︱ 2022 ᠣᠨ ᠤ 2 ᠳ᠋ᠤᠭᠠᠷ ᠰᠠᠷ᠎ᠠ ᠶᠢᠨ 10 ᠤ ᠡᠳᠦᠷ ᠬᠥᠬᠡᠬᠤᠲᠠ ᠶᠢᠨ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ | ᠲᠥᠯᠥᠭᠡᠯᠡᠭᠴᠢᠳ ᠠ᠋᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ | ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2021 ᠣᠨ ᠵᠢᠴᠢ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ | 2021 ᠣᠨ ᠳᠤ᠂ ᠪᠦᠬᠦ ᠬᠤᠲᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 3121.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6. | 5% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 9.5% | ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 12.3% ᠨᠡᠮᠡᠭᠳᠡᠵᠦ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 1104.7 ᠳ᠋ᠦᠩᠰᠢᠭᠤᠷ ᠲᠥᠭᠦᠷᠢᠭ | ᠪᠡᠶᠡᠯᠡᠭᠦᠯᠵᠦ᠂ 7% ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 228.9 | ᠳ᠋ᠦᠩᠰᠢᠭᠤᠷ ᠲᠥᠭᠦᠷᠢᠭ ᠪᠡᠶᠡᠯᠡᠭᠦᠯᠵᠦ᠂ 5.4% ᠨᠡᠮᠡᠭᠳᠡᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 53026 ᠲᠥᠭᠦᠷᠢᠭ | ᠪᠠ 22435 ᠲᠥᠭᠦᠷᠢᠭ ᠲᠤ ᠬᠦᠷᠴᠦ᠂ ᠲᠣᠰ ᠲᠣᠰ 6.5% ᠪᠠ 9.5% ᠨᠡᠮᠡᠭᠳᠡᠵᠦ᠂ ᠡᠯ᠎ᠡ ᠵᠦᠢᠯ ᠤᠨ | ᠭᠦᠢᠴᠡᠳᠬᠡᠯ ᠲᠤᠭ᠎ᠠ ᠴᠥᠮ ᠵᠢᠯ ᠤᠨ ᠡᠬᠢᠨ ᠤ ᠬᠠᠷᠠᠯᠲᠠ ᠶᠢ ᠳᠠᠪᠠᠭᠤᠯᠤᠨ ᠪᠡᠶᠡᠯᠡᠭᠦᠯᠪᠡ᠃ | ︵ᠨᠢᠭᠡ︶ ᠠᠵᠤ ᠠᠬᠤᠢ ᠶᠢᠨ ᠪᠣᠳᠠᠲᠤ ᠬᠦᠴᠦᠨ ᠯᠠᠪᠳᠠᠭᠤᠨ ᠢᠶᠠᠷ ᠳᠠᠪᠰᠢᠪᠠ᠃ ᠠᠮᠤ ᠪᠤᠳᠠᠭᠠᠨ ᠤ | ᠶᠡᠷᠦᠩᠬᠡᠢ ᠤᠨᠠᠯᠲᠠ 35.4 ᠳ᠋ᠦᠩᠰᠢᠭᠤᠷ ᠵᠢᠩ ᠳᠤ ᠬᠦᠷᠴᠦ᠂ ᠠᠷᠪᠠᠨ ᠨᠠᠢᠮᠠᠨ ᠵᠢᠯ ᠳᠠᠷᠠᠭᠠᠯᠠᠨ ᠡᠯᠪᠡᠭ | ᠬᠤᠷᠢᠶᠠᠯᠲᠠ ᠣᠯᠪᠠ︔ ᠮᠠᠯ ᠤᠨ ᠲᠤᠭ᠎ᠠ ᠲᠣᠯᠣᠭᠠᠢ ᠨᠡᠶᠢᠲᠡ 328.5 ᠲᠦᠮᠡ ᠳᠤ ᠬᠦᠷᠴᠦ᠂ 4% ᠨᠡᠮᠡᠭᠳᠡᠪᠡ︔ | 51.2 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ︔ | ︽ᠬᠤᠶᠠᠷ ᠪᠦᠲᠦᠭᠡᠭᠳᠡᠬᠦᠨ ᠨᠢᠭᠡ ᠢᠯᠡᠷᠬᠡᠶᠢᠯᠡᠯ︾ ᠤᠨ ᠪᠦᠲᠦᠭᠡᠭᠳᠡᠬᠦᠨ 23 ᠰᠢᠨ᠎ᠡ ᠪᠠᠷ ᠨᠡᠮᠡᠭᠳᠡᠵᠦ᠂ 17 | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ | ᠪᠦᠲᠦᠭᠡᠭᠳᠡᠬᠦᠨ ᠤ ᠭᠠᠷᠴᠠᠭ︾ ᠲᠤ ᠣᠷᠣᠵᠤ᠂ ︽ᠴᠡᠯᠡᠭᠡᠷ ᠲᠠᠯ᠎ᠠ ᠶᠢᠨ ᠦᠨᠦᠷ ᠠᠮᠲᠠ︾ ᠨᠢ ︽ᠳᠤᠮᠳᠠᠳᠤ | ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠭᠤᠨ ᠬᠦᠴᠦᠷᠬᠡᠭ ᠪᠡᠯᠭᠡ ᠲᠡᠮᠳᠡᠭ ᠤᠨ ᠴᠢᠨᠠᠷᠲᠠᠢ ᠲᠦᠷᠦᠯ | ᠲᠡᠮᠳᠡᠭᠲᠦ︾ ᠶᠢᠨ ᠢᠷᠠᠭᠤ ᠠᠯᠳᠠᠷ ᠢ ᠭᠥᠷᠳᠡᠪᠡ᠃ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠤᠨ | ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ︽ᠰᠦ ᠶᠢᠨ ᠦᠢᠯᠡᠰ ᠤᠨ | ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ︾ ︽ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ | ᠲᠦᠯᠬᠢᠨ ᠠᠬᠢᠭᠤᠯᠬᠤ ᠠᠷᠪᠠᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠵᠡᠷᠭᠡ ᠶᠢ ᠲᠣᠭᠲᠠᠭᠠᠨ | ᠨᠡᠶᠢᠲᠡᠯᠡᠪᠡ︔ ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠮᠧᠩ ᠨᠢᠦ ᠶᠢᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ | ᠲᠦᠭᠦᠬᠡᠢ ᠰᠦ ᠶᠢᠨ ᠦᠢᠯᠡᠳᠪᠦᠷᠢ᠂ ᠵᠧᠩ ᠳ᠋ᠡ ᠪᠦᠯᠦᠭᠯᠡᠯ ᠤᠨ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠲᠦᠷᠦᠯ | ᠵᠦᠢᠯ ᠲᠤᠰ ᠵᠢᠯ ᠳᠡᠭᠡᠨ ᠠᠵᠢᠯ ᠢᠶᠠᠨ ᠡᠬᠢᠯᠡᠭᠦᠯᠵᠦ᠂ ᠲᠤᠰ ᠵᠢᠯ ᠳᠡᠭᠡᠨ ᠠᠰᠢᠭᠯᠠᠯᠲᠠ ᠳᠤ ᠣᠷᠣᠪᠠ︔ ᠵᠥᠩ | ᠬᠤᠸᠠᠨ ᠤ ᠲᠠᠪᠤᠳᠤᠭᠠᠷ ᠬᠤᠭᠤᠴᠠᠭ᠎ᠠ᠂ ᠬᠤᠸᠠ ᠶᠣᠣ ᠬᠡᠷᠡᠯ ᠴᠠᠬᠢᠯᠭᠠᠨ ᠤ ᠨᠢᠭᠡᠳᠦᠭᠡᠷ ᠬᠤᠭᠤᠴᠠᠭ᠎ᠠ᠂ ᠳ᠋ᠦᠩ ᠹᠠᠩ | ᠬᠡᠲᠦ ᠡᠭᠦᠯᠡᠨ ᠪᠣᠳᠣᠯᠲᠠ ᠶᠢᠨ ᠥᠪᠥᠷ ᠮᠣᠩᠭᠤᠯ ᠤᠨ ᠲᠡᠰ ᠠᠴᠠ ᠳᠠᠪᠠᠭᠰᠠᠨ ᠺᠤᠮᠫᠢᠥ᠋ᠲ᠋ᠧᠷ ᠤᠨ ᠨᠢᠭᠡᠳᠦᠭᠡᠷ | ᠬᠤᠭᠤᠴᠠᠭ᠎ᠠ ᠵᠡᠷᠭᠡ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ︔ ᠳ᠋ᠠ | ᠲᠠᠩ ᠤᠨ ᠵᠠᠭᠤᠨ ᠲᠦᠮᠡᠨ ᠤ ᠳᠡᠰ ᠤᠨ ᠰᠢᠨ᠎ᠡ ᠡᠨᠧᠷᠭᠢ ᠶᠢ ᠨᠡᠶᠢᠯᠡᠭᠦᠯᠵᠦ ᠭᠠᠳᠠᠭᠰᠢ ᠬᠦᠷᠭᠡᠬᠦ᠂ ᠳᠤᠮᠳᠠᠳᠤ | ᠤᠯᠤᠰ ᠤᠨ ᠪᠠᠩᠬᠢ ᠶᠢᠨ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠵᠡᠷᠭᠡ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ︔ ᠰᠢᠦᠢ ᠶᠠᠩ ᠵᠥᠩ ᠷᠠᠨ ᠤ 300 ᠲᠦᠮᠡᠨ ᠲᠣᠨ | ᠬᠡᠦᠷᠰᠢᠭᠦᠯᠬᠦ ᠵᠢᠴᠢ ᠤᠰᠤᠲᠥ᠋ᠷᠥᠭᠴᠢ ᠦᠢᠯᠡᠳᠴᠦ ᠶᠡᠷᠦᠩᠬᠡᠶᠢᠯᠡᠨ ᠠᠰᠢᠭᠯᠠᠬᠤ᠂ ᠶᠢᠨ ᠾᠧ ᠶᠢᠤ ᠪᠧᠨ ᠤ | ᠠᠮᠢᠲᠠᠨ ᠤ ᠸᠠᠺᠼᠢᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠶᠢᠨ ᠱᠠᠨ ᠴᠠᠬᠢᠯᠭᠠᠨ ᠤ ᠦᠢᠯᠡᠳᠪᠦᠷᠢ ᠶᠢᠨ | ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠪᠠ︔ ᠵᠢᠦ ᠲᠠᠢ ᠶᠢᠨ100 ᠲᠦᠮᠡᠨ | ᠲᠣᠨ ᠡᠲ᠋ᠠ ᠬᠤᠶᠠᠷᠴᠢ ᠠᠯᠺᠣᠣᠯ ᠤᠨ ᠲᠦᠷᠦᠯ ᠵᠦᠢᠯ ᠲᠤᠷᠰᠢᠨ ᠲᠣᠬᠢᠷᠠᠭᠤᠯᠬᠤ ᠱᠠᠲᠤᠨ ᠳᠤ ᠣᠷᠣᠪᠠ︔ | ᠬᠥᠬᠡᠬᠤᠲᠠ ᠶᠢᠨ ᠤᠯᠤᠰ ᠤᠨ ᠳᠡᠰ ᠤᠨ ᠢᠨᠲ᠋ᠧᠷ ᠰᠦᠯᠵᠢᠶᠡᠨ ᠤ ᠭᠤᠣᠯᠯᠠᠭᠴᠢ ᠰᠢᠭᠤᠳ ᠬᠤᠯᠪᠣᠯᠲᠠ ᠶᠢᠨ ᠴᠡᠭ ᠢ | ᠵᠢᠩᠬᠢᠨᠢ ᠪᠠᠷ ᠨᠠᠪᠲᠠᠷᠡᠭᠦᠯᠵᠦ᠂ ᠤᠯᠤᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠢᠯᠡᠷᠬᠡᠶᠢᠯᠡᠯ ᠤᠨ | ᠵᠠᠳᠠᠯᠤᠯᠲᠠ ᠶᠢᠨ ᠶᠡᠷᠦᠩᠬᠡᠶᠢᠯᠡᠭᠰᠡᠨ ᠬᠡᠯᠪᠡᠷᠢ ᠶᠢᠨ ᠬᠤᠶᠠᠳᠤᠭᠠᠷ ᠳᠡᠰ ᠤᠨ ᠵᠠᠩᠭᠢᠯᠠᠭ᠎ᠠ ᠶᠢᠨ ᠴᠡᠭ ᠢ ᠰᠦᠯᠵᠢᠶᠡᠨ ᠳᠤ | ᠣᠷᠣᠭᠤᠯᠤᠨ ᠠᠵᠢᠯᠯᠠᠭᠤᠯᠵᠤ᠂ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠪᠣᠳᠣᠯᠭ᠎ᠠ ᠶᠢᠨ ᠬᠦᠴᠦᠨ ᠤ | ᠰᠦᠯᠵᠢᠶᠡᠨ ᠤ ᠤᠯᠤᠰ ᠤᠨ ᠵᠠᠩᠭᠢᠯᠠᠭ᠎ᠠ ᠶᠢᠨ ᠴᠡᠭ ᠢᠶᠠᠷ ᠵᠥᠪᠰᠢᠶᠡᠷᠡᠭᠳᠡᠵᠦ᠂ ᠪᠦᠬᠦ ᠤᠯᠤᠰ ᠤᠨ ᠠᠩᠬᠠᠨ ᠤ | ᠪᠦᠯᠦᠭ ︽ᠮᠢᠩᠭᠠᠨ ᠮᠧᠭ᠎ᠠ ᠶᠢᠨ ᠬᠤᠳᠠ︾ ᠪᠠᠷ ᠠᠮᠵᠢᠯᠲᠠ ᠲᠠᠢ ᠰᠣᠩᠭᠤᠭᠳᠠᠪᠠ᠃ ᠤᠮᠠᠷᠠᠲᠤ ᠬᠡᠰᠡᠭ ᠤᠨ ᠴᠡᠯᠡᠭᠡᠷ | ᠲᠠᠯ᠎ᠠ᠂ ᠡᠮᠦᠨᠡᠲᠦ ᠬᠡᠰᠡᠭ ᠤᠨ ᠬᠠᠲᠤᠨ ᠭᠤᠣᠯ ᠤᠨ ᠪᠤᠯᠤᠩ ᠤᠨ ᠦᠵᠡᠮᠵᠢ ᠶᠢᠨ ᠰᠣᠶᠣᠯ ᠵᠢᠭᠤᠯᠴᠢᠯᠠᠯ ᠤᠨ | ᠪᠦᠰᠡ ᠶᠢᠨ ᠪᠦᠲᠦᠭᠡᠨ ᠪᠠᠶᠢᠭᠤᠯᠤᠯᠲᠠ ᠶᠢ ᠤᠷᠤᠭᠰᠢᠲᠠᠢ ᠠᠬᠢᠭᠤᠯᠵᠤ᠂ ᠬᠤᠸᠠ ᠢ ᠰᠢᠶᠦ᠋ᠩ ᠳ᠋ᠢ ᠴᠡᠯᠡᠭᠡᠷ | ᠲᠠᠯ᠎ᠠ ᠶᠢᠨ ᠣᠳᠣᠨ ᠵᠦᠴᠦᠭᠡ ᠶᠢᠨ ᠲᠢᠶᠠᠲᠷ᠂ ᠮᠣᠷᠢᠨ ᠬᠤᠭᠤᠷ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ | ᠂ ᠴᠡᠯᠡᠭᠡᠷ ᠲᠠᠯ᠎ᠠ ᠶᠢᠨ ᠬᠠᠭᠤᠷᠠᠢ ᠭᠠᠵᠠᠷ ᠤᠨ ᠵᠢᠭᠤᠯᠴᠢᠯᠠᠯ ᠤᠨ ᠭᠡᠷ ᠲᠡᠷᠭᠡ ᠶᠢᠨ ᠪᠠᠭᠤᠴᠠ ᠵᠡᠷᠭᠡ ᠰᠣᠶᠣᠯ | ᠵᠢᠭᠤᠯᠴᠢᠯᠠᠯ ᠤᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ︔ ᠶᠡᠭᠡ ᠲᠦᠷᠭᠡᠨ | ᠭᠤᠣᠯ ᠤᠨ ᠴᠡᠷᠢᠭ ᠤᠨ ᠶᠠᠪᠤᠳᠠᠯ ᠤᠨ ᠭᠤᠣᠯ ᠰᠡᠳᠦᠪᠲᠦ ᠴᠡᠴᠡᠷᠯᠢᠭ ᠠᠩᠬᠠᠨ ᠤ ᠲᠥᠯᠥᠪ ᠲᠠᠢ ᠪᠣᠯᠵᠤ᠂ ᠮᠠ | ᠽᠥᠩ ᠱᠠᠨ ᠠᠭᠤᠯᠠ ᠶᠢᠨ ᠴᠠᠨᠠᠯᠠᠯᠲᠠ ᠶᠢᠨ ᠲᠠᠯᠠᠪᠠᠢ ᠡᠬᠢᠯᠡᠨ ᠠᠵᠢᠯᠯᠠᠵᠤ᠂ ᠡᠪᠦᠯ ᠤᠨ ᠤᠯᠠᠷᠢᠯ ᠤᠨ ᠮᠥᠰᠥ | ᠴᠠᠰᠤᠨ ᠤ ᠵᠢᠭᠤᠯᠴᠢᠯᠠᠯ ᠰᠢᠨ᠎ᠡ ᠬᠠᠯᠠᠭᠤᠨ ᠥᠷᠨᠢᠯᠲᠡ ᠭᠠᠷᠪᠠ︔ ᠤᠰᠤᠨ ᠤ ᠡᠷᠭᠢ ᠶᠢᠨ ᠰᠡᠯᠡᠭᠦᠴᠡᠯ ᠤᠨ ᠵᠡᠭᠡᠯᠢ᠂ | ᠸᠠᠩ ᠹᠦ᠋ ᠵᠢᠩ ᠤᠤᠯᠠᠢ᠂ ᠭᠠᠵᠠᠷ ᠳᠣᠣᠷᠠᠬᠢ ᠲᠡᠮᠦᠷ ᠵᠠᠮ ᠤᠨ ᠰᠦᠯᠵᠢᠶᠡᠨ ᠤ ᠣᠳᠣᠨ ᠵᠡᠭᠡᠯᠢ ᠵᠡᠷᠭᠡ ᠨᠢ ᠥᠷᠭᠡᠨ | ᠤᠯᠠᠨ ᠲᠦᠮᠡᠨ ᠤ ᠰᠡᠯᠡᠭᠦᠴᠡᠯ ᠤᠨ ᠬᠡᠷᠡᠭᠯᠡᠭᠡᠨ ᠤ ᠰᠢᠨ᠎ᠡ ᠵᠤᠭᠠᠴᠠᠬᠤ ᠭᠠᠵᠠᠷ ᠪᠣᠯᠪᠠ︔ ᠪᠣᠭᠤᠮᠲᠠ ᠶᠢᠨ ᠬᠠᠭᠤᠴᠢᠨ | ᠵᠡᠭᠡᠯᠢ ᠶᠢᠨ ᠲᠡᠦᠬᠡ ᠰᠣᠶᠣᠯ ᠤᠨ ᠵᠡᠭᠡᠯᠢ ᠲᠣᠭᠤᠷᠢᠭ ᠨᠢ ᠨᠢᠭᠡᠳᠦᠭᠡᠷ ᠪᠦᠯᠦᠭ ᠤᠨ ᠤᠯᠤᠰ ᠤᠨ ᠲᠡᠰ ᠤᠨ | ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠯ ᠤᠨ ᠲᠣᠭᠤᠷᠢᠭ᠂ ᠨᠢᠭᠡᠳᠦᠭᠡᠷ ᠪᠦᠯᠦᠭ ᠤᠨ | ᠤᠯᠤᠰ ᠤᠨ ᠲᠡᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢᠶᠠᠷ ᠰᠣᠩᠭᠤᠭᠳᠠᠪᠠ︔ ᠢᠯᠢ ᠶᠢᠨ | ᠰᠦ ᠶᠢᠨ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠨᠢ ᠨᠢᠭᠡᠳᠦᠭᠡᠷ | ᠪᠦᠯᠦᠭ ᠤᠨ ᠤᠯᠤᠰ ᠤᠨ ᠲᠡᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠪᠡ︔ | ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠨᠢ ᠤᠯᠤᠰ ᠤᠨ 4A ᠲᠠᠰ ᠤᠨ | ᠦᠵᠡᠮᠵᠢ ᠶᠢᠨ ᠣᠷᠣᠨ ᠢᠶᠠᠷ ᠦᠨᠡᠯᠡᠭᠳᠡᠪᠡ︔ ᠶᠦᠨ ᠳ᠋ᠡ᠂ ᠵᠥᠩ ᠲᠦᠩ᠂ ᠶᠤᠸᠠᠨ ᠲᠦᠩ᠂ ᠵᠢᠦ ᠵᠧᠦ ᠲᠦᠩ | ᠵᠡᠷᠭᠡ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠠᠩᠬᠠᠳᠠᠭᠴᠢ | ︽ᠴᠢᠩ ᠴᠧᠩ ᠨᠡᠷᠡᠮᠵᠢᠲᠦ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠡᠪᠲᠡᠷᠡᠨ ᠠᠵᠢᠯᠯᠠᠵᠤ᠂ | ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ | ᠬᠤᠲᠠ ᠪᠠᠷ ᠵᠥᠪᠰᠢᠶᠡᠷᠡᠭᠳᠡᠪᠡ᠃ | ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠰ ᠳᠠᠪᠰᠢᠵᠤ ᠳᠡᠭᠡᠭᠰᠢᠯᠡᠪᠡ᠃ | ᠪᠦᠬᠦ ᠨᠡᠶᠢᠭᠡᠮ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠶᠢᠨ ᠵᠠᠷᠤᠳᠠᠯ ᠤᠨ ᠣᠷᠣᠭᠤᠯᠤᠯᠲᠠ 50 | ᠳ᠋ᠦᠩᠰᠢᠭᠤᠷ ᠰᠢᠬᠠᠮ ᠲᠥᠭᠦᠷᠢᠭ ᠲᠤ ᠬᠦᠷᠪᠡ᠃ 2 ᠲᠥᠷᠥᠯ ᠵᠦᠢᠯ ᠳᠤ ︽ᠵᠠᠷᠯᠠᠯ ᠭᠥᠯᠢᠶᠡᠨ ᠬᠤᠰᠢᠭᠤᠷᠠᠨ | ᠠᠵᠢᠯᠯᠠᠵᠤ︾᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠲᠥᠷᠥᠯ ᠵᠦᠢᠯ ᠢ 22 | ᠬᠡᠷᠡᠭᠵᠢᠭᠦᠯᠪᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠵᠤ | ᠦᠢᠯᠡᠳᠪᠦᠷᠢ ᠶᠢᠨ ᠦᠢᠯᠡᠳᠪᠦᠷᠢᠯᠡᠯ ᠤᠨ ᠦᠷᠳᠡᠭ ᠲᠤ ᠡᠵᠡᠯᠡᠬᠦ ᠬᠤᠪᠢ ᠶᠢᠨ ᠵᠢᠩ ᠨᠢ ᠲᠦᠷᠦᠭᠦᠦ ᠵᠢᠯ 18. 9% | ᠪᠠᠶᠢᠭᠰᠠᠨ ᠠᠴᠠ ᠪᠠᠨ 28.1% ᠬᠦᠷᠪᠡ᠃ ᠴᠢᠨᠠᠷ ᠰᠠᠶᠢᠲᠠᠢ ᠴᠠᠷᠭᠠᠰᠤ ᠶᠢᠨ ᠮᠡᠷᠭᠡᠵᠢᠯ ᠤᠨ ᠪᠣᠭᠤᠮᠲᠠ | ᠰᠢᠪᠲᠤᠯᠤᠯᠲᠠ ᠶᠢᠨ 6 ᠵᠦᠢᠯ ᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠶᠢ ᠤᠯᠤᠰ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠳᠠᠩᠰᠠᠯᠠᠭᠤᠯᠵᠤ᠂ ᠤᠯᠤᠰ ᠤᠨ ᠰᠦ ᠶᠢᠨ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠴᠣᠬᠤᠯᠠᠪᠤᠷᠢ ᠶᠢ ᠣᠯᠪᠠ᠃ | ᠠᠺᠠᠳᠧᠮᠢᠴᠢ ᠶᠢᠨ ᠠᠵᠢᠯ ᠤᠨ ᠦᠷᠳᠡᠭᠡ 1᠂ ᠰᠤᠳᠤᠯᠤᠨ ᠨᠡᠭᠡᠭᠡᠬᠦ ᠪᠠᠶᠢᠭᠤᠯᠤᠮᠵᠢ 53᠂ ᠤᠯᠤᠰ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ 27 ᠶᠢ ᠰᠢᠨ᠎ᠡ ᠪᠠᠷ ᠨᠡᠮᠡᠪᠡ︔ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ᠂ ᠤᠯᠤᠰ ᠤᠨ ᠮᠡᠷᠭᠡᠵᠢᠯ ᠤᠨ ᠡᠭᠦᠳᠦᠯᠲᠡ ᠶᠢᠨ | ᠬᠤᠶᠠᠳᠤᠭᠠᠷ ᠳᠡᠰ ᠤᠨ ᠱᠠᠩᠨᠠᠯ᠂ ᠤᠯᠤᠰ ᠤᠨ ᠡᠭᠦᠳᠦᠯᠲᠡ ᠶᠢᠨ ᠨᠡᠶᠢᠭᠡᠮᠯᠢᠭ ᠤᠨ ᠠᠯᠳᠠᠨ ᠱᠠᠩᠨᠠᠯ ᠢ ᠲᠤᠰ ᠪᠦᠷᠢ | 1 ᠬᠦᠷᠲᠡᠪᠡ᠃ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠥᠬᠦ ᠤᠯᠤᠰ ᠲᠤ 10 ᠨᠡᠷᠡᠰ ᠳᠡᠪᠰᠢᠪᠡ᠃ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠲᠠᠢ ᠬᠠᠮᠲᠤᠷᠠᠨ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠢ ᠬᠠᠮᠲᠤᠪᠠᠷ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠱᠠᠩᠬᠠᠢ ᠶᠢᠨ | ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠣᠲᠣ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠫᠠᠶᠢᠰᠠ ᠡᠯᠭᠦᠨ ᠪᠠᠶᠢᠭᠤᠯᠤᠭᠳᠠᠵᠤ᠂ | ᠠᠮᠵᠢᠯᠲᠠ ᠲᠠᠢ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠠᠭᠤᠨ ᠬᠦᠴᠦᠷᠬᠡᠭ ᠬᠤᠲᠠ ᠪᠠᠷ | ᠰᠣᠩᠭᠤᠭᠳᠠᠪᠠ᠃ ︽ᠴᠢᠳᠠᠪᠤᠷᠢᠲᠠᠨ ᠢ ᠲᠠᠲᠠᠬᠤ 10 ᠵᠤᠷᠪᠤᠰ ᠲᠦᠷᠦ ᠶᠢᠨ ᠪᠣᠳᠣᠯᠭ᠎ᠠ︾ ᠶᠢ ᠲᠣᠭᠲᠠᠭᠠᠨ | ᠨᠡᠶᠢᠲᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠬᠥᠳᠡᠯᠭᠡᠭᠦᠷ ᠤᠨ ᠲᠥᠪ ᠢ | ᠡᠬᠢᠯᠡᠨ ᠠᠵᠢᠯᠯᠠᠭᠤᠯᠪᠠ᠃ ᠶᠢᠦ ᠷᠠᠨ ᠮᠠᠯ ᠠᠵᠤ ᠠᠬᠤᠢ᠂ ᠳ᠋ᠠ ᠲᠠᠩ ᠡᠮ ᠤᠨ ᠦᠢᠯᠡᠰ᠂ ᠰᠢᠨᠬᠤᠸᠠ ᠪᠦᠯᠦᠭᠯᠡᠯ | ᠲᠤᠰ ᠲᠤᠰ ᠰᠢᠶᠠᠩᠭᠠᠩ ᠤᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ᠂ ᠪᠡᠭᠡᠵᠢᠩ ᠤᠨ ᠦᠨᠡᠲᠦ | ᠲᠡᠮᠳᠡᠭᠲᠦ ᠶᠢᠨ ᠠᠷᠠᠯᠵᠢᠶᠠᠨ ᠤ ᠭᠠᠵᠠᠷ᠂ ᠱᠠᠩᠬᠠᠢ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ | ᠵᠠᠬ᠎ᠠ ᠳᠡᠯᠭᠡᠭᠦᠷ ᠲᠤ ᠭᠠᠷᠴᠤ᠂ 9 ᠵᠢᠯ ᠤᠨ ᠲᠤᠷᠰᠢ ᠣᠷᠣᠨ ᠨᠤᠲᠤᠭ ᠤᠨ ᠠᠵᠤ ᠠᠬᠤᠶᠢᠯᠠᠯ ᠵᠠᠬ᠎ᠠ ᠳᠡᠯᠭᠡᠭᠦᠷ ᠲᠤ | ᠭᠠᠷᠤᠭᠰᠠᠨ ᠦᠭᠡᠢ ᠲᠡᠦᠬᠡ ᠶᠢ ᠡᠴᠦᠰᠯᠡᠭᠦᠯᠪᠡ᠃ | ︵ᠭᠤᠷᠪᠠ︶ ᠠᠮᠢ ᠠᠬᠤᠢ ᠶᠢᠨ ᠵᠠᠰᠠᠯᠲᠠ ᠬᠦᠴᠦᠲᠡᠢ ᠪᠥᠭᠡᠳ ᠪᠦᠲᠦᠮᠵᠢᠲᠡᠶ ᠪᠣᠯᠪᠠ᠃ ᠲᠥᠪ ᠤᠨ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠵᠤ︾ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦᠨ ᠢ ᠪᠡᠶᠡᠯᠡᠭᠦᠯᠪᠡ᠃ 57 | ᠲᠣᠰᠬᠤᠨ᠂ 6. 35 ᠲᠦᠮᠡᠨ ᠡᠷᠦᠬᠡ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ | ᠵᠠᠰᠠᠬᠤ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠠᠭᠠᠷ ᠤᠨ ᠴᠡᠪᠡᠷᠴᠡ ᠰᠠᠶᠢᠨ ᠡᠳᠦᠷ ᠤᠨ ᠲᠤᠭ᠎ᠠ 318 | ᠡᠳᠦᠷ ᠬᠦᠷᠴᠦ᠂ ᠲᠦᠷᠦᠭᠦᠦ ᠵᠢᠯ ᠤᠨ ᠬᠢ ᠠᠴᠠ 6.8 ᠵᠠᠭᠤᠨ ᠤ ᠴᠡᠭ ᠳᠡᠭᠡᠭᠰᠢᠯᠡᠵᠦ᠂ ᠪᠥᠬᠦ ᠣᠷᠣᠨ ᠤ | ᠨᠡᠷᠡᠰ ᠤᠨ ᠵᠢᠭᠰᠠᠭᠠᠯᠲᠠ ᠳᠤ 4 ᠣᠷᠣᠨ ᠳᠡᠪᠰᠢᠪᠡ᠃ | ᠪᠠᠨᠳᠢ ᠶᠢᠨ ᠠᠶᠢᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠤᠷᠪᠠᠳᠤᠭᠠᠷ ᠬᠤᠭᠤᠴᠠᠭᠠᠨ ᠤ | ᠥᠷᠭᠡᠳᠬᠡᠨ ᠪᠠᠶᠢᠭᠤᠯᠬᠤ ᠪᠠᠷᠢᠯᠭ᠎ᠠ ᠶᠢ ᠠᠰᠢᠭᠯᠠᠯᠲᠠ ᠳᠤ ᠣᠷᠣᠭᠤᠯᠵᠤ᠂ ᠬᠤᠳᠠ ᠶᠢᠨ ᠲᠣᠭᠤᠷᠢᠭ ᠤᠨ ᠪᠣᠬᠢᠷ | ᠤᠰᠤ ᠰᠢᠢᠳᠪᠦᠷᠢᠯᠡᠬᠦ ᠳᠤ ︽ᠬᠥᠯᠦᠰᠢ ᠮᠠᠭᠤ ᠠᠴᠢᠶ᠎ᠠ ᠬᠦᠨᠳᠦ︾ ᠠᠰᠠᠭᠤᠳᠠᠯ ᠢ ᠦᠨᠳᠦᠰᠦᠨ ᠳᠡᠭᠡᠨ | ᠰᠢᠢᠳᠪᠦᠷᠢᠯᠡᠪᠡ᠃ 71 ︽ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠣᠬᠢᠷᠳᠤᠯ ᠲᠠᠢ︾ ᠠᠵᠤ | ᠠᠬᠤᠶᠢᠯᠠᠯ ᠢ ᠬᠠᠭᠠᠵᠤ ᠵᠣᠭᠰᠣᠭᠠᠵᠤ ᠴᠡᠭᠴᠡᠯᠡᠨ ᠵᠠᠰᠠᠵᠤ᠂ ᠬᠢᠮᠢ ᠶᠢᠨ ᠪᠣᠷᠳᠣᠭᠤᠷ ᠪᠠ ᠲᠠᠷᠢᠶᠠᠨ ᠡᠮ ᠤᠨ | ᠬᠡᠷᠡᠭᠯᠡᠯᠲᠡ ᠶᠢᠨ ᠬᠡᠮᠵᠢᠶ᠎ᠡ ᠲᠣᠰ ᠲᠣᠰ 3.4 7% ᠪᠠ 2% ᠪᠠᠭᠤᠷᠠᠵᠤ᠂ ᠰᠦᠯᠢᠶᠥᠦ ᠪᠦᠷᠬᠦᠪᠴᠢ ᠶᠢ ᠬᠤᠷᠢᠶᠠᠨ | ᠠᠪᠴᠤ ᠠᠰᠢᠭᠯᠠᠬᠤ ᠨᠣᠷᠮ᠎ᠠ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠲᠣᠰ ᠲᠣᠰ 81%᠂ | 91% ᠳᠤ ᠬᠥᠷᠪᠡ᠃ ︽ᠬᠥᠬᠡᠬᠤᠲᠠ ᠶᠢᠨ ᠨᠤᠭᠤ ᠭᠠᠵᠠᠷ ᠤᠨ ᠬᠠᠮᠠᠭᠠᠯᠠᠯᠲᠠ ᠶᠢᠨ ᠳᠦᠷᠢᠮ︾ ᠢ ᠨᠡᠶᠢᠲᠡᠯᠡᠵᠦ᠂ | ᠶᠡᠭᠡ ᠪᠠᠭ᠎ᠠ ᠲᠦᠷᠭᠡᠨ ᠭᠤᠣᠯ᠂ ᠬᠠᠷ᠎ᠠ ᠤᠰᠤ ᠨᠠᠭᠤᠷ᠂ ᠬᠠᠲᠤᠨ ᠭᠤᠣᠯ ᠤᠨ ᠰᠠᠶᠢᠷᠭᠠᠯ ᠤᠨ ᠣᠷᠣᠨ ᠵᠡᠷᠭᠡ ᠶᠢ | ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠪᠡ᠃ ᠪᠥᠬᠦ ᠣᠷᠣᠨ ᠳᠤ ᠡᠩ ᠲᠡᠷᠢᠭᠦᠨ ᠳᠤ ︽ᠣᠶ ᠰᠢᠭᠤᠢ | ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ︾ ᠢ ᠪᠠᠶᠢᠭᠤᠯᠵᠤ᠂ ᠣᠶ ᠰᠢᠭᠤᠢ ᠡᠪᠡᠰᠦ ᠪᠡᠯᠴᠢᠭᠡᠷ ᠤᠨ ᠠᠮᠢ | ᠠᠬᠤᠢ ᠶᠢᠨ ᠲᠣᠮᠣ ᠳ᠋ᠠᠶᠢᠲ᠋ᠠ ᠶᠢᠨ ᠲᠠᠪᠴᠠᠩ ᠵᠢᠴᠢ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ | 43.7 ᠲᠦᠮᠡᠨ ᠮᠦ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠵᠦ᠂ ︽ᠳᠤᠮᠳᠠᠳᠤ ᠤᠯᠤᠰ ᠤᠨ ᠠᠮᠢ ᠠᠬᠤᠢ ᠶᠢᠨ ᠬᠠᠮᠤᠭ ᠤᠨ ᠥᠷᠢᠰᠦᠯᠳᠦᠬᠦ ᠬᠦᠴᠦᠨ ᠪᠦᠬᠦᠢ ᠬᠤᠲᠠ | ︾ ᠶᠢᠨ ᠢᠷᠠᠭᠤ ᠠᠯᠳᠠᠷ ᠢ ᠭᠥᠷᠳᠡᠪᠡ᠃ ᠨᠢᠭᠡᠴᠢ GDP ᠶᠢᠨ ᠡᠨᠧᠷᠭᠢ ᠶᠢᠨ ᠬᠤᠷᠣᠭᠳᠠᠭᠤᠯᠤᠯ 7.5% ᠠᠴᠠ | ᠳᠡᠭᠡᠭᠰᠢ ᠪᠠᠭᠤᠷᠠᠵᠤ᠂ ᠪᠠᠷᠢᠮᠵᠢᠶ᠎ᠠ ᠨᠡᠭᠦᠷᠡᠰᠦ ᠶᠢ 30 ᠲᠦᠮᠡᠨ ᠲᠣᠨ ᠠᠴᠠ ᠳᠡᠭᠡᠭᠰᠢ ᠠᠷᠪᠢᠯᠠᠵᠤ᠂ ᠥᠪᠡᠷᠲᠡᠭᠡᠨ | ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠᠲᠤ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ | ︵ᠳᠥᠷᠪᠡ︶ ᠬᠤᠲᠠ ᠶᠢᠨ ᠴᠢᠳᠠᠪᠬᠢ ᠲᠠᠰ ᠲᠠᠰᠤᠷᠠᠯᠲᠠ ᠦᠭᠡᠢ ᠳᠡᠭᠡᠭᠰᠢᠯᠡᠪᠡ᠃ ᠲᠡᠷᠢᠭᠦᠨ ᠤ ᠬᠤᠳᠠ ᠶᠢᠨ | ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠣᠨᠣᠯᠵᠢᠬᠤᠨ ᠲᠠᠢ ᠬᠠᠷᠭᠤᠭᠤᠯᠵᠤ᠂ ᠱᠠᠩᠬᠠᠢ ᠶᠢᠨ ᠬᠤᠸᠠ | ᠳ᠋ᠦᠩ᠂ ᠬᠤᠳᠠ ᠶᠢᠨ ᠶᠠᠪᠤᠳᠠᠯ᠂ ᠴᠡᠴᠡᠷᠯᠢᠭ ᠵᠡᠷᠭᠡ 3 ᠶᠡᠭᠡ ᠤᠯᠤᠰ ᠤᠨ ᠳᠣᠲᠣᠭᠠᠳᠤ ᠶᠢᠨ ᠲᠡᠷᠢᠭᠦᠨ ᠲᠡᠰ ᠤᠨ | ᠵᠢᠷᠤᠭ ᠲᠥᠯᠥᠪᠯᠡᠭᠡ ᠶᠢᠨ ᠪᠦᠯᠬᠦᠮ ᠢ ᠣᠷᠣᠭᠤᠯᠤᠨ ᠠᠪᠴᠢᠷᠠᠵᠤ᠂ ᠤᠯᠤᠰ ᠤᠨ ᠭᠠᠵᠠᠷ ᠰᠢᠷᠣᠢ ᠶᠢᠨ ᠣᠷᠣᠨ | ᠵᠠᠢ ᠶᠢᠨ ᠲᠥᠯᠦᠪᠵᠢᠭᠦᠯᠭᠡ ᠪᠠ ᠭᠤᠣᠯᠳᠠᠯᠭ᠎ᠠ ᠲᠠᠢ ᠬᠡᠰᠡᠭ ᠤᠨ ᠣᠷᠣᠨ ᠭᠤᠣᠯᠳᠠᠯᠭ᠎ᠠ ᠲᠠᠢ ᠵᠠᠩᠭᠢᠯᠠᠭ᠎ᠠ ᠶᠢᠨ ᠴᠡᠭ | ᠤᠨ ᠵᠢᠷᠤᠭ ᠲᠥᠯᠥᠪᠯᠡᠭᠡ ᠶᠢ ᠥᠨᠳᠥᠷ ᠪᠠᠷᠢᠮᠵᠢᠶ᠎ᠠ ᠪᠠᠷ ᠥᠷᠨᠢᠭᠦᠯᠵᠦ᠂ ᠬᠤᠳᠠ ᠶᠢᠨ ᠲᠥᠯᠦᠪᠵᠢᠭᠦᠯᠭᠡ ᠶᠢᠨ ᠵᠢᠷᠤᠭ | ᠲᠥᠯᠥᠪᠯᠡᠭᠡ ᠶᠢᠨ ᠬᠢᠷᠢ ᠲᠦᠪᠰᠢᠨ ᠪᠠ ᠬᠠᠲᠠᠭᠤ ᠬᠢᠵᠠᠭᠠᠷᠯᠠᠯ ᠢ ᠢᠯᠡᠳᠲᠡ ᠳᠡᠭᠡᠭᠰᠢᠯᠡᠭᠦᠯᠪᠡ᠃ 27 ᠵᠤᠷᠪᠤᠰ | ᠬᠤᠳᠠ ᠶᠢᠨ ᠶᠠᠪᠤᠳᠠᠯ ᠤᠨ ᠵᠠᠮ᠂ 22 ᠵᠤᠷᠪᠤᠰ ᠲᠠᠰᠤᠷᠬᠠᠢ ᠵᠠᠮ ᠤᠷᠤᠭᠰᠢᠲᠠᠢ ᠲᠡᠷᠭᠡ ᠨᠡᠪᠲᠡᠷᠡᠵᠦ᠂ | ᠣᠨᠴᠠᠭᠠᠶᠢᠯᠠᠨ ᠤᠯᠠᠨ ᠲᠦᠮᠡᠨ ᠤ ᠬᠦᠰᠡᠭᠡᠳ ᠤᠳᠠᠭᠰᠠᠨ ᠬᠢᠩᠭᠠᠨ ᠡᠮᠦᠨ᠎ᠡ ᠵᠠᠮ ᠤᠨ ᠲᠠᠰᠤᠷᠬᠠᠢ ᠵᠠᠮ ᠲᠡᠷᠭᠡ | ᠨᠡᠪᠲᠡᠷᠡᠵᠦ᠂ ᠤᠯᠤᠰ ᠤᠨ ᠵᠠᠮ ᠤᠨ 209 ᠱᠤᠭᠤᠮ ᠤᠨ ᠲᠤᠭᠤᠷ ᠤᠨ ᠴᠡᠴᠡᠭ ᠰᠦᠢᠳᠬᠡᠯ ᠬᠤᠷᠢᠶᠠᠬᠤ | ᠦᠷᠳᠡᠭᠡ ᠶᠢ ᠬᠦᠴᠦᠨ ᠦᠭᠡᠢ ᠪᠣᠯᠭᠠᠵᠤ᠂ ᠬᠤᠳᠠ ᠶᠢᠨ ᠲᠣᠭᠤᠷᠢᠭ ᠠᠴᠠ ᠡᠮᠦᠨᠡᠰᠢ ︽ᠶᠠᠪᠤᠬᠤ ᠳᠤ ᠬᠦᠴᠢᠷᠲᠡᠢ︾ | ᠠᠰᠠᠭᠤᠳᠠᠯ ᠢ ᠲᠤᠶᠢᠯ ᠤᠨ ᠶᠡᠬᠡᠪᠡᠷ ᠨᠠᠮᠳᠠᠭᠤᠯᠪᠠ︔ ᠵᠤᠤ ᠤᠳᠠ ᠵᠢᠷᠢᠮ ᠬᠤᠷᠳᠤᠨ ᠤ ᠵᠠᠮ ᠪᠦᠬᠦ ᠱᠤᠭᠤᠮ ᠢᠶᠠᠷ | ᠲᠡᠷᠭᠡ ᠨᠡᠪᠲᠡᠷᠡᠵᠦ᠂ ᠶᠢᠨ ᠬᠠᠢ᠂ ᠶᠢᠨ ᠱᠧᠩ ᠬᠤᠷᠳᠤᠨ ᠤ ᠵᠠᠮ ᠤᠨ ᠬᠡᠰᠡᠭ ᠵᠠᠮ ᠲᠡᠷᠭᠡ ᠨᠡᠪᠲᠡᠷᠡᠵᠦ᠂ ᠭᠤᠣᠯ | ᠬᠤᠲᠠ ᠶᠢᠨ ᠲᠣᠭᠤᠷᠢᠭ ᠤᠨ ᠲᠡᠷᠭᠡ ᠬᠥᠰᠬᠡ ᠶᠢᠨ ᠳᠤᠮᠳᠠᠴᠢ ᠴᠠᠭ ᠤᠨ ᠬᠤᠷᠳᠤᠴᠠ 6.7% ᠳᠡᠭᠡᠭᠰᠢᠯᠡᠪᠡ︔ | 333 ᠬᠠᠭᠤᠴᠢᠨ ᠰᠠᠭᠤᠭᠠᠯᠢ ᠲᠣᠭᠤᠷᠢᠭ᠂ 466 ᠲᠦᠮᠡᠨ ᠲᠡᠭᠰᠢ ᠳᠥᠷᠪᠡᠯᠵᠢᠨ ᠮᠧᠲᠷ ᠢ ᠥᠭᠡᠷᠡᠴᠢᠯᠡᠨ ᠵᠠᠰᠠᠵᠤ | ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ 17 ᠢᠨᠵᠧᠨᠧᠷᠢᠩ ᠢ | ᠡᠬᠢᠯᠡᠭᠦᠯᠪᠡ︔ ᠬᠤᠲᠠ ᠶᠢᠨ ᠲᠣᠭᠤᠷᠢᠭ ᠤᠨ 64 ᠺᠢᠯᠣᠮᠧᠲᠷ ᠤᠨ ᠢᠯᠴᠢ ᠬᠠᠩᠭᠠᠬᠤ ᠬᠤᠭᠤᠯᠠᠢ ᠶᠢᠨ ᠲᠣᠣᠷ ᠤᠨ | ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ 36.4 ᠺᠢᠯᠣᠮᠧᠲᠷ ᠤᠨ ᠬᠠᠭᠤᠴᠢᠷᠠᠭᠰᠠᠨ ᠰᠢᠲᠠᠮᠠᠬᠠᠢ ᠬᠡᠢ ᠶᠢᠨ | ᠬᠤᠭᠤᠯᠠᠢ ᠶᠢᠨ ᠲᠣᠣᠷ᠂ 35 ᠲᠦᠮᠡᠨ ᠡᠷᠦᠬᠡ ᠶᠢᠨ ᠰᠢᠲᠠᠮᠠᠬᠠᠢ ᠬᠡᠢ ᠶᠢᠨ ᠮᠡᠷᠭᠡᠵᠢᠯ ᠤᠨ ᠰᠡᠷᠭᠡᠶᠢᠯᠡᠯᠲᠡ ᠶᠢᠨ | ᠪᠡᠯᠡᠳᠬᠡᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ ᠬᠠᠷᠮᠠᠨ ᠴᠡᠴᠡᠷᠯᠢᠭ ᠪᠠ ᠨᠡᠶᠢᠭᠡᠮ ᠲᠣᠭᠤᠷᠢᠭ ᠤᠨ | ᠵᠤᠭᠠᠴᠠᠯ ᠤᠨ ᠬᠦᠷᠢᠶᠡᠯᠡᠩ ᠢ 186 ᠪᠠᠶᠢᠭᠤᠯᠵᠤ᠂ ᠬᠤᠳᠠ ᠶᠢᠨ ᠨᠣᠭᠤᠭᠠᠨ ᠵᠠᠮ ᠢ 220 ᠺᠢᠯᠣᠮᠧᠲᠷ ᠪᠠᠶᠢᠭᠤᠯᠵᠤ | ᠂ ᠪᠦᠬᠦ ᠤᠯᠤᠰ ᠤᠨ 36 ᠭᠤᠣᠯᠳᠠᠯᠭ᠎ᠠ ᠲᠠᠢ ᠬᠤᠳᠠ ᠶᠢᠨ ᠳᠣᠲᠣᠷ᠎ᠠ ᠨᠣᠭᠤᠭᠠᠷᠠᠭᠤᠯᠤᠯᠲᠠ ᠶᠢᠨ ᠴᠡᠪᠡᠷ ᠰᠠᠶᠢᠬᠠᠨ | ᠢᠯᠡᠳᠬᠡᠮᠵᠢ ᠲᠤᠭ᠎ᠠ ᠪᠠᠷ 2 ᠳ᠋ᠤᠭᠠᠷ ᠲᠤ ᠵᠢᠭᠰᠠᠭᠠᠭᠳᠠᠪᠠ᠃ ᠬᠤᠲᠠ ᠶᠢᠨ ᠵᠠᠷ ᠮᠡᠳᠡᠭᠡ᠂ ᠠᠳᠠᠯ ᠠᠬᠤᠢ᠂ ᠵᠠᠮ | ᠬᠠᠷᠢᠯᠴᠠᠭ᠎ᠠ᠂ ᠣᠷᠴᠢᠨ ᠲᠣᠭᠤᠷᠢᠨ ᠤ ︽ᠳᠥᠷᠪᠡᠨ ᠶᠡᠭᠡ ᠶᠡᠷᠦᠩᠬᠡᠶᠢᠯᠡᠭᠰᠡᠨ ᠵᠠᠰᠠᠯᠲᠠ ᠶᠢ ᠳᠡᠭᠡᠭᠰᠢᠯᠡᠭᠦᠯᠬᠦ | ᠠᠵᠢᠯᠯᠠᠭ᠎ᠠ︾ ᠶᠢ ᠥᠷᠨᠢᠭᠦᠯᠵᠦ᠂ ᠡᠯ᠎ᠡ ᠲᠥᠷᠥᠯ ᠤᠨ ᠲᠣᠮᠣ ᠬᠡᠯᠪᠡᠷᠢ ᠶᠢᠨ ᠵᠠᠷ ᠮᠡᠳᠡᠭᠡᠨ ᠤ ᠫᠠᠶᠢᠰᠠ ᠢᠯᠡᠷᠬᠡᠶᠢᠯᠡᠯ ᠢ | 1200 ᠭᠠᠷᠤᠢ ᠨᠤᠷᠠᠭᠠᠵᠤ᠂ ᠠᠳᠠᠯ ᠠᠬᠤᠢ ᠶᠢᠨ ᠬᠠᠮᠢᠶᠠᠷᠤᠯᠲᠠ ᠦᠭᠡᠢ 1346 ᠬᠤᠷᠢᠶᠠᠯᠠᠯ ᠳᠤ ᠠᠳᠠᠯ | ᠠᠬᠤᠢ ᠶᠢᠨ ᠬᠠᠮᠢᠶᠠᠷᠤᠯᠲᠠ ᠶᠢ ︽ᠨᠡᠶᠢᠳᠡᠮ ᠪᠦᠷᠬᠦᠭᠦᠯᠬᠦ︾ ᠶᠢ ᠪᠡᠶᠡᠯᠡᠭᠦᠯᠵᠦ᠂ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠭᠰᠠᠨ ᠨᠢ ᠪᠥᠬᠦ ᠤᠯᠤᠰ ᠤᠨ 76 ᠲᠣᠮᠣ ᠳᠤᠮᠳᠠ ᠬᠤᠲᠠ ᠶᠢᠨ ᠲᠥᠷᠥᠯ ᠢᠯᠭᠠᠯ ᠤᠨ ᠳᠣᠲᠣᠷ᠎ᠠ | 28 ᠳ᠋ᠤᠭᠠᠷ ᠲᠤ ᠵᠢᠭᠰᠠᠭᠠᠭᠳᠠᠪᠠ᠃ ᠬᠤᠲᠠ ᠶᠢᠨ ᠶᠡᠭᠡ ᠲᠠᠷᠢᠬᠢ ᠲᠠᠰ ᠳᠡᠪᠰᠢᠭᠡᠳ 2.0 ᠬᠡᠪ ᠳᠤ ᠬᠦᠷᠴᠦ᠂ 9 | ᠲᠣᠮᠣ ᠬᠡᠰᠡᠭ᠂ 132 ᠵᠦᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ᠬᠠᠮᠤᠷᠤᠭᠰᠠᠨ ︽ | ᠠᠢ ᠴᠢᠩ ᠴᠧᠩ︾ APP ᠶᠢ ᠠᠵᠢᠯᠯᠠᠭᠤᠯᠵᠤ ᠡᠬᠢᠯᠡᠪᠡ᠃ 2021 ᠬᠤᠲᠠ ᠶᠢᠨ ᠲᠣᠭᠠᠴᠢᠯᠠᠭᠰᠠᠨ | ᠵᠠᠰᠠᠯᠲᠠ ᠶᠢᠨ ᠵᠠᠭᠤᠨ ᠬᠦᠴᠦᠷᠬᠡᠭ ᠤᠨ ᠨᠡᠷᠡᠰ ᠤᠨ ᠵᠢᠭᠰᠠᠭᠠᠯᠲᠠ᠂ ᠬᠤᠲᠠ ᠶᠢᠨ ᠲᠤᠭᠠᠴᠢᠯᠠᠯᠲᠠ ᠲᠡᠰᠢ | ᠬᠤᠪᠢᠷᠠᠭᠰᠠᠨ ᠵᠠᠭᠤᠨ ᠬᠦᠴᠦᠷᠬᠡᠭ ᠤᠨ ᠨᠡᠷᠡᠰ ᠤᠨ ᠵᠢᠭᠰᠠᠭᠠᠯᠲᠠ ᠳᠤ ᠣᠷᠣᠵᠤ᠂ 2021 ᠳᠤᠮᠳᠠᠳᠤ ᠤᠯᠤᠰ ᠤᠨ | ᠳᠠᠭᠠᠭᠤᠯᠤᠭᠴᠢ ᠣᠶᠤᠨᠲᠤ ᠬᠤᠲᠠ ᠪᠠᠷ ᠦᠨᠡᠯᠡᠭᠳᠡᠪᠡ᠃ | ︵ᠲᠠᠪᠤ︶ ᠬᠥᠳᠡᠭᠡ ᠲᠣᠰᠬᠤᠨ ᠤ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ 5.73 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ 237 | ᠠᠷᠠᠳ ᠢ ᠪᠠᠶᠠᠵᠢᠭᠤᠯᠬᠤ ᠲᠥᠷᠥᠯ ᠵᠦᠢᠯ᠂ 58 ᠬᠠᠪᠰᠤᠷᠤᠨ ᠲᠡᠳᠬᠦᠬᠦ ᠲᠥᠷᠥᠯ ᠵᠦᠢᠯ ᠢ ᠬᠡᠷᠡᠭᠵᠢᠭᠦᠯᠪᠡ᠃ | 178.3 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ ᠵᠠᠰᠠᠵᠤ᠂ 290 | ᠺᠢᠯᠣᠮᠧᠲᠷ ᠤᠨ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠰᠠᠶᠢᠵᠢᠷᠠᠭᠤᠯᠵᠤ᠂ ᠵᠠᠰᠠᠭ ᠵᠠᠬᠢᠷᠭᠠᠨ ᠤ | ᠲᠣᠰᠬᠤᠨ ᠳᠤ ᠵᠠᠭᠤᠨ ᠮᠧᠭ᠎ᠠ ᠥᠷᠭᠡᠨ ᠪᠦᠰᠡᠲᠦ ᠰᠦᠯᠵᠢᠶ᠎ᠡ ᠶᠢ ︽ᠨᠡᠶᠢᠳᠡᠮ ᠪᠦᠷᠬᠦᠭᠦᠯᠬᠦ︾ ᠶᠢ ᠪᠡᠶᠡᠯᠡᠭᠦᠯᠪᠡ᠃ | ︽ᠬᠠᠪᠤᠷ ᠵᠤᠨ ᠨᠠᠮᠤᠷ ᠡᠪᠦᠯ︾ ᠳᠥᠷᠪᠡᠨ ᠤᠯᠠᠷᠢᠯ ᠤᠨ ᠠᠶᠢᠯ ᠲᠣᠰᠬᠤᠨ ᠤ ᠠᠷᠢᠭᠤᠨ ᠴᠡᠪᠡᠷ ᠢ ᠴᠡᠭᠴᠡᠯᠡᠨ | ᠵᠠᠰᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ 6.3 ᠲᠦᠮᠡᠨ ᠡᠷᠦᠬᠡ ᠶᠢᠨ ᠵᠣᠷᠯᠣᠩ ᠢ | ᠥᠭᠡᠷᠡᠴᠢᠯᠡᠨ ᠵᠠᠰᠠᠬᠤ ᠶᠢ ᠪᠡᠶᠡᠯᠡᠭᠦᠯᠵᠦ᠂ ᠠᠶᠢᠯ ᠲᠣᠰᠬᠤᠨ ᠤ ᠨᠣᠭᠤᠭᠠᠷᠠᠭᠤᠯᠤᠯᠲᠠ ᠶᠢᠨ ᠨᠣᠷᠮ᠎ᠠ ᠶᠢ 30% | ᠠᠴᠠ ᠳᠡᠭᠡᠭᠰᠢ ᠳᠤ ᠬᠦᠷᠦᠭᠦᠯᠪᠡ᠃ ᠬᠥᠳᠡᠭᠡ ᠲᠣᠰᠬᠤᠨ ᠤ ᠠᠷᠠᠳ ᠲᠤ ᠠᠰᠢᠭ ᠬᠦᠷᠲᠡᠭᠡᠬᠦ ᠡᠯ᠎ᠡ ᠲᠦᠷᠦᠯ ᠤᠨ | ᠦᠵᠡᠭᠦᠯᠦᠯᠭᠡ ᠶᠢᠨ ᠲᠣᠭᠯᠠᠯᠲᠠ ᠶᠢ 6000 ᠭᠠᠷᠤᠢ ᠲᠠᠯᠠᠪᠠᠢ ᠤᠳᠠᠭ᠎ᠠ ᠡᠷᠬᠢᠯᠡᠪᠡ᠃ ᠴᠢᠩ ᠱᠦᠢ ᠾᠧ ᠰᠢᠶᠠᠨ ᠤ | ᠵᠢᠦ ᠼᠠᠢ ᠵᠤᠸᠠᠩ ᠰᠢᠶᠠᠩ᠂ ᠦᠴᠦᠸᠠᠨ ᠰᠢᠶᠠᠨ ᠤ ᠳᠡᠭᠡᠷ᠎ᠡ ᠲᠣᠬᠤᠢ ᠰᠢᠶᠠᠩ ︽ᠪᠦᠬᠦ ᠤᠯᠤᠰ ᠤᠨ ᠨᠢᠭᠡ | ᠲᠣᠰᠬᠤᠨ ᠨᠢᠭᠡ ᠪᠦᠲᠦᠭᠡᠭᠳᠡᠬᠦᠨ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠪᠠᠷ ᠰᠣᠩᠭᠤᠭᠳᠠᠵᠤ᠂ ᠬᠤᠷᠢᠨᠭᠡᠷ | ᠰᠢᠶᠠᠨ ᠤ ᠵᠢᠶᠣᠣ ᠨᠢ ᠸᠠᠨ ᠲᠣᠰᠬᠤᠨ ︽ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ | ᠭᠤᠣᠯᠳᠠᠯᠭ᠎ᠠ ᠲᠠᠢ ᠲᠣᠰᠬᠤᠨ︾ ᠢᠶᠠᠷ ᠰᠣᠩᠭᠤᠭᠳᠠᠪᠠ᠃ | ︵ᠵᠢᠷᠭᠤᠭ᠎ᠠ︶ ᠬᠥᠭᠵᠢᠯᠲᠡ ᠶᠢᠨ ᠬᠥᠳᠡᠯᠭᠡᠭᠴᠢ ᠬᠦᠴᠦᠨ ᠦᠷᠭᠦᠯᠵᠢᠯᠡᠨ ᠴᠢᠩᠭᠠᠷᠠᠪᠠ᠃ ᠬᠤᠲᠠ ᠶᠢᠨ | ᠲᠣᠰ ᠱᠠᠲᠤᠨ ᠤ 545 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾ ᠶᠢ ᠪᠡᠶᠡᠯᠡᠭᠦᠯᠵᠦ᠂ ᠠᠵᠤ ᠠᠬᠤᠶᠢᠯᠠᠯ ᠨᠡᠭᠡᠭᠡᠨ ᠡᠷᠭᠢᠯᠡᠬᠦ ᠴᠠᠭ ᠢ ᠬᠠᠭᠠᠰ ᠠᠵᠢᠯᠯᠠᠬᠤ ᠡᠳᠦᠷ | ᠪᠣᠯᠭᠠᠨ ᠪᠣᠭᠤᠨᠢᠰᠬᠠᠵᠤ᠂ ᠰᠢᠨ᠎ᠡ ᠪᠠᠷ ᠠᠵᠤ ᠠᠬᠤᠶᠢᠯᠠᠯ ᠨᠡᠭᠡᠭᠡᠨ ᠡᠷᠬᠢᠯᠡᠬᠦ ᠳᠤ ᠪᠥᠬᠦ ᠶᠠᠪᠤᠴᠠ ᠳᠤ ︽ᠵᠠᠷᠤᠳᠠᠯ | ᠦᠭᠡᠢ︾ ᠪᠠᠶᠢᠵᠤ᠂ ᠠᠵᠤ ᠠᠬᠤᠶᠢᠯᠠᠯ ᠤᠨ ᠳᠠᠭᠠᠭᠠᠴᠢᠯᠠᠯᠲᠠ ᠳᠤ ᠣᠷᠤᠯᠴᠠᠬᠤ ᠪᠥᠬᠦ ᠶᠠᠪᠤᠴᠠ ᠶᠢ | ᠡᠯᠧᠺᠲᠷᠤᠨᠴᠢᠯᠠᠪᠡ︔ 291 ᠬᠤᠲᠠ ᠰᠢᠯᠭᠠᠷᠠᠭᠤᠯᠤᠯᠲᠠ ᠳᠤ ᠣᠷᠣᠯᠴᠠᠭᠰᠠᠨ 2021 ᠳᠤᠮᠳᠠᠳᠤ ᠤᠯᠤᠰ ᠤᠨ | ᠬᠤᠳᠠᠯᠳᠤᠭ᠎ᠠ ᠡᠷᠬᠢᠯᠡᠬᠦ ᠵᠥᠭᠡᠯᠡᠨ ᠣᠷᠴᠢᠨ ᠤ ᠨᠡᠷᠡᠰ ᠤᠨ ᠵᠢᠭᠰᠠᠭᠠᠯᠲᠠ ᠳᠤ ᠮᠠᠨ ᠤ ᠬᠤᠲᠠ 46 ᠳ᠋ᠤᠭᠠᠷ ᠲᠤ | ᠵᠢᠭᠰᠠᠭᠠᠭᠳᠠᠪᠠ᠃ 36 ᠬᠤᠳᠠ ᠶᠢᠨ ᠲᠤᠰ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠲᠠᠬᠢᠨ | ᠵᠣᠬᠢᠶᠠᠨ ᠪᠠᠶᠢᠭᠤᠯᠵᠤ10 ᠡᠷᠦᠭᠡ ᠪᠣᠯᠭᠠᠨ ᠨᠡᠶᠢᠯᠡᠭᠦᠯᠵᠦ᠂ 11 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ | ᠂ 3 ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ 5 ᠨᠡᠭᠡᠭᠡᠯᠲᠡ ᠶᠢᠨ ᠲᠣᠭᠤᠷᠢᠭ ᠪᠣᠯᠭᠠᠨ | ᠰᠢᠯᠢᠳᠡᠭᠵᠢᠭᠦᠯᠵᠦ ᠨᠡᠶᠢᠯᠡᠭᠦᠯᠦᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠯᠤᠰ ᠤᠨ | ᠶᠡᠷᠦᠩᠬᠡᠶᠢᠯᠡᠭᠰᠡᠨ ᠬᠥᠭᠵᠢᠯᠲᠡ ᠶᠢᠨ ᠲᠦᠪᠰᠢᠨ ᠤ ᠦᠨᠡᠯᠡᠯᠲᠡ ᠶᠢᠨ ᠨᠡᠷᠡᠰ ᠤᠨ ᠵᠢᠭᠰᠠᠭᠠᠯᠲᠠ ᠳᠤ 3 ᠣᠷᠣᠨ | ᠳᠠᠪᠰᠢᠪᠠ᠃ ᠵᠠᠭᠤᠨ ᠳ᠋ᠦᠩᠰᠢᠭᠤᠷ ᠲᠥᠭᠦᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ 2 ᠰᠢᠨ᠎ᠡ ᠪᠠᠷ | ᠨᠡᠮᠡᠭᠳᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ 5.9 ᠲᠦᠮᠡᠨ ᠡᠷᠦᠬᠡ ᠰᠢᠨ᠎ᠡ ᠪᠠᠷ ᠨᠡᠮᠡᠭᠳᠡᠵᠦ᠂ 18.7% | ᠨᠡᠮᠡᠭᠳᠡᠪᠡ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ 37 ᠳ᠋ᠦᠩᠰᠢᠭᠤᠷ ᠲᠥᠭᠦᠷᠢᠭ ᠠᠴᠠ | ᠳᠡᠭᠡᠭᠰᠢ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠵᠤ ᠥᠭᠪᠡ᠃ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠮᠠᠯᠠᠯᠲᠠ ᠪᠠᠨ ᠪᠡᠶᠡᠯᠡᠭᠦᠯᠬᠦ ᠶᠡᠭᠡ ᠬᠤᠷᠠᠯ ᠢ ᠬᠤᠷᠠᠯᠳᠤᠭᠤᠯᠵᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠭᠰᠡᠨ ᠵᠣᠭᠤᠰ ᠢ ᠨᠡᠶᠢᠳᠡ 10.65 ᠳ᠋ᠦᠩᠰᠢᠭᠤᠷ | ᠲᠥᠭᠦᠷᠢᠭ ᠥᠭᠴᠦ ᠠᠮᠠᠯᠠᠭᠰᠠᠨ ᠢᠶᠠᠨ ᠪᠡᠶᠡᠯᠡᠭᠦᠯᠪᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠷᠢᠯᠴᠠᠬᠤ ᠬᠤᠷᠠᠯ᠂ ᠲᠠᠨᠢᠯᠴᠠᠭᠤᠯᠬᠤ ᠬᠤᠷᠠᠯ᠂ ᠭᠡᠷ᠎ᠡ ᠲᠣᠭᠲᠠᠬᠤ | ᠬᠤᠷᠠᠯ ᠢ 60 ᠭᠠᠷᠤᠢ ᠲᠠᠯᠠᠪᠤᠷ ᠡᠷᠭᠢᠯᠡᠵᠦ᠂ 417 ᠲᠥᠷᠥᠯ ᠵᠦᠢᠯ ᠢ ᠨᠠᠶᠢᠳᠠᠪᠤᠷᠢᠵᠢᠭᠤᠯᠤᠨ᠂ 245 ᠲᠥᠷᠥᠯ | ᠵᠦᠢᠯ ᠢ ᠠᠵᠢᠯ ᠡᠬᠢᠯᠡᠭᠦᠯᠵᠦ᠂ 365.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ | 36% ᠨᠡᠮᠡᠭᠳᠡᠪᠡ᠃ | ︵ᠳᠣᠯᠤᠭ᠎ᠠ︶ ᠠᠷᠠᠳ ᠤᠨ ᠠᠮᠢᠳᠤᠷᠠᠯ ᠤᠨ ᠵᠣᠯ ᠵᠢᠷᠭᠠᠯ ᠡᠳᠦᠷ ᠢᠷᠡᠬᠦᠶ᠎ᠡ ᠨᠡᠮᠡᠭᠳᠡᠪᠡ᠃ ᠪᠥᠬᠦ ᠣᠷᠣᠨ ᠤ | ᠠᠩᠬᠠᠳᠠᠭᠴᠢ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ | ᠪᠠᠶᠢᠭᠤᠯᠵᠤ᠂ ᠬᠤᠲᠠ ᠪᠠᠯᠭᠠᠰᠤᠨ ᠤ 6.42 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ 31.6 | ᠲᠦᠮᠡᠨ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ᠂ 2 ᠲᠦᠮᠡ ᠭᠠᠷᠤᠢ | ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠨ ᠣᠷᠣᠨ ᠤ ᠲᠥᠪ ᠢ ᠰᠣᠩᠭᠤᠵᠤ ᠦᠢᠯᠡᠰ ᠴᠣᠭᠴᠠᠯᠠᠨ ᠠᠵᠢᠯ | ᠣᠯᠪᠠ᠃ 32 ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ ᠦᠷᠭᠦᠯᠵᠢᠯᠡᠨ | ᠪᠠᠶᠢᠭᠤᠯᠵᠤ᠂ ᠨᠡᠷᠡᠲᠦ ᠰᠤᠷᠭᠠᠭᠤᠯᠢ ᠶᠢᠨ ᠵᠠᠬᠢᠷᠤᠯ᠂ ᠨᠡᠷᠡᠲᠦ ᠪᠠᠭᠰᠢ᠂ ᠨᠡᠷᠡᠲᠦ ᠠᠩᠭᠢ ᠶᠢᠨ ᠡᠷᠬᠢᠯᠡᠭᠴᠢ 117 | ᠬᠥᠮᠥᠨ ᠢ ᠰᠣᠩᠭᠤᠨ ᠪᠣᠢ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠠᠶᠤᠯᠭᠦᠢ ᠶᠢᠨ ︽ᠳᠥᠷᠪᠡᠨ ᠵᠠᠭᠤᠨ ᠤ | ᠵᠠᠭᠤ ᠪᠠᠷ︾ ᠢ ᠪᠦᠬᠦᠨ ᠢ ᠪᠠᠷᠢᠮᠵᠢᠶ᠎ᠠ ᠳᠤ ᠬᠦᠷᠭᠡᠪᠡ᠃ ᠪᠦᠬᠦ ᠣᠷᠣᠨ ᠳᠤ ᠤᠷᠢᠳᠠᠪᠠᠷ ᠰᠢᠶᠠᠨ ᠤ ᠬᠡᠪᠴᠢᠶᠡᠨ ᠤ | ᠶᠡᠷᠦᠩᠬᠡᠶᠢᠯᠡᠭᠰᠡᠨ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠡᠬᠢᠯᠡᠭᠦᠯᠵᠦ᠂ ᠬᠤᠲᠠ ᠶᠢᠨ ᠬᠤᠶᠠᠳᠤᠭᠠᠷ | ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ᠂ ᠬᠢᠲᠠᠳ ︵ᠮᠣᠩᠭᠤᠯ︶ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ | ᠰᠤᠪᠢᠯᠠᠯᠲᠠ ᠶᠢᠨ ᠲᠥᠪ ᠵᠡᠷᠭᠡ ᠲᠥᠷᠥᠯ ᠵᠦᠢᠯ ᠤᠷᠤᠭᠰᠢᠲᠠᠢ ᠶᠠᠪᠤᠭᠳᠠᠵᠤ᠂ ᠪᠡᠭᠡᠵᠢᠩ ᠬᠤᠲᠠ ᠶᠢᠨ ᠬᠢᠲᠠᠳ | ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠪᠡᠭᠡᠵᠢᠩ ᠤᠨ ᠠᠨᠠᠭᠠᠬᠤ ᠤᠬᠠᠭᠠᠨ ᠤ ᠨᠡᠶᠢᠭᠡᠮᠯᠢᠭ ᠵᠢᠴᠢ 36 | ᠡᠮᠴᠢᠯᠡᠭᠡᠨ ᠤ ᠪᠠᠶᠢᠭᠤᠯᠤᠮᠵᠢ ᠲᠠᠢ ᠭᠦᠨᠵᠡᠭᠡᠢ ᠬᠠᠮᠲᠤᠷᠠᠯᠴᠠᠨ᠂ 158 ᠨᠠᠷᠠᠲᠤ ᠲᠤᠰᠬᠠᠢ ᠮᠡᠷᠭᠡᠵᠢᠯᠲᠡᠨ ᠮᠠᠨ ᠤ | ᠬᠤᠲᠠ ᠶᠢᠨ ᠣᠯᠠᠨ ᠭᠠᠵᠠᠷ ᠲᠤ ᠠᠵᠢᠯ ᠡᠷᠭᠢᠯᠡᠵᠦ᠂ ︽ᠭᠠᠵᠢᠮᠠᠯ ᠤᠷᠪᠠᠯ︾ ᠵᠡᠷᠭᠡ ᠤᠯᠤᠰ ᠤᠨ ᠲᠠᠰ ᠤᠨ 4 | ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠬᠤᠪᠢᠶᠠᠷᠢ ᠲᠥᠪ ᠢ ᠪᠠᠶᠢᠭᠤᠯᠵᠤ᠂ ᠨᠠᠩ ᠣᠯᠠᠨ ᠠᠷᠠᠳ ᠭᠡᠷ ᠤᠨ | ᠡᠭᠦᠳᠡᠨ ᠳᠡᠭᠡᠨ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠪᠡ᠃ ᠭᠡᠷ ᠪᠦᠯᠢ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 105 ᠪᠠᠶᠢᠭᠤᠯᠵᠤ᠂ ᠬᠤᠲᠠ ᠶᠢᠨ ᠲᠣᠭᠤᠷᠢᠭ ᠤᠨ | ᠪᠦᠷᠬᠦᠴᠡ ᠶᠢᠨ ᠨᠤᠷᠮ᠎ᠠ 80% ᠠᠴᠠ ᠳᠡᠭᠡᠭᠰᠢ ᠬᠦᠷᠪᠡ᠃ ᠨᠡᠶᠢᠭᠡᠮ ᠤᠨ ᠳᠠᠭᠠᠳᠬᠠᠯ ᠳᠤ ᠣᠷᠤᠯᠴᠠᠬᠤ | ᠬᠡᠪᠴᠢᠶ᠎ᠡ ᠶᠢ ᠥᠷᠭᠡᠳᠬᠡᠬᠦ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠬᠤᠲᠠ ᠶᠢᠨ ᠨᠡᠶᠢᠭᠡᠮ ᠤᠨ ᠳᠠᠭᠠᠳᠬᠠᠯ ᠤᠨ | ᠬᠢᠨᠠᠨ ᠲᠣᠭᠲᠠᠭᠠᠬᠤ ᠴᠣᠩᠬᠤᠪᠴᠢ ᠶᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠶᠠᠮᠤᠨ ᠠᠴᠠ ︽ᠪᠥᠬᠦ ᠤᠯᠤᠰ ᠤᠨ ᠰᠢᠯᠢᠳᠡᠭ ᠦᠢᠯᠡᠴᠢᠯᠡᠭᠡᠨ ᠤ ᠴᠣᠩᠬᠤᠪᠴᠢ︾ ᠪᠠᠷ ᠰᠣᠩᠭᠤᠪᠠ᠃ ᠠᠷᠠᠳ ᠲᠤ | ᠳᠥᠭᠦᠮ ᠦᠵᠡᠭᠦᠯᠬᠦ 58 ᠬᠠᠯᠠᠮᠰᠢᠯ ᠤᠲᠠᠰᠤ ᠶᠢ ᠨᠡᠶᠢᠯᠡᠭᠦᠯᠦᠭᠡᠳ ᠨᠢᠭᠡᠳᠦᠭᠡᠷ ᠨᠣᠮᠧᠷᠲᠤ ᠭᠥᠯᠢᠶᠡᠨ ᠠᠪᠴᠤ | ᠰᠢᠢᠳᠪᠦᠷᠢᠯᠡᠬᠦ ︽12345︾ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠲᠠᠪᠴᠠᠩ | ᠪᠣᠯᠭᠠᠵᠤ᠂ 100 ᠲᠦᠮᠡ ᠰᠢᠬᠠᠮ ᠬᠤᠪᠢ ᠬᠦᠴᠦᠨ ᠪᠦᠬᠦᠢ ᠭᠤᠮᠣᠳᠠᠯ ᠱᠠᠭᠠᠷᠳᠠᠯᠭ᠎ᠠ ᠶᠢ ᠭᠥᠯᠢᠶᠡᠨ ᠠᠪᠴᠤ | ᠰᠢᠢᠳᠪᠦᠷᠢᠯᠡᠨ᠂ ᠰᠢᠢᠳᠪᠦᠷᠢᠯᠡᠭᠰᠡᠨ ᠨᠤᠷᠮ᠎ᠠ 85.6% ᠳᠤ ᠬᠦᠷᠪᠡ᠃ ︽ᠭᠤᠷᠪᠠᠨ ᠶᠡᠭᠡ ᠨᠢᠭᠡ ᠴᠢᠩᠭ᠎ᠠ︾ | ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ | ᠲᠦᠷᠦᠯ ᠤᠨ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ 606 ᠬᠤᠪᠢ ᠰᠢᠢᠳᠪᠦᠷᠢᠯᠡᠪᠡ᠃ ᠪᠦᠬᠦ ᠵᠢᠯ ᠳᠤ | ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠤᠭᠰᠠᠨ ᠦᠭᠡᠢ᠃ | ︵ᠨᠠᠢᠮᠠ︶ ᠤᠯᠤᠰ ᠲᠥᠷᠥ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠪᠡ᠃ ᠵᠠᠰᠠᠭ ᠤᠨ ᠣᠷᠳᠣᠨ ᠤ | ᠰᠢᠰᠲ᠋ᠧᠮ ᠤᠨ ᠬᠢᠨ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠦᠵᠡᠯ ᠰᠠᠨᠠᠭᠠᠨ ᠤ ᠡᠬᠢ ᠦᠨᠳᠦᠰᠦ ᠶᠢ ᠠᠭᠤᠳᠠᠯᠵᠤ᠂ ᠬᠤᠣᠷ ᠨᠥᠯᠥᠭᠡ ᠶᠢ | ᠠᠷᠢᠯᠭᠠᠵᠤ᠂ ᠠᠵᠢᠯ ᠤᠨ ᠰᠤᠷᠲᠠᠯ ᠢ ᠬᠤᠪᠢᠷᠠᠭᠤᠯᠬᠤ︾ ᠲᠤᠰᠬᠠᠢ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ | ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ᠂ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠴᠡᠭᠴᠡᠯᠡᠨ | ᠰᠠᠶᠢᠵᠢᠷᠠᠭᠤᠯᠤᠯᠲᠠ ᠶᠢ ᠠᠬᠢᠭᠤᠯᠬᠤ᠂ ᠭᠠᠵᠠᠷ ᠰᠢᠷᠣᠢ ᠶᠢᠨ ᠬᠠᠤᠯᠢ ᠶᠢ ᠵᠥᠷᠢᠴᠡᠬᠦ᠂ ᠲᠣᠭᠲᠠᠭᠠᠯ ᠢ ᠵᠥᠷᠢᠴᠡᠨ | ᠵᠤᠰᠠᠯᠠᠩ ᠪᠠᠶᠢᠭᠤᠯᠬᠤ᠂ ᠨᠡᠭᠦᠷᠡᠰᠦᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶ᠎ᠡ ᠴᠠᠷᠠᠭ᠎ᠠ᠂ | ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ | ᠬᠠᠩᠭᠠᠨ ᠪᠣᠷᠣᠯᠠᠭᠤᠯᠬᠤ ᠰᠢᠰᠲ᠋ᠧᠮ ᠵᠡᠷᠭᠡ ᠶᠢᠨ ᠲᠤᠰᠬᠠᠢ ᠴᠡᠭᠴᠡᠯᠡᠨ ᠵᠠᠰᠠᠯᠲᠠ ᠢᠯᠡᠳᠲᠡ ᠦᠷ᠎ᠡ ᠪᠦᠲᠦᠮᠵᠢ | ᠣᠯᠪᠠ᠃ ︽ᠬᠡᠷᠡᠭᠵᠢᠭᠦᠯᠬᠦ ᠶᠢ ᠠᠳᠬᠤᠵᠤ᠂ ᠨᠠᠶᠢᠳᠠᠪᠤᠷᠢᠵᠢᠭᠤᠯᠬᠤ ᠶᠢ ᠠᠳᠬᠤᠬᠤ︾ ᠶᠢ ᠡᠷᠡᠰ ᠭᠤᠶᠢᠪᠢᠰᠢ ᠦᠭᠡᠢ | ᠪᠠᠷᠢᠮᠲᠠᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠭᠠᠷᠭᠠᠭᠰᠠᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠤᠨ᠂ ᠬᠤᠲᠠ ᠶᠢᠨ ᠨᠠᠮ ᠤᠨ ᠬᠤᠷᠢᠶ᠎ᠠ ᠶᠢᠨ ᠳᠤᠷᠠᠳᠤᠭᠰᠠᠨ | ᠠᠵᠢᠯ ᠤᠨ ᠱᠠᠭᠠᠷᠳᠠᠯᠭ᠎ᠠ ᠶᠢ ᠡᠷᠡᠰ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠡᠷᠡᠭᠵᠢᠭᠦᠯᠬᠦ ᠴᠢᠳᠠᠪᠤᠷᠢ ᠪᠠ | ᠵᠠᠰᠠᠯᠲᠠ ᠶᠢᠨ ᠬᠢᠷᠢ ᠲᠦᠪᠰᠢᠨ ᠰᠢᠨ᠎ᠡ ᠳᠡᠭᠡᠭᠰᠢᠯᠡᠯᠲᠡ ᠲᠠᠢ ᠪᠣᠯᠪᠠ᠃ | ︵ᠶᠢᠰᠦ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠣᠨᠣᠴᠠᠲᠠᠢ ᠪᠥᠭᠡᠳ ᠡᠮᠬᠢ | ᠵᠢᠷᠤᠮ ᠲᠠᠢ ᠶᠠᠪᠤᠭᠳᠠᠭᠤᠯᠪᠠ᠃ 32 ᠨᠢᠰᠬᠡᠯ ᠤᠳᠠᠭ᠎ᠠ᠂ 5466 ᠬᠥᠮᠥᠨ ᠤᠳᠠᠭ᠎ᠠ ᠶᠢᠨ ᠣᠯᠠᠨ ᠤᠯᠤᠰ ᠤᠨ | ᠡᠭᠡᠯᠵᠢ ᠶᠢᠨ ᠨᠢᠰᠬᠡᠯ ᠢ ᠬᠤᠪᠢᠶᠠᠷᠢᠯᠠᠨ ᠪᠠᠭᠤᠯᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ︔ ᠡᠵᠡᠨ᠎ᠡ᠂ | ᠡᠷᠢᠶᠡᠨ ᠬᠤᠲᠠ ᠶᠢᠨ 182 ᠣᠨᠣᠰᠢᠯᠠᠭᠰᠠᠨ ᠡᠪᠡᠳᠴᠢᠲᠡᠨ ᠢ ᠬᠥᠬᠡᠬᠤᠲᠠ ᠳᠤ ᠡᠮᠨᠡᠨ ᠵᠠᠰᠠᠵᠤ ᠲᠤᠰᠠᠭᠠᠷᠯᠠᠨ | ᠰᠢᠯᠵᠢᠭᠦᠯᠦᠨ ᠵᠥᠭᠡᠭᠡᠪᠦᠷᠢᠯᠡᠬᠦ ᠪᠠ ᠦᠢᠯᠡᠴᠢᠯᠡᠭᠡᠨ ᠤ ᠪᠠᠲᠤᠯᠠᠭ᠎ᠠ ᠶᠢᠨ ᠡᠭᠦᠷᠭᠡ ᠶᠢ ᠤᠷᠤᠭᠰᠢᠲᠠᠢ ᠪᠡᠶᠡᠯᠡᠭᠦᠯᠪᠡ︔ | ︽ᠡᠩ ᠤᠨ ᠦᠶ᠎ᠡ ᠪᠠ ᠳᠠᠶᠢᠨ ᠤ ᠦᠶ᠎ᠡ ᠶᠢ ᠤᠶᠠᠯᠳᠤᠭᠤᠯᠤᠭᠰᠠᠨ︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠵᠤ᠂ ︽ᠬᠥᠬᠡᠬᠤᠲᠠ ᠶᠢᠨ ᠬᠢᠵᠢᠭ ᠢ ᠡᠰᠡᠷᠭᠦᠴᠡᠬᠦ ᠣᠶᠤᠨᠲᠤ ᠲᠠᠪᠴᠠᠩ | ︾ ᠢ ᠡᠬᠢᠯᠡᠨ ᠪᠠᠶᠢᠭᠤᠯᠵᠤ᠂ 10 ᠳ᠋ᠤᠭᠠᠷ ᠰᠠᠷ᠎ᠠ ᠶᠢᠨ 22 ᠤᠨ ᠡᠳᠦᠷ ᠡᠭᠦᠰᠦᠭᠰᠡᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠬᠠᠮᠤᠭ ᠤᠨ ᠣᠬᠤᠷ | ᠬᠤᠭᠤᠴᠠᠭᠠᠨ ᠳᠤ ᠣᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ | ᠡᠵᠡᠮᠳᠡᠬᠦ ᠲᠣᠭᠲᠠᠴᠠ ᠶᠢᠨ ᠥᠪᠥᠷ ᠮᠣᠩᠭᠤᠯ ᠳᠤ ᠠᠵᠢᠯᠯᠠᠬᠤ ᠳᠤᠭᠤᠶᠢᠯᠠᠩ ᠤᠨ ᠥᠨᠳᠥᠷ ᠦᠨᠡᠯᠡᠯᠲᠡ ᠶᠢ ᠣᠯᠪᠠ᠃ | ᠡᠭᠦᠨ ᠠᠴᠠ ᠭᠠᠳᠠᠨ᠎ᠠ᠂ ᠪᠢᠳᠡ ᠪᠥᠬᠦ ᠬᠤᠲᠠ ᠶᠢᠨ ︽ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢᠨ ᠬᠥᠲᠥᠯᠪᠦᠷᠢ︾ ᠵᠢᠴᠢ ᠡᠯ᠎ᠡ ᠲᠥᠷᠥᠯ ᠤᠨ ᠶᠡᠷᠦᠩᠬᠡᠶᠢᠯᠡᠭᠰᠡᠨ ᠲᠥᠯᠦᠪᠵᠢᠭᠦᠯᠭᠡ᠂ ᠲᠤᠰᠬᠠᠢ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠭᠠᠳ᠂ ︽1+N+X︾ ᠲᠥᠯᠦᠪᠵᠢᠭᠦᠯᠭᠡ ᠶᠢᠨ | ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠥᠭᠵᠢᠯᠲᠡ ᠶᠢᠨ ᠪᠠᠷᠢᠯᠭ᠎ᠠ ᠶᠢᠨ ᠵᠢᠷᠤᠭ ᠢ ᠵᠢᠷᠤᠭᠰᠠᠨ ᠪᠠᠶᠢᠨ᠎ᠠ᠃ | 2021 ᠣᠨ ᠤ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠨᠢ ᠲᠤᠰ | ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠤ ᠬᠠᠷᠠᠯᠲᠠ ᠤᠷᠤᠭᠰᠢᠲᠠᠢ ᠪᠡᠶᠡᠯᠡᠭᠳᠡᠭᠰᠡᠨ ᠢ | ᠬᠠᠷᠠᠭᠤᠯᠵᠤ ᠪᠠᠶᠢᠨ᠎ᠠ᠃ ᠲᠦᠷᠪᠡᠨ ᠵᠢᠯ ᠤᠨ ᠲᠤᠷᠰᠢ᠂ ᠪᠢᠳᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠰᠢᠢᠳᠪᠦᠷᠢᠲᠦ ᠢᠯᠠᠯᠲᠠ ᠶᠢ ᠣᠯᠬᠤ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠶᠢ ᠤᠭᠲᠤᠬᠤ ᠵᠡᠷᠭᠡ | ᠲᠡᠦᠬᠡᠲᠦ ᠴᠢᠨᠠᠷᠲᠠᠢ ᠠᠭᠤᠤ ᠶᠡᠭᠡ ᠴᠠᠭ ᠮᠥᠴᠡ ᠶᠢ ᠥᠩᠭᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠡᠰᠡᠷᠭᠦᠴᠡᠬᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ | ᠠᠷᠬᠠᠭ ᠭᠡᠮ ᠢ ᠦᠨᠳᠦᠰᠦᠨ ᠠᠴᠠ ᠨᠢ ᠵᠠᠰᠠᠬᠤ᠂ ᠤᠯᠤᠰ ᠲᠦᠷᠦ ᠶᠢᠨ ᠠᠮᠢ ᠠᠬᠤᠢ ᠶᠢ ᠲᠠᠬᠢᠨ ᠴᠣᠭᠴᠠᠯᠠᠬᠤ ᠵᠡᠷᠭᠡ | ᠪᠦᠬᠦ ᠲᠠᠯ᠎ᠠ ᠶᠢᠨ ᠴᠢᠨᠠᠷᠲᠠᠢ ᠣᠨᠴᠠᠭᠠᠢ ᠶᠡᠭᠡ ᠰᠢᠯᠭᠠᠯᠲᠠ ᠶᠢ ᠥᠩᠭᠡᠷᠡᠭᠦᠯᠵᠡᠢ᠃ ᠬᠠᠲᠠᠭᠤ ᠪᠡᠷᠬᠡ ᠡᠭᠦᠷᠭᠡ ᠪᠠ | ᠬᠠᠲᠠᠭᠤ ᠴᠢᠩᠭ᠎ᠠ ᠰᠢᠯᠭᠠᠯᠲᠠ ᠶᠢᠨ ᠡᠮᠦᠨ᠎ᠡ᠂ ᠪᠦᠬᠦ ᠬᠤᠲᠠ ᠪᠠᠷ ᠢᠶᠠᠨ ᠨᠠᠷᠢᠯᠢᠭ ᠣᠨᠣᠴᠠᠲᠠᠢ ᠪᠠᠷ ᠬᠦᠴᠦᠯᠡᠨ | ᠴᠢᠷᠮᠠᠶᠢᠵᠤ᠂ ᠤᠳᠠᠭᠠᠨ ᠳᠠᠭᠠᠭᠠᠮᠠᠭᠠᠢ ᠴᠢᠷᠮᠠᠶᠢᠨ ᠠᠵᠢᠯᠯᠠᠵᠤ᠂ ᠤᠳᠠᠭᠠᠨ ᠵᠢᠯ ᠦᠯᠡᠳᠡᠭᠳᠡᠵᠦ ᠢᠷᠡᠭᠰᠡᠨ ᠨᠢᠭᠡ | ᠪᠦᠯᠦᠭ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢ ᠪᠠᠲᠤᠯᠠᠬᠤ ᠨᠢᠭᠡ ᠪᠦᠯᠦᠭ ᠶᠡᠭᠡ ᠶᠠᠪᠤᠳᠠᠯ ᠴᠢᠬᠤᠯᠠ | ᠶᠠᠪᠤᠳᠠᠯ ᠢ ᠠᠬᠢᠭᠤᠯᠵᠤ᠂ ᠨᠢᠭᠡ ᠪᠦᠯᠦᠭ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠪᠦᠲᠦᠭᠡᠵᠦ᠂ ᠨᠢᠭᠡ ᠨᠢᠭᠡ ᠠᠯᠬᠤᠮ ᠢᠶᠠᠷ ᠤᠷᠤᠭᠰᠢᠯᠠᠵᠤ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠡᠭᠦᠰ ᠠᠮᠵᠢᠯᠲᠠ ᠲᠠᠢ ᠲᠡᠭᠦᠰᠬᠡᠯ ᠪᠠ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠤᠷᠤᠭᠰᠢᠲᠠᠢ ᠡᠬᠢᠯᠡᠯᠲᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠬᠥᠬᠡᠬᠤᠲᠠ ᠶᠠᠭ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠣᠮᠤᠭ ᠲᠡᠭᠦᠯᠳᠡᠷ ᠡᠷᠡᠮᠡᠬᠡᠶᠢᠯᠡᠨ ᠤᠷᠤᠭᠰᠢᠯᠠᠵᠤ ᠪᠠᠶᠢᠨ᠎ᠠ᠃ | ᠲᠦᠷᠪᠡᠨ ᠵᠢᠯ ᠤᠨ ᠲᠤᠷᠰᠢ᠂ ᠪᠢᠳᠡ ︽ᠨᠡᠮᠡᠭᠳᠡᠯ ᠢ ᠲᠣᠭᠲᠠᠪᠤᠷᠢᠵᠢᠭᠤᠯᠵᠤ᠂ ᠣᠷᠣᠨ ᠲᠠᠪᠰᠢᠬᠤ ᠪᠠᠷ | ᠴᠢᠷᠮᠠᠶᠢᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ | ᠳᠡᠭᠡᠭᠰᠢᠯᠡᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 3000 ᠳ᠋ᠦᠩᠰᠢᠭᠤᠷ | ᠲᠥᠭᠦᠷᠢᠭ ᠤᠨ ᠪᠣᠭᠤᠮᠲᠠ ᠶᠢ ᠳᠠᠪᠠᠪᠠ︔ ᠪᠠᠶᠢᠩᠭᠤ ᠰᠠᠭᠤᠭ᠎ᠠ ᠬᠥᠮᠥᠨ ᠠᠮᠠ ᠠᠷᠪᠠᠨ ᠵᠢᠯ ᠳᠤ ᠨᠡᠶᠢᠳᠡ 58 | ᠲᠦᠮᠡ ᠨᠡᠮᠡᠭᠳᠡᠵᠦ᠂ 345 ᠲᠦᠮᠡ ᠳᠤ ᠬᠦᠷᠴᠡᠢ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 100.2 | ᠲᠦᠮᠡᠨ ᠮᠦ ᠪᠠᠶᠢᠭᠤᠯᠵᠤ ᠳᠠᠭᠤᠰᠬᠠᠪᠠ︔ ᠰᠦ ᠶᠢᠨ ᠦᠢᠯᠡᠰ ᠨᠢ ᠪᠥᠬᠦ ᠬᠡᠯᠬᠢᠶ᠎ᠡ ᠶᠢᠨ ᠡᠵᠡᠩᠨᠡᠯᠲᠡ ᠶᠢᠨ ᠣᠷᠣᠯᠭ᠎ᠠ | ᠨᠢ 2000 ᠳ᠋ᠦᠩᠰᠢᠭᠤᠷ ᠲᠥᠭᠦᠷᠢᠭ ᠢ ᠳᠠᠪᠠᠭᠰᠠᠨ ᠠᠩᠬᠠᠨ ᠤ ᠲᠤᠯᠭᠠᠭᠤᠷᠢ ᠠᠵᠤ ᠦᠢᠯᠡᠰ ᠪᠣᠯᠵᠤ᠂ ᠠᠵᠤ | ᠦᠢᠯᠡᠳᠪᠦᠷᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠲᠤ ᠡᠵᠡᠯᠡᠬᠦ ᠬᠤᠪᠢ ᠶᠢᠨ ᠵᠢᠩ 22. | 8% ᠪᠠᠶᠢᠭᠰᠠᠨ ᠠᠴᠠ ᠪᠠᠨ 26.2% ᠪᠣᠯᠵᠤ ᠳᠡᠭᠡᠭᠰᠢᠯᠡᠪᠡ︔ ᠭᠤᠷᠪᠠᠳᠤᠭᠠᠷ ᠠᠵᠤ ᠦᠢᠯᠡᠰ ᠤᠨ ᠠᠵᠤ | ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 60% ᠶᠢ ᠳᠠᠪᠠᠪᠠ︔ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ 368 ᠪᠣᠯᠵᠤ᠂ ᠦᠨᠡᠲᠦ ᠲᠡᠮᠳᠡᠭᠲᠦ ᠶᠢᠨ ᠵᠠᠬ᠎ᠠ ᠳᠡᠯᠭᠡᠭᠦᠷ ᠲᠤ ᠭᠠᠷᠴᠤ ᠫᠠᠶᠢᠰᠠ | ᠡᠯᠭᠦᠭᠰᠡᠨ ᠠᠵᠤ ᠠᠬᠤᠶᠢᠯᠠᠯ 24 ᠪᠣᠯᠵᠤ᠂ ᠴᠥᠮ ᠪᠥᠬᠦ ᠣᠷᠣᠨ ᠤ ᠲᠡᠷᠢᠭᠦᠨ ᠳᠤ ᠣᠷᠣᠪᠠ︔ ᠬᠤᠲᠠ | ᠪᠠᠯᠭᠠᠰᠤᠵᠢᠯᠲᠠ ᠶᠢᠨ ᠨᠣᠷᠮ᠎ᠠ 