ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠳᠣᠯᠣᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/13
      5 ᠳ᠋ᠤᠭᠠᠷ ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠪᠠ ᠳᠠᠷᠠᠭ᠎ᠠ ᠨᠢᠭᠡ ᠱᠠᠲᠤᠨ ᠤ ᠠᠵᠤ ᠠᠬᠤᠢ ᠶᠢᠨ ᠠᠵᠢᠯ ᠤᠨ ᠲᠣᠬᠢᠷᠠᠭᠤᠯᠤᠯᠲᠠ ᠶᠢᠨ ᠲᠤᠬᠠᠢ ᠬᠠᠮᠢᠶ᠎ᠠ ᠪᠦᠬᠦᠢ ᠵᠣᠷᠢᠭ ᠰᠠᠨᠠᠭ᠎ᠠ ︾᠂ ︽ᠲᠣᠭᠲᠠᠬᠤ ᠰᠢᠶᠠᠨ ᠤ 2022 ᠣᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠢᠯᠡ ᠪᠠᠷ ᠠᠵᠢᠯᠲᠠᠨ ᠡᠯᠰᠡᠬᠦ ᠶᠢᠨ ᠬᠡᠷᠡᠭᠵᠢᠭᠦᠯᠬᠦ ᠲᠥᠰᠥᠯ︾ ︽ᠲᠣᠭᠲᠠᠬᠤ ᠰᠢᠶᠠᠨ ᠤ ᠬᠥᠬᠡᠬᠤᠲᠠ ᠪᠤᠭᠤᠲᠤ ᠣᠷᠳᠣᠰ ᠤᠨ ︿ᠨᠢᠭᠡ ᠴᠠᠭ ᠤᠨ ᠬᠤᠲᠠ ᠶᠢᠨ ᠲᠣᠭᠤᠷᠢᠭ﹀ ᠤᠨ ᠪᠦᠲᠦᠭᠡᠨ ᠪᠠᠶᠢᠭᠤᠯᠤᠯᠲᠠ ᠳᠤ ᠠᠭᠤᠰᠤᠯᠴᠠᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2022 ᠣᠨ ︱ 2024 ᠣᠨ︶︾ ︽ᠲᠣᠭᠲᠠᠬᠤ ᠰᠢᠶᠠᠨ ᠤ ︽ᠣᠷᠣᠨ ᠤ ᠲᠥᠪ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠬᠤᠲᠠ ᠶᠢᠨ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2022 ︱ 2024 ᠣᠨ︶︾ ︽ᠲᠣᠭᠲᠠᠬᠤ ᠰᠢᠶᠠᠨ ᠤ ᠮᠣᠩᠭᠤᠯ ᠣᠷᠣᠰ ᠡᠸᠦ᠋ᠷᠦᠫᠡ ᠳᠤ ᠬᠠᠨᠳᠤᠭᠤᠯᠤᠭᠰᠠᠨ ︽ᠭᠠᠳᠠᠭᠠᠳᠤ ᠨᠡᠭᠡᠭᠡᠯᠲᠡ ᠶᠢᠨ ᠲᠣᠭᠤᠷᠢᠭ︾ ᠢ ᠪᠠᠶᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2022 ︱ 2024 ᠣᠨ︶︾ ᠶᠢ ᠤᠯᠠᠮᠵᠢᠯᠠᠨ ᠰᠤᠷᠤᠯᠴᠠᠵᠤ᠂ ᠰᠤᠳᠤᠯᠤᠨ ᠶᠠᠷᠢᠯᠴᠠᠵᠤ ᠵᠠᠷᠴᠢᠮ ᠳᠡᠭᠡᠷ᠎ᠡ ᠪᠠᠨ ᠪᠠᠲᠤᠯᠠᠪᠠ᠂ ᠬᠤᠷᠠᠯ ᠠᠴᠠ ᠪᠠᠰᠠ ᠬᠠᠮᠢᠶ᠎ᠠ ᠪᠦᠬᠦᠢ ᠠᠵᠢᠯ ᠢ ᠰᠤᠳᠤᠯᠤᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ᠂ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠪᠠ ᠲᠠᠷᠠᠭᠠᠴᠢ ᠶᠢᠨ ᠱᠠᠲᠤᠨ ᠤ ᠠᠵᠤ ᠠᠬᠤᠢ ᠶᠢᠨ ᠠᠵᠢᠯ ᠤᠨ ᠲᠣᠬᠢᠷᠠᠭᠤᠯᠤᠯᠲᠠ ᠶᠢᠨ ᠲᠤᠬᠠᠢ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠭᠤᠣᠯᠳᠠᠯᠭ᠎ᠠ ᠲᠠᠢ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠳᠡᠭᠡᠷ᠎ᠡ ᠬᠠᠭᠠᠰ ᠵᠢᠯ ᠤᠨ ᠬᠤᠭᠤᠴᠠᠭ᠎ᠠ ᠶᠢ ᠬᠠᠭᠠᠰ ᠠᠴᠠ ᠬᠡᠲᠦᠷᠡᠭᠦᠯᠵᠦ᠂ ᠡᠭᠦᠷᠭᠡ ᠶᠢ ᠬᠠᠭᠠᠰ   ᠠᠴᠠ ᠬᠡᠲᠦᠷᠡᠭᠦᠯᠵᠦ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢ ᠵᠢᠯ ᠤᠨ ᠡᠬᠢᠨ ᠤ ᠵᠢᠱᠢᠭᠰᠡᠨ ᠬᠠᠷᠠᠯᠲᠠ ᠳᠤ ᠬᠦᠷᠦᠭᠦᠯᠬᠦ ᠶᠢ ᠦᠨᠡᠨᠬᠦ ᠪᠠᠳᠤᠯᠠᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠬᠦᠨᠳᠦ ᠡᠭᠦᠷᠭᠡ ᠶᠢ ᠪᠠᠲᠤ ᠡᠭᠦᠷᠭᠡᠯᠡᠵᠦ᠂ ᠬᠠᠪᠤᠷ ᠤᠨ ᠲᠠᠷᠢᠶᠠᠯᠠᠭ᠎ᠠ ᠶᠢ ᠰᠠᠶᠢᠲᠤᠷ ᠪᠡᠶᠡᠯᠡᠭᠦᠯᠵᠦ᠂ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ ᠲᠠᠷᠢᠬᠤ᠂ ᠪᠠᠭᠲᠠᠭᠠᠮᠵᠢᠲᠠᠢ ᠲᠠᠷᠢᠶᠠᠯᠠᠩ ᠮᠠᠯ ᠠᠵᠤ ᠠᠬᠤᠢ ᠶᠢᠨ ᠺᠣᠮᠫᠠᠨᠢ ᠶᠢᠨ 5.3 ᠲᠦᠮᠡᠨ ᠮᠦ ᠶᠢᠨ ᠬᠡᠪᠴᠢᠶᠡᠵᠢᠭᠦᠯᠦᠭᠰᠡᠨ ᠲᠠᠷᠢᠮᠠᠯ ᠤᠨ ᠲᠦᠷᠦᠯ ᠵᠦᠢᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠯᠢ ᠰᠢᠩ᠂ ᠱᠧᠩ ᠬᠤᠩ ᠲᠦᠮᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠪᠠ ᠢᠯᠢ ᠶᠢᠨ ᠪᠣᠬᠢᠷᠳᠤᠯ ᠦᠭᠡᠢ ᠣᠶᠤᠨᠲᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠮᠥᠷᠳᠡᠨ ᠲᠣᠬᠢᠷᠠᠭᠤᠯᠬᠤ ᠪᠠ ᠳᠠᠭᠠᠵᠤ ᠦᠢᠯᠡᠴᠢᠯᠡᠬᠦ ᠶᠢ ᠴᠢᠩᠭᠠᠳᠬᠠᠵᠤ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠪᠠ ᠲᠤᠭ᠎ᠠ ᠪᠦᠷᠢᠳᠬᠡᠯ ᠢ ᠬᠥᠮᠥᠷᠭᠡ ᠳᠤ ᠣᠷᠣᠭᠤᠯᠬᠤ ᠶᠢ ᠲᠦᠷᠭᠡᠳᠬᠡᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠡᠷᠲᠡᠬᠡᠨ ᠪᠤᠢ ᠪᠣᠯᠭᠠᠬᠤ ᠬᠡᠷᠡᠭᠲᠡᠢ᠃ ᠬᠦᠴᠦ ᠪᠠᠨ ᠲᠥᠪᠯᠡᠷᠡᠭᠦᠯᠦᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠠᠬᠢᠭᠤᠯᠵᠤ᠂ ᠬᠤᠳᠠᠯᠳᠤᠭᠠᠴᠢᠨ ᠤᠷᠢᠬᠤ ᠪᠦᠯᠬᠦᠮ ᠨᠡᠶᠢᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠰᠢᠨ᠎ᠡ ᠲᠥᠷᠥᠯ ᠵᠦᠢᠯ᠂ ᠰᠠᠶᠢᠨ ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠵᠤ᠂ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠶᠡᠬᠡᠪᠡᠷ ᠲᠦᠯᠬᠢᠨ ᠠᠬᠢᠭᠤᠯᠵᠤ᠂ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠂ ᠠᠵᠢᠯ ᠡᠬᠢᠯᠡᠭᠦᠯᠦᠭᠡᠳᠦᠢ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠴᠢᠩᠭ᠎ᠠ ᠠᠩᠬᠠᠷᠴᠤ᠂ ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠲᠥᠷᠥᠯ ᠵᠦᠢᠯ ᠢ ᠲᠥᠯᠥᠪᠯᠡᠭᠡ ᠶᠣᠰᠣᠭᠠᠷ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠠᠵᠤ ᠠᠬᠤᠢ ᠶᠢᠨ ᠬᠥᠭᠵᠢᠯᠲᠡ ᠶᠢᠨ ᠶᠡᠭᠡ ᠲᠠᠯ᠎ᠠ ᠶᠢ ᠪᠥᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠴᠢᠩᠭ᠎ᠠ ᠠᠩᠬᠠᠷᠴᠤ᠂ ︽ᠥᠭᠡᠳᠡᠯᠡᠨ ᠳᠠᠪᠰᠢᠬᠤ︾ ᠡᠷᠴᠢᠮ ᠢᠶᠠᠨ ᠴᠢᠩᠭᠠᠷᠠᠭᠤᠯᠤᠨ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠡᠷᠭᠦᠯᠲᠡ ᠶᠢᠨ ᠴᠢᠨᠠᠷᠲᠠᠢ ᠨᠡᠮᠡᠭᠳᠡᠯ ᠢ ᠲᠦᠷᠭᠡᠳᠬᠡᠵᠦ᠂ ︽ᠭᠤᠷᠪᠠ ᠶᠢ ᠤᠷᠲᠤᠳᠬᠠᠵᠤ ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠦᠷᠢᠯᠡᠵᠦ ᠨᠢᠭᠡ ᠶᠢ ᠪᠠᠭᠤᠷᠠᠭᠤᠯᠬᠤ︾ ᠵᠡᠷᠭᠡ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠨᠢᠭᠡ ᠶᠢ ᠪᠠᠭᠤᠷᠠᠭᠤᠯᠬᠤ︾ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠪᠦᠷᠢᠳᠬᠡᠨ ᠬᠥᠮᠥᠷᠭᠡ ᠳᠤ ᠣᠷᠣᠭᠤᠯᠬᠤ ᠶᠢ ᠴᠢᠩᠭ᠎ᠠ ᠠᠳᠬᠤᠵᠤ᠂ ᠬᠤᠶᠠᠳᠤᠭᠠᠷ ᠤᠯᠠᠷᠢᠯ ᠤᠨ ︽ᠴᠠᠭ ᠬᠠᠭᠠᠰ ᠢ ᠥᠩᠭᠡᠷᠡᠵᠦ᠂ ᠡᠭᠦᠷᠭᠡ ᠬᠠᠭᠠᠰ ᠢ ᠳᠠᠪᠠᠭ᠋ᠤ︾ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠢᠲᠡᠭᠡᠯ ᠵᠣᠷᠢᠭ ᠢᠶᠠᠨ ᠪᠠᠲᠤᠳᠬᠠᠵᠤ᠂ ᠬᠢᠵᠢᠭ ᠢ ᠡᠰᠡᠷᠭᠦᠴᠡᠬᠦ ᠲᠡᠮᠡᠴᠡᠯ ᠤᠨ ᠪᠤᠳᠤᠯᠢᠶᠠᠨᠲᠤ ᠴᠢᠨᠠᠷ ᠪᠠ ᠪᠡᠷᠬᠡ ᠬᠠᠲᠠᠭᠤᠵᠢᠯᠲᠤ ᠴᠢᠨᠠᠷ ᠢ ᠭᠦᠨᠵᠡᠭᠡᠢ ᠲᠠᠨᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠠᠯᠬᠠᠪᠴᠢ ᠶᠢ ᠡᠷᠡᠰ ᠪᠠᠲᠤ ᠪᠠᠶᠢᠭᠤᠯᠵᠤ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠬᠡᠷᠡᠭᠵᠢᠭᠦᠯᠵᠦ᠂ ᠵᠠᠮ ᠬᠠᠷᠢᠯᠴᠠᠭᠠᠨ ᠤ ᠪᠠᠶᠢᠴᠠᠭᠠᠨ ᠰᠢᠯᠭᠠᠬᠤ ᠴᠢᠭ ᠢ ᠰᠠᠶᠢᠲᠤᠷ ᠡᠵᠡᠮᠳᠡᠨ᠂ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠸᠠᠺᠼᠢᠨ ᠤ ᠲᠠᠷᠢᠯᠭ᠎ᠠ ᠶᠢᠨ ᠡᠷᠴᠢᠮ ᠢ ᠴᠢᠩᠭᠠᠷᠠᠭᠤᠯᠤᠨ᠂ ᠲᠤᠰᠠᠭᠠᠷᠯᠠᠭᠰᠠᠨ ᠪᠠᠭᠤᠳᠠᠯ ᠤᠨ ᠨᠥᠭᠡᠴᠡᠯᠡᠬᠦ ᠠᠵᠢᠯ ᠢ ᠠᠬᠢᠭᠤᠯᠵᠤ᠂ ᠡᠳ᠋ ᠪᠣᠳᠠᠰ ᠤᠨ ᠨᠥᠭᠡᠴᠡᠯᠡᠯᠲᠡ ᠶᠢ ᠦᠷᠭᠦᠯᠵᠢᠯᠡᠨ ᠴᠢᠩᠭᠠᠳᠬᠠᠵᠤ᠂ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡ᠂ ᠬᠦᠢᠲᠡᠨ ᠬᠡᠯᠬᠢᠶᠡᠲᠦ ᠢᠳᠡᠭᠡᠨ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠵᠠᠩᠭᠢᠯᠠᠭ᠎ᠠ ᠶᠢᠨ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠢᠯᠪᠠᠷ ᠪᠤᠰᠤ ᠪᠠᠷ ᠣᠯᠣᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠲᠤ ᠰᠠᠬᠢᠨ᠎ᠠ᠃ ᠵᠠᠬᠢᠳᠠᠯ ᠰᠣᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠭᠤᠷᠪᠠ ᠶᠢ ᠪᠠᠶᠢᠴᠠᠭᠠᠵᠤ ᠨᠢᠭᠡ ᠶᠢ ᠬᠢᠵᠠᠭᠠᠷᠯᠠᠬᠤ︾ ᠶᠢ ᠦᠨᠡᠨ ᠬᠦ ᠥᠷᠨᠢᠭᠦᠯᠵᠦ᠂ ᠲᠣᠭᠲᠠᠭᠤᠨ ᠪᠠᠶᠢᠳᠠᠯ ᠳᠤ ᠬᠤᠯᠪᠣᠭᠳᠠᠭᠰᠠᠨ ᠠᠰᠠᠭᠤᠳᠠᠯ ᠢ ᠵᠢᠭᠰᠠᠭᠠᠨ ᠪᠠᠶᠢᠴᠠᠭᠠᠬᠤ᠂ ᠠᠷᠢᠯᠭᠠᠬᠤ᠂ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠬᠢᠵᠦ᠂ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠪᠠᠷ ᠨᠠᠮᠳᠠᠭᠤᠯᠤᠨ ᠲᠦᠪᠰᠢᠳᠬᠡᠵᠦ᠂ ᠲᠣᠭᠲᠠᠭᠤᠨ ᠪᠠᠶᠢᠳᠠᠯ ᠢ ᠬᠠᠮᠠᠭᠠᠯᠠᠬᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠲᠤ ᠪᠠᠬᠢ ᠪᠠᠶᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠵᠦ᠂ ᠠᠮᠤᠷ ᠲᠦᠪᠰᠢᠨ ᠢᠶᠠᠷ ᠬᠥᠭᠵᠢᠭᠦᠯᠬᠦ ᠡᠨᠡᠬᠦ ᠬᠥᠪᠴᠢ ᠶᠢ ᠴᠢᠩᠭᠠᠯᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ ᠭᠡᠪᠡ᠃      ᠰᠢᠶᠠᠨ ᠤ ᠤᠳᠤᠷᠢᠳᠤᠯᠭ᠎ᠠ ᠯᠢᠦ ᡁᠢ ᠴᠢᠶᠠᠩ᠂ ᠶᠠᠩ ᠶᠢᠨ᠂ ᠡᠯ᠎ᠡ ᠪᠠᠯᠭᠠᠰᠤ᠂ ᠬᠠᠲᠤᠨ ᠭᠤᠣᠯ ᠤᠨ ᠨᠤᠭᠤ ᠭᠠᠵᠠᠷ ᠢ ᠬᠠᠮᠢᠶᠠᠷᠤᠨ ᠬᠠᠮᠠᠭᠠᠯᠠᠬᠤ  ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1