ᠲᠣᠭᠲᠠᠬᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠯᠤᠭ᠎ᠠ ᠬᠠᠮᠳᠤᠷᠠᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/5/12
      ᠬᠥᠮᠥᠨ ᠬᠠᠷ᠎ᠠ ᠬᠤᠷᠠᠵᠤ ᠴᠤᠭᠯᠠᠷᠠᠬᠤ ᠭᠠᠵᠠᠷ ᠪᠠ ᠬᠢᠵᠢᠭ ᠤᠨ ᠪᠠᠶᠢᠳᠠᠯ ᠢ ᠲᠤᠰᠠᠭᠠᠷᠯᠠᠬᠤ ᠪᠠᠭᠤᠳᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠲᠥᠷᠥᠯ ᠤᠨ ᠭᠠᠯ ᠤᠨ ᠭᠠᠮᠰᠢᠭ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠮᠠᠨ ᠤ ᠰᠢᠶᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠮᠠᠨ ᠤ ᠰᠢᠶᠠᠨ ᠤ ᠬᠥᠮᠥᠨ ᠬᠠᠷ᠎ᠠ ᠬᠤᠷᠠᠵᠤ ᠴᠤᠭᠯᠠᠷᠠᠬᠤ ᠭᠠᠵᠠᠷ᠂ ᠬᠢᠵᠢᠭ ᠤᠨ ᠪᠠᠶᠢᠳᠠᠯ ᠢ ᠲᠤᠰᠠᠭᠠᠷᠯᠠᠬᠤ ᠪᠠᠭᠤᠳᠠᠯ ᠳᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠵᠡᠢ᠃      ᠪᠠᠶᠢᠴᠠᠭᠠᠯᠲᠠ ᠶᠢᠨ ᠳᠤᠮᠳᠠ᠂ ᠡᠯ᠎ᠡ ᠨᠢᠭᠡᠴᠡ ᠲᠠᠯᠠᠪᠤᠷ ᠤᠨ ᠭᠠᠯ ᠤᠨᠲᠠᠷᠠᠭᠠᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠶᠣᠰᠣᠭᠠᠷ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠠᠭᠠᠵᠢ ᠬᠡᠷᠡᠭᠰᠡᠯ ᠢ ᠲᠣᠬᠢᠷᠠᠭᠤᠯᠤᠭᠰᠠᠨ ᠡᠰᠡᠬᠦ᠂ ᠭᠠᠯ ᠤᠨᠲᠠᠷᠠᠭᠠᠬᠤ ᠵᠠᠮ ᠪᠠ ᠠᠮᠤᠷ ᠲᠦᠪᠰᠢᠨ ᠭᠠᠷᠬᠤ ᠵᠠᠮ ᠰᠠᠭᠠᠳ ᠦᠭᠡᠢ ᠨᠡᠪᠲᠡᠷᠡᠭᠰᠡᠨ ᠡᠰᠡᠬᠦ᠂ ᠡᠯ᠎ᠡ ᠲᠥᠷᠥᠯ ᠤᠨ ᠭᠠᠯ ᠤᠨᠲᠠᠷᠠᠭᠠᠬᠤ ᠲᠥᠬᠦᠭᠡᠷᠦᠮᠵᠢ ᠪᠠ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠪᠡᠯᠡᠳᠬᠡᠯ ᠲᠥᠰᠥᠯ ᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠵᠡᠢ᠃ ᠡᠭᠦᠨ ᠤ ᠬᠠᠮᠲᠤ ᠲᠤᠬᠠᠢ ᠶᠢᠨ ᠲᠠᠯᠠᠪᠤᠷ ᠲᠤ ᠪᠠᠶᠢᠭᠤᠯᠭ᠎ᠠ ᠶᠢᠨ ᠬᠥᠮᠥᠰ ᠤᠨ ᠭᠠᠯ ᠤᠨᠲᠠᠷᠠᠭᠠᠭᠤᠷ ᠢ ᠬᠡᠷᠬᠢᠨ ᠬᠡᠷᠡᠭᠯᠡᠬᠦ᠂ ᠬᠡᠷᠬᠢᠨ ᠲᠦᠭᠰᠢᠭᠦᠷᠢ ᠮᠡᠳᠡᠭᠦᠯᠬᠦ᠂ ᠬᠥᠮᠥᠰ ᠢ ᠬᠡᠷᠬᠢᠨ ᠲᠠᠷᠬᠠᠭᠠᠬᠤ᠂ ᠠᠩᠬ᠎ᠠ ᠡᠭᠦᠰᠦᠭᠰᠡᠨ ᠭᠠᠯ ᠤᠨ ᠠᠶᠤᠯ ᠢ ᠬᠡᠷᠬᠢᠨ ᠤᠨᠲᠠᠷᠠᠭᠠᠬᠤ ᠵᠡᠷᠭᠡ ᠠᠭᠤᠯᠭ᠎ᠠ ᠳᠤ ᠤᠬᠠᠭᠤᠯᠭ᠎ᠠ ᠬᠥᠮᠦᠵᠢᠯ ᠬᠢᠵᠡᠢ᠃ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠡᠯ᠎ᠡ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠶᠢ ᠨᠢ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠢ ᠶᠢ ᠨᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨ ᠭᠠᠮᠰᠢᠭ ᠤᠨ ᠳᠠᠯᠳᠠ ᠬᠡᠮ ᠢ ᠦᠨᠡᠨᠬᠦ ᠠᠷᠢᠯᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1