ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢᠨ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠡᠷᠡᠭᠦᠯ ᠮᠡᠨᠳᠦ ᠲᠤᠭᠳᠠᠬᠤ ᠰᠢᠶᠠᠨ ᠤ ᠷᠢᠳᠢ ᠰᠢᠳᠢ ᠢ ᠦᠵᠡᠭᠦᠯᠦᠶ᠎ᠡ
ᠨᠡᠶᠢᠲᠡᠯᠡᠭᠰᠡᠨ ᠴᠠᠭ᠄
2022/5/13
      ᠥᠷᠭᠡᠨ ᠣᠯᠠᠨ ᠲᠦᠮᠡᠨ ᠤ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠬᠤ ᠶᠢᠨ ᠲᠥᠯᠥᠭᠡ᠂ ᠲᠤᠭᠳᠠᠬᠤ ᠰᠢᠶᠠᠨ ᠤ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠴᠤᠭ ᠵᠢᠪᠬᠤᠭ᠎ᠠ ᠶᠢ ᠪᠠᠳᠠᠷᠠᠭᠤᠯᠤᠨ᠂ ᠲᠣᠭᠲᠠᠬᠤ ᠰᠢᠶᠠᠨ ᠤ ᠤᠯᠠᠨ ᠲᠦᠮᠡᠨ ᠤ ᠠᠵᠢᠯ ᠤᠨ ᠴᠢᠯᠦᠭᠡᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠤᠨ ᠬᠥᠭᠵᠢᠶᠡᠨᠲᠡᠢ ᠪᠣᠯᠭᠠᠵᠤ᠂ ᠪᠦᠬᠦ ᠠᠷᠠᠳ ᠢᠶᠠᠷ ᠢᠶᠠᠨ ᠪᠡᠶ᠎ᠡ ᠶᠢᠨ ᠲᠠᠮᠢᠷ ᠢ ᠠᠩᠬᠠᠷᠬᠤ᠂ ᠪᠡᠶ᠎ᠡ ᠶᠢᠨ ᠲᠠᠮᠢᠷ ᠢ ᠳᠡᠮᠵᠢᠬᠦ ᠂ ᠪᠡᠶ᠎ᠡ ᠶᠢᠨ ᠲᠠᠮᠢᠷ ᠲᠤ ᠣᠷᠤᠯᠴᠠᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠰᠠᠨᠠᠭᠠᠴᠢᠯᠠᠵᠤ᠂ 5 ᠳ᠋ᠤᠭᠠᠷ ᠰᠠᠷ᠎ᠠ ᠶᠢᠨ 12  ᠤᠨ ᠡᠳᠦᠷ᠂ ᠲᠣᠭᠲᠠᠬᠤ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠲᠣᠭᠲᠠᠬᠤ ᠰᠢᠶᠠᠨ ᠤ ᠠᠷᠠᠳ ᠤᠨ ᠪᠡᠶ᠎ᠡ ᠶᠢᠨ ᠲᠠᠮᠢᠷ ᠤᠨ ᠲᠠᠯᠠᠪᠠᠢ ᠳᠤ 2022 ᠣᠨ ᠤ ᠲᠣᠭᠲᠠᠬᠤ ᠰᠢᠶᠠᠨ ᠤ ᠤᠯᠠᠮᠵᠢᠯᠠᠯᠲᠤ ᠵᠡᠪᠰᠡᠭ ᠤᠨ ᠡᠷᠳᠡᠮ᠂ ᠪᠡᠶ᠎ᠡ ᠴᠢᠭᠢᠷᠠᠭᠵᠢᠭᠤᠯᠬᠤ ᠲᠠᠯᠠᠪᠠᠢ ᠶᠢᠨ ᠪᠥᠵᠢᠭ᠂ ᠪᠡᠶ᠎ᠡ ᠴᠢᠭᠢᠷᠠᠭᠵᠢᠭᠤᠯᠬᠤ ᠲᠠᠮᠢᠷ ᠤᠨ ᠦᠵᠡᠭᠦᠯᠦᠯᠭᠡ ᠶᠢᠨ ᠠᠵᠢᠯᠯᠠᠭ᠎ᠠ ᠶᠢ ᠡᠷᠬᠢᠯᠡᠪᠡ᠃      ᠲᠣᠰ ᠤᠳᠠᠭᠠᠨ ᠤ ᠦᠵᠡᠭᠦᠯᠦᠯᠭᠡ ᠶᠢᠨ ᠲᠣᠭᠯᠠᠯᠲᠠ ᠳᠤ ᠣᠷᠣᠯᠴᠠᠭᠰᠠᠨ 5 ᠡᠩᠨᠡᠭᠡ ᠪᠣᠯ ᠲᠤᠭᠳᠠᠬᠤ ᠰᠢᠶᠠᠨ ᠤ ᠪᠡᠶ᠎ᠡ ᠴᠢᠭᠢᠷᠠᠭᠵᠢᠭᠤᠯᠬᠤ ᠡᠩᠨᠡᠭᠡ ᠶᠢᠨ ᠳᠣᠲᠣᠷᠠᠬᠢ ᠳᠠᠭᠠᠭᠤᠯᠤᠭᠴᠢ ᠡᠩᠨᠡᠭᠡ ᠪᠣᠯᠣᠨ᠎ᠠ᠂ ᠨᠡᠶᠢᠲᠡ 80 ᠭᠠᠷᠤᠢ ᠬᠥᠮᠥᠨ ᠦᠵᠡᠭᠦᠯᠦᠯᠭᠡ ᠶᠢᠨ ᠲᠣᠭᠯᠠᠯᠲᠠ ᠳᠤ ᠣᠷᠣᠯᠴᠠᠵᠠᠢ᠃ ᠵᠧᠨ ᠠᠢ ᠪᠡᠶ᠎ᠡ ᠴᠢᠭᠢᠷᠠᠭᠵᠢᠭᠤᠯᠬᠤ ᠠᠩᠭᠢ   ᠶᠢᠨ ᠲᠣᠭᠯᠠᠭᠰᠠᠨ ︽ᠲᠡᠭᠷᠢ   ᠶᠢᠨ ᠰᠠᠯᠬᠢ︾ ᠨᠢ ᠲᠤᠰ ᠤᠳᠠᠭᠠᠨ ᠤ ᠠᠵᠢᠯᠯᠠᠭ᠎ᠠ   ᠶᠢᠨ ᠬᠥᠰᠢᠭᠡ   ᠶᠢ ᠨᠡᠭᠡᠭᠡᠵᠡᠢ᠃ ᠵᠠᠯᠭᠠᠭᠠᠳ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ︾᠂  ᠰᠢᠤᠸᠠᠨ ᠯᠢ ᠠᠩᠭᠢ ᠶᠢᠨ ︽ᠨᠤᠲᠤᠭ ᠤᠨ ᠳᠠᠭᠤᠤ ᠪᠠᠨ ᠨᠠᠮ ᠳᠠᠭᠠᠨ ᠳᠠᠭᠤᠯᠠᠶ᠎ᠠ︾᠂ ᠶᠢᠩ ᠽᠢ ᠪᠡᠶ᠎ᠡ ᠴᠢᠭᠢᠷᠠᠭᠵᠢᠭᠤᠯᠬᠤ ᠠᠩᠭᠢ ᠶᠢᠨ ︽ᠨᠠᠢᠮᠠᠨ ᠬᠡᠮᠡᠷᠯᠢᠭ︾᠂ ᠬᠠᠮᠤᠭ ᠰᠡᠭᠦᠯ ᠳᠤᠨᠢ ᠬᠤᠩ ᠶᠤᠸᠠᠨ ᠵᠡᠪᠰᠡᠭ ᠤᠨ ᠡᠷᠳᠡᠮ ᠤᠨ ᠣᠷᠳᠣᠨ ᠤ ︽ ᠲᠠᠢ ᠵᠢᠢ ᠠᠷᠪᠠᠨ ᠭᠤᠷᠪᠠᠨ ᠮᠠᠶ᠋ᠢᠭ︾ ᠪᠣᠯᠣᠨ᠎ᠠ᠃ ᠤᠶᠠᠨ ᠬᠠᠳᠠᠨ ᠪᠡᠶ᠎ᠡ ᠴᠢᠭᠢᠷᠠᠭᠵᠢᠭᠤᠯᠬᠤ ᠲᠠᠮᠢᠷ᠂ ᠰᠡᠳᠬᠢᠯ ᠳᠣᠭᠳᠣᠯᠤᠮ᠎ᠠ ᠠᠭᠤᠳᠠᠮ ᠲᠠᠯᠠᠪᠠᠢ ᠶᠢᠨ ᠪᠥᠵᠢᠭ᠂ ᠤᠷᠢ ᠵᠠᠯᠠᠭᠤ ᠨᠠᠰᠤᠨ ᠤ ᠭᠤᠸᠠᠵᠢᠯ ᠤᠨ ᠲᠠᠮᠢᠷ ᠵᠡᠷᠭᠡ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠲᠣᠭᠯᠠᠯᠲᠠ ᠨᠢ ᠲᠤᠬᠠᠢ ᠶᠢᠨ ᠲᠠᠯᠠᠪᠠᠢ ᠳᠤ ᠪᠠᠶᠢᠭᠰᠠᠨ ᠬᠦᠨᠳᠦᠲᠦ ᠵᠣᠴᠢᠳ ᠪᠣᠯᠣᠨ ᠣᠪᠣᠭᠠᠷᠠᠨ ᠦᠵᠡᠵᠦ ᠪᠠᠶᠢᠭᠰᠠᠨ ᠤᠯᠠᠨ ᠲᠦᠮᠡᠨ ᠤ ᠰᠠᠶᠢᠨ ᠲᠠᠭᠤᠨ ᠢ ᠴᠤᠤᠷᠢᠶᠠᠲᠤᠭᠤᠯᠪᠠ᠃      ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠪᠡᠶ᠎ᠡ ᠴᠢᠭᠢᠷᠠᠭᠵᠢᠭᠤᠯᠬᠤ ᠳᠤᠷᠠᠲᠠᠢ ᠬᠥᠮᠥᠰ ᠲᠤ ᠰᠣᠯᠢᠯᠴᠠᠨ ᠳᠡᠯᠭᠡᠨ ᠦᠵᠡᠭᠦᠯᠬᠦ ᠲᠠᠪᠴᠠᠩ ᠬᠠᠩᠭᠠᠬᠤ ᠪᠠᠷ ᠪᠠᠷᠠᠬᠤ ᠦᠭᠡᠢ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠣᠯᠠᠨ ᠲᠦᠮᠡᠨ ᠤ ᠰᠠᠭᠤᠷᠢ ᠶᠢ ᠲᠠᠯᠪᠢᠵᠤ ᠥᠭᠬᠦ ᠪᠣᠯᠣᠨ᠎ᠠ᠃ ᠡᠭᠦᠨ ᠤ ᠵᠡᠷᠭᠡᠴᠡᠭᠡᠪᠡᠷ᠂ ᠳᠠᠭᠤᠤ ᠪᠥᠵᠢᠭ ᠤᠨ ᠲᠣᠭᠯᠠᠯᠲᠠ ᠵᠡᠷᠭᠡ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠷᠭ᠎ᠠ ᠮᠠᠶ᠋ᠢᠭ ᠢ ᠠᠰᠢᠭᠯᠠᠨ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠬᠠᠮᠲᠤ ᠵᠠᠪᠰᠢᠶᠠᠨ ᠢ ᠳᠠᠯᠢᠮᠳᠠᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠤᠬᠠᠭᠤᠯᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤᠮᠳᠠ ᠪᠠᠰᠠ ᠨᠡᠩ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1