ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠶᠠᠩ ᠸᠧᠨ ᠵᠥᠩ ᠨᠠᠷ ᠲᠣᠭᠲᠠᠬᠤ ᠰᠢᠶᠠᠨ ᠤ ᠰᠢᠭᠦᠬᠦ ᠬᠤᠷᠢᠶ᠎ᠠ ᠳᠤ ᠬᠦᠷᠴᠦ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/4/9
      4 ᠳ᠋ᠤᠭᠡᠷ ᠰᠠᠷ᠎ᠠ ᠶᠢᠨ 7 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠶᠠᠩ ᠸᠧᠨ ᠵᠥᠩ᠂ ᠬᠥᠬᠡᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠵᠣᠣ ᠰᠢ ᠮᠢᠨ ᠨᠠᠷ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠳᠤ ᠬᠦᠷᠴᠦ ︽ᠬᠤᠷᠢᠳᠤᠭᠠᠷ ᠶᠡᠭᠡ ᠬᠤᠷᠠᠯ ᠢ ᠤᠭᠲᠤᠵᠤ ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠦᠢᠯᠡᠴᠢᠯᠡᠬᠦ︾ ᠶᠡᠭᠡ ᠶᠠᠷᠢᠯᠴᠠᠭᠠᠨ ᠤ ᠠᠵᠢᠯᠯᠠᠭ᠎ᠠ ᠶᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃
     ᠲᠣᠭᠲᠠᠬᠤ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠮᠢᠩ᠂ ᠰᠢᠶᠠᠨ ᠤ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠯᠢᠦ ᠮᠢᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
     ᠶᠠᠩ ᠸᠧᠨ ᠵᠦᠩ ᠨᠠᠷ ᠡᠩ ᠲᠡᠷᠢᠭᠦᠨ ᠳᠤ ᠵᠢᠦ ᠲᠠᠢ ᠰᠢᠨ᠎ᠡ ᠮᠠᠲᠠᠸ᠋ᠷᠢᠶᠠᠯ ᠤᠨ ᠺᠣᠮᠫᠠᠨᠢ ᠳᠤ ᠬᠦᠷᠴᠦ᠂ ᠲᠤᠰ ᠺᠣᠮᠫᠠᠨᠢ ᠶᠢᠨ ᠵᠢᠯ ᠳᠤ 100 ᠲᠦᠮᠡᠨ ᠲᠣᠨ ᠡᠲ᠋ᠠᠨᠳᠢᠤᠯ ᠦᠢᠯᠡᠳᠪᠦᠷᠢᠯᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠲᠦᠷᠦᠯ ᠵᠦᠢᠯ ᠤᠨ ᠦᠨᠳᠦᠰᠦᠨ ᠪᠠᠶᠢᠳᠠᠯ᠂ ᠪᠦᠲᠦᠭᠡᠨ ᠪᠠᠶᠢᠭᠤᠯᠤᠯᠲᠠ ᠶᠢᠨ ᠠᠬᠢᠴᠠ᠂ ᠦᠢᠯᠡᠳᠪᠦᠷᠢᠯᠡᠯ ᠤᠨ ᠤᠷ᠎ᠠ ᠮᠡᠷᠭᠡᠰᠢᠯ ᠵᠡᠷᠭᠡ ᠪᠠᠶᠢᠳᠠᠯ ᠢ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠬᠡᠷᠡᠭᠴᠡᠭᠡ ᠶᠢ ᠣᠶᠢᠯᠠᠭᠠᠵᠤ᠂ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠰᠣᠨᠣᠰᠴᠠᠢ᠃ ᠵᠣᠣ ᠰᠢ ᠮᠢᠨ ᠢᠯᠡᠷᠬᠡᠶᠢᠯᠡᠬᠦ ᠳᠡᠭᠡᠨ᠂ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠬᠠᠷᠢᠶᠠᠲᠤ ᠣᠷᠣᠨ ᠤ ᠦᠨᠳᠦᠰᠦᠨ ᠱᠠᠲᠤᠨ ᠤ ᠰᠢᠭᠦᠬᠦ ᠬᠤᠷᠢᠶ᠎ᠠ ᠶᠢ ᠵᠢᠯᠣᠭᠤᠳᠤᠨ᠂ ᠠᠵᠤ ᠠᠬᠤᠶᠢᠯᠠᠯ ᠳᠤ ᠬᠠᠨᠳᠤᠭᠤᠯᠤᠨ ᠠᠵᠤ ᠠᠬᠤᠶᠢᠯᠠᠯ ᠳᠤ ᠦᠢᠯᠡᠴᠢᠯᠡᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠠᠵᠤ ᠠᠬᠤᠶᠢᠯᠠᠯ ᠢ ᠬᠠᠪᠰᠤᠷᠤᠨ ︽ᠪᠠᠴᠢᠮ ᠪᠡᠷᠬᠡ ᠵᠣᠪᠠᠨᠢᠯ︾ ᠠᠰᠠᠭᠤᠳᠠᠯ ᠢ ᠨᠢ ᠰᠢᠢᠳᠪᠦᠷᠢᠯᠡᠵᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠣᠨᠣᠪᠴᠢᠲᠠᠶ᠂ ᠴᠢᠨᠠᠷ ᠰᠠᠶᠢᠲᠠᠢ᠂ ᠥᠨᠳᠥᠷ ᠪᠦᠲᠦᠮᠵᠢᠲᠡᠶ ᠬᠠᠤᠯᠢ ᠪᠠᠷᠢᠬᠤ ᠦᠢᠯᠡᠴᠢᠯᠡᠭᠡ ᠬᠠᠩᠭᠠᠨ᠎ᠠ ᠭᠡᠵᠡᠢ᠃ ᠶᠠᠩ ᠸᠧᠨ ᠵᠥᠩ ᠵᠢᠭᠠᠵᠤ ᠭᠠᠷᠭᠠᠭᠰᠠᠨ ᠨᠢ᠂ ᠬᠠᠤᠯᠢ ᠪᠠᠷ ᠵᠠᠰᠠᠬᠤ ᠪᠣᠯ ᠬᠠᠮᠤᠭ ᠤᠨ ᠰᠠᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠮᠥᠨ᠂ ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠵᠦ ᠪᠠᠲᠤᠯᠠᠶ᠎ᠠ︾ ᠭᠡᠬᠦ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠳᠤᠮᠳᠠ᠂ ᠥᠪᠥᠷ ᠮᠣᠩᠭᠤᠯ ᠤᠨ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠨᠠᠷᠢᠨ ᠨᠢᠭᠲᠠ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠬᠦ ᠪᠠᠷ ᠳᠡᠮᠵᠢᠨ᠂ ᠪᠥᠬᠦ ᠣᠷᠣᠨ ᠤ ᠰᠢᠭᠦᠬᠦ ᠬᠤᠷᠢᠶ᠎ᠠ ᠶᠢ ᠵᠢᠯᠣᠭᠤᠳᠤᠨ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ ᠡᠵᠡᠮᠰᠢᠭᠦᠯᠵᠦ᠂ ᠬᠠᠤᠯᠢ ᠴᠠᠭᠠᠵᠠ ᠶᠢ ᠠᠵᠤ ᠠᠬᠤᠶᠢᠯᠠᠯ ᠳᠤ ᠬᠦᠷᠭᠡᠬᠦ ᠵᠡᠷᠭᠡ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠠᠤᠯᠢ ᠳᠦᠷᠢᠮ ᠤᠨ ᠦᠵᠡᠯ ᠤᠬᠠᠮᠰᠠᠷ ᠢ ᠨᠢ ᠴᠢᠩᠭᠠᠷᠠᠭᠤᠯᠤᠨ᠂ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠢ ᠴᠢᠩᠭᠠᠷᠠᠭᠤᠯᠵᠤ᠂ ᠬᠠᠤᠯᠢ ᠪᠠᠷ ᠵᠠᠰᠠᠬᠤ ᠶᠢᠨ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠬᠡᠲᠦ ᠳᠤ ᠠᠰᠢᠭᠲᠠᠢ ᠪᠠᠲᠤᠯᠠᠭ᠎ᠠ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠷᠠᠳ ᠤᠨ ᠡᠵᠡᠩᠨᠡᠭᠰᠡᠨ ᠠᠵᠤ ᠠᠬᠤᠢ ᠶᠢ ᠬᠠᠮᠠᠭᠠᠯᠠᠬᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠳᠤ ᠦᠨᠡᠨ ᠬᠦ ᠪᠠᠲᠤ ᠴᠢᠩᠭ᠎ᠠ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ᠃      ᠳᠠᠷᠠᠭ᠎ᠠ ᠳᠤᠨᠢ᠂ ᠶᠠᠩ ᠸᠧᠨ ᠵᠦᠩ ᠨᠠᠷ ᠲᠤᠭᠳᠠᠬᠤ ᠰᠢᠶᠠᠨ ᠤ ᠰᠢᠭᠦᠬᠦ ᠬᠤᠷᠢᠶᠠᠨ ᠤ ᠣᠷᠴᠢᠨ ᠲᠣᠭᠤᠷᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠰᠢᠭᠦᠬᠦ ᠲᠢᠩᠬᠢᠮ᠂ ᠭᠦᠢᠴᠡᠳᠬᠡᠬᠦ ᠶᠢ ᠵᠢᠯᠤᠭᠤᠳᠬᠤ ᠲᠥᠪ ᠵᠡᠷᠭᠡ ᠰᠠᠯᠠᠭ᠎ᠠ ᠮᠥᠴᠢᠷ ᠲᠤ ᠬᠦᠷᠴᠦ ᠰᠢᠭᠦᠨ ᠲᠠᠰᠤᠯᠬᠤ ᠭᠦᠢᠴᠡᠳᠬᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠯᠢ ᠴᠦᠨ ᠶᠠᠨ᠂ ᠸᠠᠩ ᠮᠢᠩ ᠠᠴᠠ ᠲᠣᠭᠲᠠᠬᠤ ᠰᠢᠶᠠᠨ ᠤ ᠬᠠᠮᠢᠶ᠎ᠠ ᠪᠦᠬᠦᠢ ᠪᠠᠶᠢᠳᠠᠯ ᠪᠠ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠶᠡᠭᠡ ᠶᠠᠷᠢᠯᠴᠠᠭ᠎ᠠ ᠥᠷᠨᠢᠭᠦᠯᠦᠭᠰᠡᠨ ᠠᠵᠢᠯᠯᠠᠭ᠎ᠠ ᠶᠢᠨ ᠪᠠᠶᠢᠳᠠᠯ ᠢ ᠲᠠᠨᠢᠯᠴᠠᠭᠤᠯᠵᠤ᠂ ᠯᠢᠦ ᠮᠢᠨ ᠰᠢᠶᠠᠨ ᠤ ᠰᠢᠭᠦᠬᠦ ᠬᠤᠷᠢᠶᠠᠨ ᠤ ᠰᠢᠭᠦᠨ ᠲᠠᠰᠤᠯᠤᠯᠲᠠ ᠶᠢᠨ ᠭᠦᠢᠴᠡᠳᠬᠡᠬᠦ ᠠᠵᠢᠯ ᠤᠨ ᠪᠠᠶᠢᠳᠠᠯ ᠪᠠ 2022 ᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢ ᠬᠠᠷᠢᠭᠤ ᠮᠡᠳᠡᠭᠦᠯᠪᠡ᠃      ᠶᠠᠩ ᠸᠧᠨ ᠵᠦᠩ᠂ ᠵᠤᠤ ᠰᠢ ᠮᠢᠨ ᠪᠠᠶᠢᠳᠠᠯ ᠤᠨ ᠲᠠᠨᠢᠯᠴᠠᠭᠤᠯᠭ᠎ᠠ ᠪᠠ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠲᠣᠭᠲᠠᠬᠤ ᠰᠢᠶᠠᠨ ᠪᠣᠯ ᠤᠯᠤᠰ ᠤᠨ ᠬᠥᠬᠡᠬᠤᠲᠠ ᠪᠤᠭᠤᠲᠤ ᠢᠷᠭᠠᠢ ᠲᠡᠮᠡᠭᠡᠲᠦ ᠶᠢᠨ ᠠᠵᠤ ᠠᠬᠤᠢ ᠶᠢᠨ ᠲᠣᠭᠤᠷᠢᠭ ᠪᠠ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠳᠠᠭᠠᠤ ᠶᠢᠨ ᠠᠵᠤ ᠠᠬᠤᠢ ᠶᠢᠨ ᠪᠦᠰᠡ ᠶᠢᠨ ᠴᠢᠬᠤᠯᠠ ᠠᠵᠤ ᠦᠢᠯᠡᠰ ᠤᠨ ᠲᠣᠭᠤᠷᠢᠭ ᠪᠣᠯᠣᠨ᠎ᠠ᠂ ᠣᠷᠣᠨ ᠪᠠᠶᠢᠷᠢ ᠨᠢ ᠥᠪᠡᠷᠮᠢᠴᠡ᠂ ᠵᠠᠮ ᠬᠠᠷᠢᠯᠴᠠᠭ᠎ᠠ ᠳᠥᠭᠦᠮ ᠳᠥᠲᠡ᠂ ᠬᠥᠭᠵᠢᠯᠲᠡ ᠶᠢᠨ ᠳᠠᠪᠠᠭᠤᠯᠢᠭ ᠨᠢ ᠢᠯᠡᠷᠬᠡᠢ ᠶᠤᠮ᠃ ᠣᠶᠢᠷ᠎ᠠ ᠶᠢᠨ ᠵᠢᠯ ᠤᠨ ᠲᠤᠷᠰᠢ ᠲᠣᠭᠲᠠᠬᠤ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠳᠤᠯ ᠦᠭᠡᠢ ᠬᠥᠭᠵᠢᠭᠦᠯᠬᠦ︾ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠨ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠢ ᠪᠦᠬᠦ ᠲᠠᠯ᠎ᠠ ᠪᠠᠷ ᠳᠠᠪᠰᠢᠭᠤᠯᠵᠤ᠂ ᠠᠷᠠᠳ ᠤᠯᠠᠨ ᠤ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠢᠯᠡᠳᠲᠡ ᠳᠡᠭᠡᠭᠰᠢᠯᠡᠭᠦᠯᠵᠡᠢ᠃ ᠲᠣᠭᠲᠠᠬᠤ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠬᠢᠨ ᠶᠡᠭᠡ ᠶᠠᠷᠢᠯᠴᠠᠭᠠᠨ ᠤ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠬᠤ ᠳᠤᠭᠤᠶᠢᠯᠠᠩ ᠢ ᠦᠳᠲᠡᠷ ᠲᠦᠷᠭᠡᠨ ᠪᠠᠶᠢᠭᠤᠯᠵᠤ᠂ ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠵᠤ᠂ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠪᠣᠳᠠᠲᠠᠢ ᠳᠤ ᠨᠠᠶᠢᠳᠠᠪᠤᠷᠢᠵᠢᠭᠤᠯᠤᠭᠳᠠᠵᠤ ᠦᠷ᠎ᠡ ᠪᠦᠲᠦᠮᠵᠢ ᠣᠯᠬᠤ ᠶᠢ ᠦᠨᠡᠨᠬᠦ ᠠᠬᠢᠭᠤᠯᠪᠠ᠃ ᠲᠤᠭᠳᠠᠬᠤ ᠰᠢᠶᠠᠨ ᠤ ᠰᠢᠭᠦᠬᠦ ᠬᠤᠷᠢᠶ᠎ᠠ ᠰᠢᠭᠦᠨ ᠲᠠᠰᠤᠯᠤᠯᠲᠠ ᠶᠢᠨ ᠭᠦᠢᠴᠡᠳᠬᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ︽ᠮᠤᠩᠭᠤᠯ ᠮᠤᠷᠢ ᠲᠡᠭᠦᠯᠢᠯᠳᠡ 2022︾ ᠤᠨ ᠲᠤᠰᠬᠠᠢ ᠠᠵᠢᠯᠯᠠᠭ᠎ᠠ ᠲᠠᠢ ᠤᠶᠠᠯᠳᠤᠭᠤᠯᠤᠨ ᠶᠡᠭᠡ ᠶᠠᠷᠢᠯᠴᠠᠭᠠᠨ ᠤ ᠠᠵᠢᠯᠯᠠᠭ᠎ᠠ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠠᠷ ᠥᠷᠨᠢᠭᠦᠯᠵᠦ᠂ ᠲᠣᠪᠣᠶᠢᠮ᠎ᠠ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠪᠠ ᠳᠦᠷᠢᠮ ᠲᠣᠭᠲᠠᠭᠠᠯ ᠲᠣᠭᠲᠠᠭᠠᠭᠰᠠᠨ ᠦᠷ᠎ᠡ ᠪᠦᠲᠦᠭᠡᠯ ᠢ ᠪᠣᠢ ᠪᠣᠯᠭᠠᠵᠤ᠂ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃      ᠶᠠᠩ ᠸᠧᠨ ᠵᠦᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠳ᠋ᠢᠩ ᠰᠢᠸ ᠹᠥ᠋ᠩ ᠱᠦᠵᠢ ᠶᠢᠨ ︽ᠲᠠᠪᠤᠨ ᠲᠣᠪᠣᠶᠢᠮ᠎ᠠ ᠠᠰᠠᠭᠤᠳᠠᠯ︾ ᠢ ᠰᠢᠢᠳᠪᠦᠷᠢᠯᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢᠨ ᠲᠣᠭᠤᠷᠢᠨ ᠳᠤ᠂ ᠱᠠᠲᠤ ᠱᠠᠲᠤ ᠪᠠᠷ ᠳᠠᠷᠤᠯᠲᠠ ᠥᠭᠴᠦ᠂ ᠣᠶᠢᠯᠠᠭᠠᠭᠳᠠᠬᠤᠨ ᠢ ᠦᠨᠡᠨᠬᠦ ᠬᠤᠪᠢᠷᠠᠭᠤᠯᠵᠤ᠂ ᠭᠦᠨᠵᠡᠭᠡᠢ ᠰᠤᠳᠤᠯᠤᠨ ᠶᠠᠷᠢᠯᠴᠠᠵᠤ ᠪᠠᠶᠢᠴᠠᠭᠠᠨ ᠦᠵᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠷᠤᠯᠴᠠᠬᠤ ᠶᠢ ᠭᠦᠢᠴᠡᠳ ᠳᠠᠶᠢᠴᠢᠯᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠥᠩ ᠷᠧᠨ ᠤ ᠪᠦᠬᠦ ᠣᠷᠣᠨ ᠤ ᠰᠢᠭᠦᠬᠦ ᠬᠤᠷᠢᠶᠠᠨ ᠤ ᠶᠡᠭᠡ ᠶᠠᠷᠢᠯᠴᠠᠭᠠᠨ ᠤ ᠠᠵᠢᠯᠯᠠᠭ᠎ᠠ ᠶᠢ ᠠᠬᠢᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ᠂ ᠦᠵᠡᠯ ᠰᠠᠨᠠᠭᠠᠨ ᠤ ᠲᠠᠨᠢᠯᠲᠠ ᠪᠠᠨ ᠦᠨᠡᠨᠬᠦ ᠴᠢᠩᠭᠠᠳᠬᠠᠵᠤ᠂ ᠦᠵᠡᠯ ᠰᠠᠨᠠᠭᠠᠨ ᠤ ᠦᠨᠳᠦᠰᠦ ᠶᠢᠨ ᠠᠰᠠᠭᠤᠳᠠᠯ ᠢ ᠰᠢᠢᠳᠪᠦᠷᠢᠯᠡᠬᠦ ᠶᠢ ᠦᠨᠳᠦᠰᠦᠨ ᠠᠴᠠ ᠨᠢ ᠵᠠᠰᠠᠬᠤ ᠪᠣᠳᠣᠯᠭ᠎ᠠ ᠪᠣᠯᠭᠠᠵᠤ᠂ ᠠᠰᠠᠭᠤᠳᠠᠯ ᠢ ᠣᠨᠣᠪᠴᠢᠲᠠᠢ ᠡᠷᠢᠵᠦ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠪᠣᠳᠠᠲᠠᠢ ᠠᠳᠬᠤᠵᠤ᠂ ᠶᠡᠭᠡ ᠶᠠᠷᠢᠯᠴᠠᠭᠠᠨ ᠤ ᠠᠵᠢᠯᠯᠠᠭ᠎ᠠ ᠪᠠᠷ ᠳᠠᠮᠵᠢᠨ ᠲᠣᠭᠲᠠᠬᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠪᠠᠲᠤᠯᠠᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1