠᠭᠠᠬᠤ︾ ᠣᠯᠠᠨ ᠲᠠᠯ᠎ᠠ ᠳᠤ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠯᠠᠭᠤᠷᠠᠯ ᠤᠨ ᠡᠭᠦᠳᠡᠨ ᠡᠮᠨᠡᠯᠭᠡ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠡᠭ ᠤᠨ ᠬᠠᠮᠢᠶᠠᠷᠤᠯᠲᠠ ᠶᠢ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠠᠷᠠᠭᠤᠯ ᠤᠨ ᠴᠡᠭ ᠤᠨ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ᠃ ᠡᠮᠨᠡᠯᠭᠡ ᠶᠢᠨ ᠬᠤᠷᠢᠶᠠᠨ ᠤ ᠮᠡᠳᠡᠷᠡᠮᠵᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠠᠷᠠᠵᠤ ᠰᠤᠪᠢᠯᠠᠬᠤ᠂ ᠰᠢᠯᠵᠢᠯᠲᠡ ᠶᠢᠨ ᠡᠪᠡᠳᠴᠢᠲᠡᠨ ᠤ ᠦᠷᠦᠭᠡ ᠶᠢ ᠬᠡᠷᠡᠭᠯᠡᠬᠦ᠂ ᠪᠥᠭᠡᠮ ᠬᠦᠴᠢᠯ ᠢ ᠰᠢᠭᠰᠢᠨ ᠪᠠᠶᠢᠴᠠᠭᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠳᠠᠯᠠᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠠᠵᠢᠯ ᠲᠦᠷᠦᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠥᠯ ᠪᠣᠯᠣᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠡᠳ᠋ ᠪᠣᠳᠠᠰ ᠢ ᠡᠷᠲᠡᠬᠡᠨ ᠭᠦᠢᠴᠡᠳ ᠪᠡᠯᠡᠳᠬᠡᠬᠦ ᠬᠡᠷᠡᠭᠲᠡᠢ︔ ᠰᠤᠷᠭᠠᠭᠤᠯᠢ ᠡᠬᠢᠯᠡᠬᠦ ᠠᠴᠠ ᠡᠮᠦᠨ᠎ᠡ ᠰᠤᠷᠭᠠᠭᠤᠯᠢ ᠳᠠᠭᠠᠨ ᠪᠤᠴᠠᠵᠤ ᠬᠢᠴᠢᠶᠡᠯ ᠢᠶᠠᠨ ᠰᠡᠷᠭᠦᠭᠡᠭᠰᠡᠨ ᠰᠤᠷᠭᠠᠭᠤᠯᠢ ᠨᠢᠭᠡᠪᠦᠷᠢ ᠳᠤ ᠪᠥᠬᠦ ᠲᠠᠯ᠎ᠠ ᠶᠢᠨ ᠦᠨᠡᠯᠡᠨ ᠵᠢᠱᠢᠯᠲᠡ ᠬᠢᠵᠦ᠂ ᠦᠨᠡᠯᠡᠨ ᠵᠢᠱᠢᠯᠲᠡ ᠳᠤ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠰᠤᠷᠭᠠᠭᠤᠯᠢ ᠳᠠᠭᠠᠨ ᠪᠤᠴᠠᠵᠤ ᠬᠢᠴᠢᠶᠡᠯ ᠢᠶᠠᠨ ᠰᠡᠷᠭᠦᠭᠡᠵᠦ ᠪᠣᠯᠣᠨ᠎ᠠ︔ ᠰᠤᠷᠭᠠᠭᠤᠯᠢ ᠡᠬᠢᠯᠡᠭᠰᠡᠨ ᠤ ᠳᠠᠷᠠᠭ᠎ᠠ ᠪᠣᠶ ᠪᠦᠬᠦᠢ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠵᠤ ᠰᠡᠷᠭᠡᠶᠢᠯᠡᠨ ᠡᠵᠡᠮᠳᠡᠬᠦ ᠰᠣᠷᠢᠯᠲᠠ ᠶᠢ ᠥᠷᠨᠢᠭᠦᠯᠬᠦ ᠬᠡᠷᠡᠭᠲᠡᠢ︔ ᠤᠰᠠᠳᠬᠠᠬᠤ᠂ ᠰᠠᠯᠬᠢ ᠨᠡᠪᠲᠡᠷᠡᠭᠦᠯᠬᠦ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠬᠠᠪᠤᠷ ᠤᠨ ᠤᠯᠠᠷᠢᠯ ᠤᠨ ᠬᠠᠯᠳᠠᠪᠤᠷᠢᠲᠤ ᠴᠢᠨᠠᠷᠲᠠᠢ ᠡᠪᠡᠳᠴᠢᠨ ᠡᠮᠭᠡᠭ ᠪᠠ ᠸᠢᠷᠦ᠋ᠰ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠸᠠᠺᠼᠢᠨ ᠤ ᠲᠠᠷᠢᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠸᠠᠺᠼᠢᠨ ᠤ ᠲᠠᠷᠢᠯᠭ᠎ᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠮᠠᠨ ᠤ ᠰᠢᠶᠠᠨ ᠤ ᠡᠭᠡᠯᠢᠯᠡᠭᠡ ᠶᠢᠨ ᠬᠠᠯᠬᠠᠪᠴᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠡᠢ᠃      ᠬᠤᠷᠠᠯ ᠠᠴᠠ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠶᠢᠨ ᠬᠠᠮᠲᠤ᠂ ᠬᠤᠯᠤᠭᠠᠨ᠎ᠠ ᠬᠢᠵᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠦᠨᠡᠨᠬᠦ ᠴᠢᠩᠭᠠᠳᠬᠠᠵᠤ᠂ ᠬᠤᠯᠤᠭᠠᠨ᠎ᠠ ᠪᠠ ᠨᠣᠬᠠᠢ ᠶᠢᠨ ᠪᠥᠭᠡᠰᠦ ᠶᠢ ᠤᠰᠠᠳᠬᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠭᠤᠷᠪᠠᠨ ᠵᠦᠢᠯ ᠤᠨ ᠮᠡᠳᠡᠭᠦᠯᠦᠯᠲᠡ︾ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠲᠠᠨ ᠤ ᠪᠣᠯᠪᠠᠰᠤᠷᠠᠯ ᠪᠣᠯᠣᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠦᠨᠡᠨᠬᠦ ᠰᠠᠶᠢᠲᠤᠷ ᠬᠢᠵᠦ᠂ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢᠶᠠᠨ ᠤ ᠤᠳᠤᠷᠢᠳᠤᠯᠭ᠎ᠠ ᠭᠤᠤ ᠬᠠᠨ᠂ ᠶᠠᠩ ᠶᠢᠨ᠂ ᠶᠦᠨ ᠵᠢᠶᠠᠨ ᠵᠦᠩ᠂ ᠰᠢᠶᠧ ᠴᠦᠨ ᠯᠦᠩ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1