ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 40 ᠳ᠋ᠤᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/10
      5 ᠳ᠋ᠤᠭᠠᠷ ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠤᠭᠤᠳᠬᠤ ᠭᠠᠵᠠᠷ ᠤᠨ 2022 ᠣᠨ ᠤ 40 ᠳ᠋ᠤᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ ᠮᠠᠨ ᠤ ᠰᠢᠶᠠᠨ ᠤ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ   ᠶᠢ ᠰᠣᠨᠣᠰᠴᠤ᠂ ᠲᠠᠷᠠᠭᠠᠴᠢ   ᠶᠢᠨ ᠠᠯᠬᠤᠮ ᠤᠨ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠵᠤ ᠳᠠᠬᠢᠨ ᠠᠬᠢᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠤᠯᠤᠰ᠂ ᠪᠦᠬᠦ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠪᠠᠶᠢᠳᠠᠯ ᠢ ᠲᠣᠳᠣᠷᠬᠠᠢ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ᠂ ᠭᠦᠨᠵᠡᠭᠡᠢ᠂ ᠪᠦᠷᠢᠨ ᠪᠦᠲᠦᠨ ᠪᠠᠶᠢᠵᠤ᠂ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠭᠯᠡᠯᠲᠡ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠠᠨᠢᠵᠤ᠂ ᠬᠥᠩᠭᠡᠪᠴᠢᠯᠡᠬᠦ᠂ ᠬᠠᠮᠢᠶ᠎ᠠ ᠦᠭᠡᠢ᠂ ᠥᠪᠡᠷ ᠤᠨ ᠬᠢ ᠪᠠᠨ ᠯᠡ ᠵᠥᠪ ᠭᠡᠬᠦ ᠵᠡᠷᠭᠡ ᠦᠵᠡᠯ ᠰᠠᠨᠠᠭ᠎ᠠ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠬᠢᠵᠢᠭᠦᠯᠵᠦ᠂ ᠬᠢᠯᠪᠡᠷ ᠪᠤᠰᠤ ᠪᠠᠷ ᠣᠯᠣᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠨᠡᠨᠬᠦ ᠪᠠᠲᠤᠳᠬᠠᠨ᠎ᠠ ᠭᠡᠵᠡᠢ᠃      ᠬᠤᠷᠠᠯ ᠠᠴᠠ᠂ ᠪᠣᠷᠣᠭᠠᠨ ᠠᠴᠠ ᠡᠮᠦᠨ᠎ᠡ ᠴᠤᠪᠠ ᠨᠥᠮᠥᠷᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠪᠠᠷᠠᠭᠠᠯᠬᠢᠯᠠᠯᠳᠤ ᠴᠢᠨᠠᠷ ᠢ ᠴᠢᠩᠭᠠᠳᠬᠠᠬᠤ ᠬᠡᠷᠡᠭᠲᠡᠢ᠃ ᠬᠢᠵᠢᠭ ᠢ ᠰᠡᠷᠭᠡᠶᠢᠯᠡᠬᠦ ᠡᠳ᠋ ᠪᠣᠳᠠᠰ᠂ ᠠᠮᠢᠳᠤᠷᠠᠯ ᠤᠨ ᠡᠳ᠋ ᠪᠣᠳᠠᠰ ᠪᠠ ᠡᠮ ᠡᠮᠨᠡᠯᠭᠡ ᠶᠢᠨ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠬᠢᠵᠢᠭ ᠢ ᠡᠰᠡᠷᠭᠦᠴᠡᠬᠦ ᠡᠳ᠋ ᠪᠣᠳᠠᠰ ᠤᠨ ᠨᠥᠭᠡᠴᠡᠯᠡᠯᠲᠡ ᠶᠢᠨ ᠭᠦᠢᠴᠡᠳ ᠪᠠᠶᠢᠬᠤ ᠶᠢ ᠦᠨᠡᠨ ᠬᠦ ᠪᠠᠲᠤᠯᠠᠨ᠎ᠠ᠃ ᠪᠠᠶᠢᠩᠭᠤᠵᠢᠭᠤᠯᠤᠭᠰᠠᠨ ᠪᠣᠯᠪᠠᠰᠤᠷᠠᠭᠤᠯᠤᠯ ᠰᠣᠷᠢᠯᠲᠠ ᠶᠢ ᠦᠷᠭᠦᠯᠵᠢᠯᠡᠨ ᠥᠷᠨᠢᠭᠦᠯᠵᠦ᠂ ᠤᠰᠠᠳᠬᠠᠬᠤ ᠠᠷᠢᠯᠭᠠᠬᠤ ᠬᠥᠮᠥᠰ᠂ ᠰᠢᠯᠵᠢᠭᠦᠯᠬᠦ ᠬᠥᠮᠥᠰ ᠤᠨ ᠲᠤᠰᠬᠠᠢ ᠮᠡᠷᠭᠡᠵᠢᠯ ᠤᠨ ᠮᠡᠳᠡᠯᠭᠡ ᠶᠢᠨ ᠪᠣᠯᠪᠠᠰᠤᠷᠠᠭᠤᠯᠤᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠥᠮᠥᠰ᠂ ᠲᠡᠷᠭᠡ ᠬᠥᠰᠬᠡ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ‍ ᠴᠢᠭ ᠪᠠᠶᠢᠷᠢ ᠵᠡᠷᠭᠡ ᠶᠢ ᠲᠣᠭᠲᠠᠪᠤᠷᠢᠵᠢᠭᠤᠯᠵᠤ᠂ ᠭᠡᠨᠡᠳᠲᠡ ᠶᠢᠨ ᠬᠡᠷᠡᠭ ᠲᠣᠬᠢᠶᠠᠯᠳᠤᠪᠠᠯ ᠡᠮᠬᠢ ᠴᠡᠭᠴᠡ ᠲᠠᠢ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠣᠯᠠᠨ ᠭᠠᠵᠠᠷ ᠲᠤ ᠬᠥᠨᠳᠡᠭᠳᠡᠬᠦ ᠶᠢ ᠬᠢᠨᠠᠨ ᠬᠡᠮᠵᠢᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠴᠠᠭᠠᠬᠤ ᠶᠣᠰᠣᠲᠠᠢ ᠶᠢ ᠨᠢ ᠴᠥᠮ ᠪᠠᠶᠢᠴᠠᠭᠠᠵᠤ᠂ ᠡᠮ ᠤᠨ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠢᠨᠠᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠨ᠂ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠤᠭᠠᠬᠤ᠂ ᠸᠢᠷᠦ᠋ᠰ ᠢ ᠡᠰᠡᠷᠭᠦᠴᠡᠬᠦ᠂ ᠨᠢᠶᠠᠨ ᠳᠠᠷᠤᠭᠴᠢ ︽ᠳᠥᠷᠪᠡᠨ ᠲᠥᠷᠥᠯ ᠤᠨ ᠡᠮ︾ ᠢ ᠬᠤᠳᠠᠯᠳᠤᠨ ᠠᠪᠬᠤ ᠳᠠᠩᠰᠠᠯᠠᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠬᠠᠮᠲᠤ ᠮᠡᠳᠡᠭᠡ ᠵᠠᠩᠭᠢ ᠬᠦᠷᠭᠡᠬᠦ ᠪᠠ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠮ ᠬᠠᠷᠢᠯᠴᠠᠭᠠᠨ ᠤ ᠪᠠᠶᠢᠴᠠᠭᠠᠨ ᠰᠢᠯᠭᠠᠬᠤ ᠴᠡᠭ ᠤᠨ ᠪᠣᠭᠤᠮᠲᠠ ᠶᠢ ᠰᠠᠶᠢᠲᠤᠷ ᠰᠠᠬᠢᠵᠤ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 2022 ᠣᠨ ᠤ 60 ᠳ᠋ᠤᠭᠠᠷ ᠲᠣᠭᠠᠲᠤ ᠠᠯᠪᠠᠨ ᠵᠠᠷ ᠢ ᠴᠢᠩᠭ᠎ᠠ ᠬᠡᠷᠡᠭᠵᠢᠭᠦᠯᠬᠦ ᠬᠡᠷᠡᠭᠲᠡᠢ ᠃ ᠭᠤᠣᠯᠳᠠᠯᠭ᠎ᠠ ᠲᠠᠢ ᠬᠥᠮᠥᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠵᠤ᠂ ᠬᠦᠷᠭᠡᠬᠦ ᠪᠠ ᠬᠠᠮᠵᠢᠨ ᠪᠠᠶᠢᠴᠠᠭᠠᠬᠤ ᠬᠥᠮᠥᠰ ᠤᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠶᠢ ᠴᠠᠭ ᠲᠤᠬᠠᠢ ᠳᠤᠨᠢ ᠥᠷᠨᠢᠭᠦᠯᠵᠦ᠂ ᠬᠠᠮᠤᠭ ᠤᠨ ᠲᠡᠷᠢᠭᠦᠨ ᠳᠤ ᠭᠠᠷ ᠤᠨ ᠥᠰᠥᠭ ᠵᠢᠷᠤᠵᠤ ᠬᠤᠷᠢᠶᠠᠨ ᠠᠪᠬᠤ᠂ ᠬᠠᠮᠤᠭ ᠤᠨ ᠲᠡᠷᠢᠭᠦᠨ ᠳᠤ ᠬᠠᠷᠭᠤᠭᠤᠯᠤᠨ ᠪᠠᠶᠢᠴᠠᠭᠠᠬᠤ᠂ ᠬᠠᠮᠤᠭ ᠤᠨ ᠲᠡᠷᠢᠭᠦᠨ ᠳᠤ ᠬᠠᠷᠢᠭᠤ ᠲᠤᠰᠬᠠᠬᠤ᠂ ᠬᠠᠮᠤᠭ ᠤᠨ ᠲᠡᠷᠢᠭᠦᠨ ᠳᠤ ᠬᠠᠮᠢᠶᠠᠷᠤᠨ ᠡᠵᠡᠮᠳᠡᠬᠦ ᠶᠢ ᠪᠡᠶᠡᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠵᠤ᠂ ︽ᠬᠦᠬᠡᠬᠤᠳᠠ ᠶᠢᠨ ᠨᠣᠮᠧᠷ︾ ᠢ ᠱᠦᠭᠦᠷᠳᠡᠨ ᠠᠷᠢᠯᠭᠠᠬᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ ᠪᠠ 1 ᠮᠧᠲᠷ ᠤᠨ ᠵᠠᠢ ᠵᠠᠢ ᠶᠢ ᠡᠵᠡᠯᠡᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠦᠢᠯᠡᠳᠪᠦᠷᠢ ᠶᠢᠨ ᠬᠦᠷᠢᠶᠡᠯᠡᠩ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠠᠳᠬᠤᠵᠤ᠂ ᠸᠠᠺᠼᠢᠨ ᠤ ᠲᠠᠷᠢᠯᠭ᠎ᠠ ᠶᠢᠨ ᠡᠷᠴᠢᠮ ᠢ ᠴᠢᠩᠭᠠᠷᠠᠭᠤᠯᠵᠤ᠂ ᠤᠬᠠᠭᠤᠯᠤᠨ ᠳᠠᠶᠢᠴᠢᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠤᠲᠠᠰᠤ + ᠭᠡᠷ ᠲᠤᠨᠢ ᠬᠦᠷᠭᠡᠬᠦ︾ ᠵᠡᠷᠭᠡ ᠠᠷᠭ᠎ᠠ ᠬᠡᠯᠪᠡᠷᠢ ᠶᠢ ᠠᠪᠴᠤ᠂ ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠡᠳᠦᠢ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠸᠠᠺᠼᠢᠨ ᠤ ᠲᠠᠷᠢᠯᠭ᠎ᠠ ᠶᠢ ᠲᠦᠷᠭᠡᠬᠡᠨ ᠬᠢᠯᠭᠡᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠳᠠᠭᠠᠭᠠᠴᠢᠯᠠᠯᠲᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠳᠠᠭᠠᠭᠠᠴᠢᠯᠠᠯᠲᠠ ᠶᠢᠨ ᠪᠠᠯᠭᠠᠰᠤ᠂ ᠲᠣᠰᠬᠤᠨ ᠤ ᠬᠢᠨᠠᠨ ᠵᠢᠯᠤᠭᠤᠳᠬᠤ ᠠᠵᠢᠯ ᠳᠤ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠪᠡ᠃      ᠸᠠᠩ ᠮᠢᠩ ᠵᠡᠷᠭᠡ ᠰᠢᠶᠠᠨ ᠤ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ  ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ   ᠠᠴᠠ ᠴᠢᠬᠤᠯᠠᠴᠢᠯᠠᠭᠰᠠᠨ ᠨᠢ᠂ ᠵᠠᠮ ᠬᠠᠷᠢᠯᠴᠠᠭᠠᠨ ᠤ ᠪᠠᠶᠢᠴᠠᠭᠠᠨ ᠰᠢᠯᠭᠠᠬᠤ ᠴᠡᠭ ᠤᠨ ᠪᠣᠭᠤᠮᠲᠠ ᠶᠢ ᠰᠠᠶᠢᠲᠤᠷ ᠰᠠᠬᠢᠵᠤ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 2022 ᠣᠨ ᠤ 60 ᠳ᠋ᠤᠭᠠᠷ ᠲᠣᠭᠠᠲᠤ ᠠᠯᠪᠠᠨ ᠵᠠᠷ ᠢ ᠴᠢᠩᠭ᠎ᠠ ᠬᠡᠷᠡᠭᠵᠢᠭᠦᠯᠬᠦ ᠬᠡᠷᠡᠭᠲᠡᠢ ᠃ᠭᠤᠣᠯᠳᠠᠯᠭ᠎ᠠ ᠲᠠᠢ ᠬᠥᠮᠥᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠵᠤ᠂ ᠬᠦᠷᠭᠡᠬᠦ ᠪᠠ ᠬᠠᠮᠵᠢᠨ ᠪᠠᠶᠢᠴᠠᠭᠠᠬᠤ ᠬᠥᠮᠥᠰ ᠤᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠶᠢ ᠴᠠᠭ ᠲᠤᠬᠠᠢ ᠳᠤᠨᠢ ᠥᠷᠨᠢᠭᠦᠯᠵᠦ᠂ ᠬᠠᠮᠤᠭ ᠤᠨ ᠲᠡᠷᠢᠭᠦᠨ ᠳᠤ ᠭᠠᠷ ᠤᠨ ᠥᠰᠥᠭ ᠵᠢᠷᠤᠵᠤ ᠬᠤᠷᠢᠶᠠᠨ ᠠᠪᠬᠤ᠂ ᠬᠠᠮᠤᠭ ᠤᠨ ᠲᠡᠷᠢᠭᠦᠨ ᠳᠤ ᠬᠠᠷᠭᠤᠭᠤᠯᠤᠨ ᠪᠠᠶᠢᠴᠠᠭᠠᠬᠤ᠂ ᠬᠠᠮᠤᠭ ᠤᠨ ᠲᠡᠷᠢᠭᠦᠨ ᠳᠤ ᠬᠠᠷᠢᠭᠤ ᠲᠤᠰᠬᠠᠬᠤ᠂ ᠬᠠᠮᠤᠭ ᠤᠨ ᠲᠡᠷᠢᠭᠦᠨ ᠳᠤ ᠬᠠᠮᠢᠶᠠᠷᠤᠨ ᠡᠵᠡᠮᠳᠡᠬᠦ ᠶᠢ ᠪᠡᠶᠡᠯᠡᠭᠦᠯᠬᠦ ᠬᠡᠷᠡᠭᠲᠡᠢ᠃ᠭᠤᠣᠯᠳᠠᠯᠭ᠎ᠠ ᠲᠠᠢ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠵᠤ᠂ ︽ᠬᠥᠬᠡ ᠬᠤᠲᠠ ᠶᠢᠨ ᠨᠣᠮᠧᠷ︾ ᠢ ᠱᠦᠭᠦᠷᠳᠡᠨ ᠠᠷᠢᠯᠭᠠᠬᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ ᠪᠠ 1 ᠮᠧᠲᠷ ᠤᠨ ᠵᠠᠢ ᠵᠠᠢ ᠶᠢ ᠡᠵᠡᠯᠡᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ‌‍ᠸᠠᠺᠼᠢᠨ ᠤ ᠲᠠᠷᠢᠯᠭ᠎ᠠ ᠶᠢᠨ ᠡᠷᠴᠢᠮ ᠢ ᠴᠢᠩᠭᠠᠷᠠᠭᠤᠯᠵᠤ᠂ ᠤᠬᠠᠭᠤᠯᠤᠨ ᠳᠠᠶᠢᠴᠢᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠤᠲᠠᠰᠤ + ᠭᠡᠷ ᠲᠤᠨᠢ ᠬᠦᠷᠭᠡᠬᠦ︾ ᠵᠡᠷᠭᠡ ᠠᠷᠭ᠎ᠠ ᠬᠡᠯᠪᠡᠷᠢ ᠶᠢ ᠠᠪᠴᠤ᠂ ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠡᠳᠦᠢ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠸᠠᠺᠼᠢᠨ ᠤ ᠲᠠᠷᠢᠯᠭ᠎ᠠ ᠶᠢ ᠲᠦᠷᠭᠡᠬᠡᠨ ᠬᠢᠯᠭᠡᠬᠦ ᠬᠡᠷᠡᠭᠲᠡᠢ᠃ᠡᠯ᠎ᠡ ᠱᠠᠲᠤᠨ ᠤ ᠤᠳᠤᠷᠢᠳᠬᠤ ᠺᠠᠳ᠋ᠷ ᠳᠠᠭᠠᠭᠠᠴᠢᠯᠠᠯᠲᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠳᠠᠭᠠᠭᠠᠴᠢᠯᠠᠯᠲᠠ ᠶᠢᠨ ᠪᠠᠯᠭᠠᠰᠤ᠂ ᠲᠣᠰᠬᠤᠨ ᠤ ᠬᠢᠨᠠᠨ ᠵᠢᠯᠤᠭᠤᠳᠬᠤ ᠠᠵᠢᠯ ᠳᠤ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ᠃      ᠸᠠᠩ ᠮᠢᠩ ᠵᠡᠷᠭᠡ ᠰᠢᠶᠠᠨ ᠤ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠢ ᠬᠠᠮᠢᠶᠠᠷᠤᠨ ᠬᠠᠮᠠᠭᠠᠯᠠᠬᠤ ᠲᠥᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1