ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2022 ᠣᠨ ᠤ 4 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2022/5/12
       5 ᠳ᠋ᠤᠭᠠᠷ ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2022 ᠣᠨ ᠤ ᠳᠥᠷᠪᠡᠳᠡᠬᠢ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠢᠪᠡ᠃ ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ︽ᠦᠨᠡᠨ︾ ᠰᠡᠳᠬᠦᠯ ᠳᠤ ᠨᠡᠶᠢᠲᠡᠯᠡᠭᠰᠡᠨ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠵᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠦᠶ᠎ᠡ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠠᠢ᠃ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠵᠤ᠂ ᠭᠤᠣᠯ ᠳᠤᠭᠤᠶᠢᠯᠠᠩ ᠤᠨ ᠪᠦᠷᠢᠯᠳᠦᠭᠦᠨ ᠨᠠᠷ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠬᠤ ᠪᠠᠷ ᠭᠤᠣᠯᠯᠠᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ      ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠡᠷᠭᠢᠯᠡᠪᠡ᠃      ᠬᠤᠷᠠᠯ ᠠᠴᠠ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠨᠢ ᠰᠢᠨ᠎ᠡ ᠴᠠᠭ ᠦᠶ᠎ᠡ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠶᠡᠷᠦᠩᠬᠡᠢ ᠱᠠᠭᠠᠷᠳᠠᠯᠭ᠎ᠠ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠭᠤᠯᠤᠯ ᠪᠠ ᠠᠵᠢᠯ ᠤᠨ ᠪᠠᠶᠢᠷᠢᠰᠢᠯ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠵᠢᠷᠤᠮ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠳᠤ ᠬᠢᠨᠠᠯᠲᠠ ᠲᠠᠯᠪᠢᠬᠤ ᠰᠢᠰᠲ᠋ᠧᠮ ᠵᠡᠷᠭᠡ ᠲᠠᠯ᠎ᠠ ᠪᠠᠷ ᠳᠡᠭᠡᠳᠦ ᠵᠡᠷᠭᠡᠯᠡᠯ ᠤᠨ ᠵᠢᠷᠤᠭ ᠲᠥᠯᠥᠪᠯᠡᠭᠡ ᠬᠢᠵᠡᠢ᠃ ︽ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠵᠠᠰᠠᠭ ᠤᠨ ᠣᠷᠳᠣᠨ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠬᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠢ ᠵᠣᠬᠢᠴᠠᠭᠤᠯᠬᠤ᠂ ᠵᠠᠬᠢᠳᠠᠯ ᠰᠣᠷᠪᠤᠯᠵᠢᠯᠠᠭ᠎ᠠ ᠶᠢᠨ ᠰᠠᠯᠠᠭ᠎ᠠ ᠮᠥᠴᠢᠷ ᠢ ᠲᠦᠯᠬᠢᠨ ᠠᠬᠢᠭᠤᠯᠬᠤ᠂ ᠡᠯ᠎ᠡ ᠲᠠᠯ᠎ᠠ ᠶᠢᠨ ᠬᠢᠨ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠷᠢᠰᠢᠯ ᠢ ᠪᠠᠶᠢᠭᠤᠯᠬᠤ︾ ᠪᠣᠳᠠᠲᠠᠢ ᠱᠠᠭᠠᠷᠳᠠᠯᠭ᠎ᠠ ᠶᠢ ᠲᠣᠳᠣᠷᠬᠠᠢ ᠳᠤᠷᠠᠳᠤᠨ ᠭᠠᠷᠭᠠᠵᠠᠢ᠃ ︽ᠳᠦᠷᠢᠮ︾ ᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠢᠨ᠎ᠡ ᠴᠠᠭ ᠦᠶ᠎ᠡ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠲᠠᠰᠤᠷᠠᠯᠳᠡ ᠦᠭᠡᠢ ᠴᠢᠩᠭᠠᠳᠬᠠᠨ ᠰᠠᠶᠢᠵᠢᠷᠠᠭᠤᠯᠵᠤ᠂ ︽ᠳᠦᠷᠢᠮ︾ ᠢ ᠤᠶᠤᠨ ᠰᠠᠨᠠᠭᠠᠨ ᠳᠤᠨᠢ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠦᠷᠭᠦᠯᠵᠢᠯᠡᠨ ᠭᠦᠨᠵᠡᠭᠡᠢ ᠰᠤᠷᠤᠯᠴᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠪᠠᠷ ᠬᠥᠲᠥᠯᠥᠨ ᠳᠠᠭᠠᠭᠤᠯᠵᠤ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠡᠨᠡ ᠬᠦ ᠭᠤᠣᠯ ᠱᠤᠭᠤᠮ ᠢ ᠦᠨᠳᠦᠰᠦᠲᠡᠨ ᠤ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠦᠨᠡᠨ ᠬᠦ ᠲᠤᠤᠱᠯᠠᠭᠤᠯᠬᠤ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠲᠡᠨ ᠤ ᠠᠵᠢᠯ ᠤᠨ ᠤᠯᠤᠰ ᠲᠥᠷᠥ ᠶᠢᠨ ᠤᠳᠤᠷᠢᠳᠤᠯᠭ᠎ᠠ᠂ ᠦᠵᠡᠯ ᠰᠠᠨᠠᠭᠠᠨ ᠤ ᠤᠳᠤᠷᠢᠳᠤᠯᠭ᠎ᠠ ᠪᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠪᠠᠳᠠᠷᠠᠭᠤᠯᠤᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠢᠳᠡᠪᠬᠢᠲᠡᠢ ᠠᠬᠢᠭᠤᠯᠵᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠪᠦᠯᠬᠦᠮᠳᠡᠯ ᠢ ᠴᠢᠩᠭᠠᠳᠬᠠᠬᠤ ᠶᠠᠪᠤᠳᠠᠯ ᠢ ᠦᠨᠳᠦᠰᠦᠲᠡᠨ ᠤ ᠠᠵᠢᠯ ᠤᠨ ᠭᠤᠣᠯ ᠭᠤᠭᠴᠤᠭ᠎ᠠ ᠪᠣᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠴᠤ ᠪᠠᠶᠢᠭᠠᠳ ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠬᠤ᠂ ︽ᠲᠠᠪᠤᠨ ᠬᠠᠮᠲᠤ ᠶᠢᠨ ᠲᠠᠨᠢᠯᠲᠠ︾ ᠶᠢ ᠨᠡᠮᠡᠭᠳᠡᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠦᠨᠳᠦᠰᠦᠲᠡᠨ ᠤ ᠠᠵᠢᠯ ᠤᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠰᠦᠨ ᠰᠢᠶᠦ᠋ᠨ ᠵᠡᠷᠭᠡ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1