75.6% ᠪᠠᠶᠢᠭᠰᠠᠨ ᠠᠴᠠ ᠪᠠᠨ ᠳᠡᠭᠡᠭᠰᠢᠯᠡᠭᠡᠳ 80% ᠰᠢᠬᠠᠮ ᠪᠣᠯᠵᠤ᠂ ᠪᠥᠬᠦ | ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢ ᠪᠦᠲᠦᠭᠡᠨ | ᠪᠠᠶᠢᠭᠤᠯᠬᠤ ᠴᠢᠬᠤᠯᠠ ᠶᠡᠭᠡ ᠡᠭᠦᠷᠭᠡ ᠬᠠᠷᠢᠭᠤᠴᠠᠯᠭ᠎ᠠ ᠳᠤ ᠣᠷᠣᠨ ᠤ ᠲᠥᠪ ᠤᠨ ᠡᠭᠦᠷᠭᠡᠯᠡᠯ ᠢ ᠢᠯᠡᠷᠡᠭᠦᠯᠪᠡ᠃ | ᠲᠦᠷᠪᠡᠨ ᠵᠢᠯ ᠤᠨ ᠲᠤᠷᠰᠢ᠂ ᠪᠢᠳᠡ ︽ᠥᠭᠡᠷᠡᠴᠢᠯᠡᠯᠲᠡ ᠶᠢ ᠠᠳᠬᠤᠵᠤ᠂ ᠨᠡᠭᠡᠭᠡᠯᠲᠡ ᠶᠢ ᠠᠬᠢᠭᠤᠯᠬᠤ︾ | ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠨᠡᠩ ᠡᠷᠴᠢ ᠲᠠᠢ ᠪᠣᠯᠪᠠ᠃ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭᠠᠨ ᠤ ᠲᠥᠯᠥᠪᠯᠡᠭᠡ ᠶᠢ ᠥᠷᠨᠢᠭᠦᠯᠵᠦ᠂ | ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠠᠷᠠᠯᠵᠢᠶ᠎ᠠ᠂ ᠭᠠᠶᠢᠯᠢ ᠶᠢᠨ ᠶᠠᠪᠤᠳᠠᠯ ᠤᠨ ︽ᠨᠢᠭᠡ ᠴᠣᠩᠬᠤᠪᠴᠢ | ᠮᠠᠶ᠋ᠢᠭ︾ ᠤᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ ᠨᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠠᠶᠢᠰᠢᠶᠠᠯ ᠢ ᠣᠯᠵᠤ᠂ ᠮᠠᠨ ᠤ ᠬᠤᠲᠠ ᠪᠥᠬᠦ ᠤᠯᠤᠰ ᠤᠨ ᠬᠤᠳᠠᠯᠳᠤᠭ᠎ᠠ ᠡᠷᠬᠢᠯᠡᠬᠦ ᠳᠤ | ᠲᠦᠭᠦᠮ ᠤᠨ ᠬᠡᠮᠵᠢᠶ᠎ᠡ ᠬᠠᠮᠤᠭ ᠤᠨ ᠲᠦᠷᠭᠡᠨ ᠳᠡᠭᠡᠭᠰᠢᠯᠡᠭᠰᠡᠨ ᠬᠤᠲᠠ ᠶᠢᠨ ᠨᠢᠭᠡ ᠪᠣᠯᠪᠠ᠃ ᠠᠵᠢᠯ ᠦᠢᠯᠡᠰ ᠤᠨ | ᠨᠢᠭᠡᠴᠡ ᠶᠢᠨ ᠥᠭᠡᠷᠡᠴᠢᠯᠡᠯᠲᠡ᠂ ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ | ᠨᠤᠲᠠᠯᠠᠨ ᠲᠣᠭᠲᠠᠭᠠᠬᠤ ᠪᠠ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠡᠳ᠋ ᠤᠨ ᠵᠠᠰᠠᠭ ᠮᠥᠩᠭᠦᠨ ᠭᠦᠢᠯᠭᠡᠭᠡ᠂ ᠡᠮᠴᠢᠯᠡᠭᠡ | ᠡᠷᠡᠭᠦᠯ ᠬᠠᠮᠠᠭᠠᠯᠠᠯ᠂ ᠴᠠᠬᠢᠯᠭᠠᠨ ᠬᠦᠴᠦᠨ ᠤ ᠠᠷᠠᠯᠵᠢᠶ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠤ | ᠥᠭᠡᠷᠡᠴᠢᠯᠡᠯᠲᠡ ᠶᠢ ᠬᠦᠴᠦᠲᠡᠢ ᠲᠦᠯᠬᠢᠨ ᠠᠬᠢᠭᠤᠯᠪᠠ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ 161 | ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ︽ᠳᠥᠷᠪᠡᠨ ᠬᠤᠲᠠ ᠳᠤ ᠨᠡᠶᠢᠳᠡᠮ | ᠭᠦᠢᠴᠡᠳᠬᠡᠬᠦ︾ ᠶᠢ ᠪᠡᠶᠡᠯᠡᠭᠦᠯᠵᠦ᠂ ᠬᠠᠲᠤᠨ ᠭᠤᠣᠯ ᠳᠠᠭᠠᠤ ᠶᠢᠨ 6 ᠮᠤᠵᠢ ᠶᠢᠨ ᠲᠥᠪ ᠬᠤᠲᠠ ᠯᠤᠭ᠎ᠠ | ᠬᠤᠳᠠᠯᠳᠤᠭᠠᠨ ᠤ ᠶᠠᠪᠤᠳᠠᠯ ᠤᠨ ᠳᠠᠩᠰᠠᠯᠠᠯᠲᠠ ᠶᠢᠨ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ | ᠪᠡᠶᠡᠯᠡᠭᠦᠯᠵᠦ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠤᠯᠠᠭᠠᠨᠴᠠᠪ ᠮᠤᠵᠢ ᠠᠯᠤᠰᠯᠠᠨ ᠣᠨᠳᠣᠣ ᠭᠠᠵᠠᠷ ᠲᠤ | ᠡᠪᠡᠳᠴᠢᠨ ᠦᠵᠡᠭᠦᠯᠬᠦ ᠳᠤ ᠰᠢᠭᠤᠳ ᠲᠠᠰᠤᠯᠤᠨ ᠪᠣᠳᠤᠬᠤ ᠶᠢ ᠪᠡᠶᠡᠯᠡᠭᠦᠯᠪᠡ᠃ ᠤᠯᠤᠰ ᠤᠨ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠨᠡᠭᠡᠭᠡᠨ | ᠠᠵᠢᠯᠯᠠᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠠᠵᠢᠯᠯᠠᠭᠤᠯᠵᠤ᠂ ᠬᠤᠶᠠᠷ ᠬᠤᠭᠤᠴᠠᠭᠠᠨ ᠤ | ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠢ ᠳᠠᠭᠠᠭᠠᠴᠢᠯᠠᠨ ᠡᠷᠭᠢᠯᠡᠵᠦ᠂ ᠮᠣᠩᠭᠤᠯ ᠤᠯᠤᠰ ᠤᠨ | ᠰᠡᠯᠡᠩᠭᠡ ᠮᠤᠵᠢ᠂ ᠴᠠᠭᠠᠨ ᠣᠷᠣᠰ ᠤᠨ ᠭᠤᠮᠧᠯᠢ ᠲᠠᠢ ᠣᠯᠠᠨ ᠤᠯᠤᠰ ᠤᠨ ᠨᠥᠬᠦᠷᠰᠡᠭ ᠬᠤᠲᠠ ᠶᠢᠨ ᠬᠠᠷᠢᠴᠠᠭ᠎ᠠ | ᠪᠠᠶᠢᠭᠤᠯᠵᠤ᠂ ᠣᠷᠣᠨ ᠤ ᠲᠥᠪ ᠤᠨ ᠨᠡᠭᠡᠭᠡᠯᠲᠡ ᠶᠢᠨ ᠬᠡᠮᠵᠢᠶ᠎ᠡ ᠤᠯᠠᠮ ᠠᠴᠠ ᠤᠯᠠᠮ ᠳᠡᠭᠡᠭᠰᠢᠯᠡᠵᠦ᠂ ᠨᠠᠶᠢᠵᠠ ᠶᠢᠨ | ᠲᠣᠭᠤᠷᠢᠭ ᠤᠯᠠᠮ ᠠᠴᠠ ᠤᠯᠠᠮ ᠥᠷᠭᠡᠵᠢᠪᠡ᠃ | ᠲᠦᠷᠪᠡᠨ ᠵᠢᠯ ᠤᠨ ᠲᠤᠷᠰᠢ᠂ ᠪᠢᠳᠡ ︽ᠰᠠᠭᠤᠷᠢ ᠶᠢ ᠪᠠᠲᠤᠳᠬᠠᠵᠤ᠂ ᠣᠷᠴᠢᠨ ᠲᠣᠭᠤᠷᠢᠨ ᠢ | ᠰᠢᠯᠢᠳᠡᠭᠵᠢᠭᠦᠯᠬᠦ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠤ ᠲᠥᠪ ᠤᠨ ᠳᠦᠷᠢ ᠲᠥᠷᠬᠦ ᠢᠯᠡᠳᠲᠡ | ᠳᠡᠭᠡᠭᠰᠢᠯᠡᠪᠡ᠃ ᠪᠠᠶᠢᠭᠤᠯᠤᠭᠰᠠᠨ ᠲᠣᠭᠤᠷᠢᠭ ᠤᠨ ᠲᠠᠯᠠᠪᠠᠶ ᠨᠡᠮᠡᠭᠳᠡᠭᠡᠳ 272 ᠲᠡᠭᠰᠢ ᠳᠥᠷᠪᠡᠯᠵᠢᠨ ᠺᠢᠯᠣᠮᠧᠲᠷ | ᠪᠣᠯᠵᠤ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ᠂ | ᠪᠡᠭᠡᠵᠢᠩ ᠠᠴᠠ ᠬᠥᠬᠡᠬᠤᠲᠠ ᠬᠦᠷᠬᠦ ᠲᠦᠷᠭᠡᠨ ᠤ ᠲᠡᠮᠦᠷ ᠵᠠᠮ ᠪᠥᠬᠦ ᠱᠤᠭᠤᠮ ᠢᠶᠠᠷ ᠲᠡᠷᠭᠡ ᠨᠡᠪᠲᠡᠷᠡᠵᠦ᠂ ᠭᠠᠵᠠᠷ | ᠳᠣᠣᠷᠠᠬᠢ ᠲᠡᠮᠦᠷ ᠵᠠᠮ ᠤᠨ 1᠂ 2 ᠳ᠋ᠤᠭᠠᠷ ᠱᠤᠭᠤᠮ ᠢ ᠨᠡᠪᠲᠡᠷᠡᠭᠦᠯᠦᠨ ᠠᠵᠢᠯᠯᠠᠭᠤᠯᠵᠤ᠂ ︽ᠤᠯᠤᠰ ᠤᠨ | ᠨᠡᠶᠢᠲᠡ ᠶᠢᠨ ᠵᠠᠮ ᠬᠠᠷᠢᠯᠴᠠᠭᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ︾ ᠶᠢ | ᠠᠮᠵᠢᠯᠲᠠ ᠲᠠᠢ ᠡᠭᠦᠳᠦᠨ ᠪᠠᠶᠢᠭᠤᠯᠪᠠ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ | ᠨᠥᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ᠬᠥᠳᠡᠭᠡ ᠲᠣᠰᠬᠤᠨ ᠤ ᠵᠠᠰᠠᠮᠠᠯ ᠵᠠᠮ ᠢ 348 ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠵᠤ᠂ ᠬᠥᠳᠡᠭᠡ | ᠲᠣᠰᠬᠤᠨ ᠤ 3947 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠪᠠ᠃ 214 | ᠲᠣᠰᠬᠤᠨ᠂ 13 ᠲᠦᠮᠡᠨ ᠡᠷᠦᠬᠡ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠶᠢ | ᠪᠡᠶᠡᠯᠡᠭᠦᠯᠵᠦ᠂ ᠣᠯᠠᠨ ᠲᠦᠮᠡᠨ ᠤ ︽ᠠᠭᠤᠰᠬᠢ ᠵᠢᠷᠦᠬᠡᠨ ᠤ ᠡᠪᠡᠳᠴᠢᠨ︾ ᠢ ᠦᠨᠳᠦᠰᠦᠨ ᠳᠡᠭᠡᠨ ᠰᠢᠢᠳᠪᠦᠷᠢᠯᠡᠵᠦ | ᠂ ᠪᠠᠶᠢᠭᠤᠯᠤᠭᠰᠠᠨ ᠲᠣᠭᠤᠷᠢᠭ ᠤᠨ ᠪᠣᠬᠢᠷ ᠦᠮᠡᠬᠡᠢ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠵᠤ᠂ ᠣᠶ | ᠰᠢᠭᠤᠢ ᠶᠢᠨ ᠪᠦᠷᠬᠦᠴᠡ ᠶᠢᠨ ᠨᠣᠷᠮ᠎ᠠ ᠶᠢ 23% ᠳᠤ ᠬᠦᠷᠦᠭᠦᠯᠵᠦ᠂ ᠴᠡᠯᠡᠭᠡᠷ ᠲᠠᠯ᠎ᠠ᠂ ᠳᠤᠮᠳᠠᠳᠤ ᠤᠯᠤᠰ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠤᠨ | ᠰᠠᠭᠠᠯᠢᠴᠢᠨ ᠰᠠᠭᠤᠷᠢᠨ ᠭᠠᠵᠠᠷ ᠪᠥᠬᠦ ᠤᠯᠤᠰ ᠤᠨ ᠠᠩᠬᠠᠳᠠᠭᠴᠢ ᠪᠦᠯᠦᠭ ᠤᠯᠤᠰ ᠤᠨ ᠨᠤᠲᠤᠭ ᠪᠡᠯᠴᠢᠭᠡᠷ ᠤᠨ | ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠡᠭ ᠲᠤ ᠣᠷᠣᠵᠤ᠂ ︽ᠦᠵᠡᠰᠬᠦᠯᠡᠩᠲᠦ ᠰᠠᠶᠢᠬᠠᠨ ᠬᠥᠬᠡ | ᠬᠤᠲᠠ᠂ ᠥᠨᠢᠷ ᠪᠠᠶᠠᠯᠢᠭ ᠲᠠᠯ᠎ᠠ ᠶᠢᠨ ᠬᠤᠲᠠ︾ ᠨᠢ ᠲᠥᠪ ᠬᠤᠲᠠ ᠶᠢᠨ ᠦᠵᠡᠰᠬᠦᠯᠡᠩᠲᠦ ᠰᠠᠶᠢᠬᠠᠨ ᠨᠡᠷ᠎ᠡ ᠶᠢᠨ | ᠬᠠᠭᠤᠳᠠᠰᠤ ᠪᠣᠯᠪᠠ᠃ | ᠳᠥᠷᠪᠡᠨ ᠵᠢᠯ ᠤᠨ ᠲᠤᠷᠰᠢ᠂ ᠪᠢᠳᠡ ︽ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠰᠡᠳᠬᠢᠯ ᠢ | ᠳᠤᠯᠠᠭᠠᠴᠠᠭᠤᠯᠬᠤ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠠᠩ | ᠭᠦᠢᠴᠡᠳ ᠪᠣᠯᠭᠠᠪᠠ᠃ ᠡᠯ᠎ᠡ ᠱᠠᠲᠤᠨ ᠤ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ 1162 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠣᠷᠣᠭᠤᠯᠵᠤ᠂ ᠠᠷᠠᠳ ᠤᠨ ᠠᠮᠢᠳᠤᠷᠠᠯ ᠤᠨ ᠵᠠᠷᠤᠯᠭ᠎ᠠ ᠡᠩ ᠤᠨ ᠤᠯᠠᠨ ᠨᠡᠶᠢᠲᠡ ᠶᠢᠨ | ᠲᠥᠰᠥᠪ ᠤᠨ ᠵᠠᠷᠤᠯᠭ᠎ᠠ ᠶᠢᠨ 70% ᠠᠴᠠ ᠳᠡᠭᠡᠭᠰᠢ ᠶᠢ ᠡᠵᠡᠯᠡᠬᠦ ᠶᠢ ᠢᠮᠠᠭᠲᠠ ᠪᠠᠲᠤᠯᠠᠪᠠ᠃ 15 ᠳ᠋ᠦᠩᠰᠢᠭᠤᠷ | ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠣᠷᠣᠭᠤᠯᠵᠤ᠂ 2 ᠶᠠᠳᠠᠭᠤ ᠬᠦᠴᠢᠷᠳᠡᠯᠲᠡᠢ ᠰᠢᠶᠠᠨ᠂ 207 | ᠶᠠᠳᠠᠭᠤ ᠬᠦᠴᠢᠷᠳᠡᠯᠲᠡᠢ ᠲᠣᠰᠬᠤᠨ ᠢ ᠶᠠᠳᠠᠭᠤ ᠠᠴᠠ ᠠᠩᠭᠢᠵᠢᠷᠠᠭᠤᠯᠵᠤ᠂ 6.5 ᠲᠦᠮᠡᠨ ᠲᠠᠩᠰᠠᠯᠠᠵᠤ ᠺᠠᠷᠲᠯᠠᠭᠰᠠᠨ | ᠶᠠᠳᠠᠭᠤ ᠬᠦᠴᠢᠷᠳᠡᠯᠲᠡᠢ ᠤᠯᠠᠨ ᠲᠦᠮᠡᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠬᠤᠳᠠ ᠶᠢᠨ ᠶᠠᠳᠠᠭᠤ ᠶᠢ | ᠲᠡᠳᠬᠦᠬᠦ ᠠᠯᠪᠠᠨ ᠭᠡᠷ ᠪᠦᠬᠦ ᠤᠯᠤᠰ ᠤᠨ ᠶᠠᠳᠠᠭᠤ ᠶᠢ ᠲᠡᠳᠬᠦᠬᠦ ᠰᠢᠰᠲ᠋ᠧᠮ ᠤᠨ ᠲᠡᠷᠢᠭᠦᠨ ᠤ ᠬᠠᠮᠲᠤ ᠨᠢᠭᠡᠴᠡ ᠪᠠᠷ | ᠱᠠᠩᠨᠠᠭᠳᠠᠵᠤ᠂ ᠦᠴᠦᠸᠠᠨ ᠰᠢᠶᠠᠨ ᠤ ᠨᠠᠮ ᠤᠨ ᠬᠤᠷᠢᠶ᠎ᠠ ᠨᠢ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠯᠲᠠ ᠶᠢᠨ ᠲᠡᠷᠢᠭᠦᠨ ᠤ ᠬᠠᠮᠲᠤ ᠨᠢᠭᠡᠴᠡ ᠶᠢᠨ ᠴᠣᠯᠠ ᠶᠢ ᠬᠦᠷᠲᠡᠪᠡ᠃ ᠬᠤᠲᠠ ᠪᠠᠯᠭᠠᠰᠤ ᠶᠢᠨ | 20.7 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠶᠡᠷᠦᠩᠬᠡᠢ ᠬᠡᠮᠵᠢᠶ᠎ᠡ ᠨᠢ ᠣᠯᠠᠨ ᠵᠢᠯ ᠳᠠᠷᠠᠭᠠᠯᠠᠨ | ᠪᠥᠬᠦ ᠣᠷᠣᠨ ᠳᠤ ᠨᠢᠭᠡᠳᠦᠭᠡᠷ ᠲᠤ ᠵᠢᠭᠰᠠᠭᠠᠭᠳᠠᠪᠠ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ | 44 ᠶᠢ ᠰᠢᠨ᠎ᠡ ᠪᠠᠷ ᠪᠠᠶᠢᠭᠤᠯᠵᠤ᠂ ᠦᠷᠭᠦᠯᠵᠢᠯᠡᠨ ᠪᠠᠶᠢᠭᠤᠯᠵᠤ᠂ ᠥᠭᠡᠷᠡᠴᠢᠯᠡᠨ ᠪᠠᠶᠢᠭᠤᠯᠤᠭᠰᠠᠨ ᠪᠠ ᠥᠷᠭᠡᠳᠬᠡᠨ | ᠪᠠᠶᠢᠭᠤᠯᠵᠤ ᠠᠰᠢᠭᠯᠠᠯᠲᠠ ᠳᠤ ᠣᠷᠣᠭᠤᠯᠵᠤ᠂ 18 ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ | ᠰᠢᠨ᠎ᠡ ᠪᠠᠷ ᠪᠠᠶᠢᠭᠤᠯᠵᠤ᠂ ᠥᠭᠡᠷᠡᠴᠢᠯᠡᠨ ᠪᠠᠶᠢᠭᠤᠯᠤᠭᠰᠠᠨ ᠪᠠ ᠥᠷᠭᠡᠳᠬᠡᠨ ᠪᠠᠶᠢᠭᠤᠯᠵᠤ᠂ ᠤᠯᠠᠨ ᠲᠦᠮᠡᠨ ᠤ | ᠰᠤᠷᠭᠠᠭᠤᠯᠢ ᠳᠤ ᠣᠷᠣᠬᠤ᠂ ᠡᠪᠡᠳᠴᠢᠨ ᠦᠵᠡᠭᠦᠯᠬᠦ ᠳᠤ ᠨᠡᠩ ᠲᠦᠬᠦᠮ ᠪᠣᠯᠭᠠᠪᠠ᠃ ᠭᠡᠷ ᠪᠠᠶᠢᠰᠢᠩ ᠭᠠᠵᠠᠷ | ᠰᠢᠷᠣᠢ ᠶᠢᠨ ᠬᠥᠷᠥᠩᠭᠡ ᠶᠢᠨ ᠬᠦᠷᠢᠶᠡᠨ ᠳᠤ ᠦᠯᠡᠳᠡᠭᠳᠡᠵᠦ ᠢᠷᠡᠭᠰᠡᠨ 589 ᠠᠰᠠᠭᠤᠳᠠᠯ ᠢ ᠰᠢᠢᠳᠪᠦᠷᠢᠯᠡᠵᠦ᠂ 31. | 58 ᠲᠦᠮᠡᠨ ᠬᠤᠪᠢ ᠡᠷᠦᠬᠡ ᠰᠠᠯᠬᠤ ᠳᠠᠩᠰᠠᠯᠠᠯᠲᠠ ᠶᠢ ᠭᠦᠢᠴᠡᠳᠬᠡᠵᠦ᠂ ᠤᠯᠠᠨ ᠲᠦᠮᠡᠨ ᠤ ᠣᠷᠣᠵᠤ | ᠰᠠᠭᠤᠬᠤ ᠳᠤ ᠬᠦᠴᠢᠷᠲᠡᠢ᠂ ᠪᠤᠴᠠᠵᠤ ᠨᠡᠭᠦᠬᠦ ᠳᠤ ᠬᠦᠴᠢᠷᠲᠡᠢ᠂ ᠦᠨᠡᠮᠯᠡᠯ ᠠᠪᠬᠤ ᠳᠤ ᠬᠦᠴᠢᠷᠲᠡᠢ ᠠᠰᠠᠭᠤᠳᠠᠯ ᠢ | ᠦᠨᠳᠦᠰᠦᠨ ᠳᠡᠭᠡᠨ ᠰᠢᠢᠳᠪᠦᠷᠢᠯᠡᠪᠡ᠃ ᠪᠥᠬᠦ ᠤᠯᠤᠰ ᠤᠨ ᠳᠥᠷᠪᠡᠳᠦᠭᠡᠷ ᠪᠦᠯᠦᠭ ᠭᠡᠷ ᠪᠦᠯᠢ ᠪᠠ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢᠶᠠᠷ | ᠵᠥᠪᠰᠢᠶᠡᠷᠡᠭᠳᠡᠵᠦ᠂ ᠭᠤᠷᠪᠠᠳᠤᠭᠠᠷ ᠪᠦᠯᠦᠭ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠲᠣᠭᠤᠷᠢᠭ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠶᠢᠰᠦᠨ ᠵᠢᠯ | ᠳᠠᠷᠠᠭᠠᠯᠠᠨ ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠪᠣᠯᠵᠤ᠂ ︽ᠤᠯᠤᠰ ᠤᠨ ᠡᠷᠡᠭᠦᠯ | ᠬᠠᠮᠠᠭᠠᠯᠠᠯ ᠤᠨ ᠬᠤᠲᠠ︾ ᠶᠢᠨ ᠢᠷᠠᠭᠤ ᠠᠯᠳᠠᠷ ᠢ ᠭᠥᠷᠳᠡᠪᠡ᠃ | ᠲᠦᠷᠪᠡᠨ ᠵᠢᠯ ᠤᠨ ᠲᠤᠷᠰᠢ᠂ ᠪᠢᠳᠡ ︽ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠤᠷᠢᠭ᠎ᠠ ᠱᠤᠭᠤᠮ ᠢ | ᠰᠠᠬᠢᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠪᠥᠭᠡᠳ | ᠲᠣᠭᠲᠠᠭᠤᠨ ᠪᠣᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠡᠷᠡᠰ | ᠪᠠᠲᠤ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠥᠮᠦᠵᠢᠯ ᠢ ᠭᠦᠨᠵᠡᠭᠡᠢ | ᠲᠦᠯᠬᠢᠨ ᠠᠬᠢᠭᠤᠯᠵᠤ᠂ ᠪᠥᠬᠦ ᠣᠷᠣᠨ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ︽ᠭᠤᠷᠪᠠᠨ ᠬᠢᠴᠢᠶᠡᠯ ᠲᠦᠷᠦᠯ︾ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ︽ᠨᠡᠶᠢᠳᠡᠮ ᠪᠥᠷᠬᠦᠭᠦᠯᠬᠦ︾ ᠶᠢ ᠤᠷᠢᠳᠠᠪᠠᠷ ᠪᠡᠶᠡᠯᠡᠭᠦᠯᠵᠦ᠂ | ᠦᠨᠳᠦᠰᠦᠲᠡᠨ ᠤ ᠠᠵᠢᠯ ᠤᠨ ᠵᠥᠷᠢᠶ᠎ᠡ ᠶᠢ ᠬᠦᠴᠦᠲᠡᠢ ᠵᠠᠯᠠᠷᠠᠭᠤᠯᠪᠠ᠃ ᠣᠯᠠᠨ ᠵᠦᠢᠯ ᠤᠨ ᠠᠷᠭ᠎ᠠ ᠵᠠᠮ ᠢᠶᠠᠷ | ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠵᠤ᠂ ᠪᠥᠬᠦ ᠬᠤᠲᠠ ᠶᠢᠨ ᠥᠷᠢ ᠥᠭᠴᠡᠭᠡ ᠶᠢᠨ | ᠲᠦᠭᠰᠢᠭᠦᠷᠢ ᠶᠢᠨ ᠲᠠᠰ ᠢ ᠤᠯᠠᠭᠠᠨ ᠥᠩᠭᠡ ᠠᠴᠠ ᠤᠯᠠᠪᠤᠷ ᠥᠩᠭᠡ ᠪᠣᠯᠭᠠᠨ ᠪᠠᠭᠤᠷᠠᠭᠤᠯᠪᠠ᠃ ᠾᠧᠩ ᠳ᠋ᠡ ᠵᠡᠷᠭᠡ | ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠦᠷᠢᠶᠡᠨ ᠳᠠᠬᠢ ᠲᠦᠭᠰᠢᠭᠦᠷᠢ ᠶᠢ ᠯᠠᠪᠳᠠᠭᠤᠨ ᠢᠶᠠᠷ | ᠰᠢᠢᠳᠪᠦᠷᠢᠯᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠯᠠᠪᠳᠠᠭᠤᠨ ᠢᠶᠠᠷ | ᠠᠬᠢᠭᠤᠯᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ | ᠰᠠᠬᠢᠵᠤ᠂ ︽ᠣᠷᠣᠨ ᠤ ᠲᠥᠪ ᠤᠨ ᠲᠣᠭᠲᠠᠭᠤᠨ ᠢᠶᠠᠷ ᠣᠷᠣᠨ ᠤ ᠲᠣᠭᠲᠠᠭᠤᠨ ᠢ ᠬᠠᠮᠠᠭᠠᠯᠠᠬᠤ᠂ ᠨᠡᠶᠢᠰᠯᠡᠯ ᠤᠨ | ᠲᠣᠭᠲᠠᠭᠤᠨ ᠢ ᠬᠠᠮᠠᠭᠠᠯᠠᠬᠤ︾ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠪᠡ᠃ | ᠲᠥᠯᠥᠭᠡᠯᠡᠭᠴᠢᠳ ᠠ᠋᠂ ᠥᠩᠭᠡᠷᠡᠭᠰᠡᠨ ᠲᠦᠷᠪᠡᠨ ᠵᠢᠯ ᠳᠤ ᠪᠢᠳᠡ ᠬᠤᠳᠠ ᠶᠢᠨ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠶᠢᠨ ᠳᠣᠣᠷ᠎ᠠ ᠬᠢᠯᠪᠡᠷ ᠪᠤᠰᠤ ᠠᠮᠵᠢᠯᠲᠠ ᠪᠦᠲᠦᠮᠵᠢ ᠶᠢ ᠣᠯᠪᠠ᠃ ᠡᠳᠡᠭᠡᠷ ᠠᠮᠵᠢᠯᠲᠠ ᠶᠢ | ᠣᠯᠣᠭᠰᠠᠨ ᠤ ᠦᠨᠳᠦᠰᠦ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠣᠢ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠢ ᠤᠳᠤᠷᠢᠳᠤᠯᠭ᠎ᠠ ᠳᠤ ᠪᠣᠢ᠂ | ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠣᠨ | ᠨᠡᠶᠢᠭᠡᠮ ᠤᠨ ᠡᠯ᠎ᠡ ᠡᠲᠡᠭᠡᠳ ᠤᠨ ᠪᠦᠲᠦᠮᠵᠢᠲᠡᠢ ᠬᠢᠨᠠᠯᠲᠠ᠂ ᠬᠦᠴᠦᠲᠡᠢ ᠳᠡᠮᠵᠢᠯᠭᠡ ᠳᠤ ᠪᠣᠢ᠂ ᠪᠦᠬᠦ ᠬᠤᠳᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ | ᠲᠡᠮᠡᠴᠡᠭᠰᠡᠨ ᠳᠤ ᠪᠣᠢ᠂ ᠥᠷᠭᠡᠨ ᠤᠯᠠᠨ ᠺᠠᠳ᠋ᠷ ᠤᠨ ᠶᠠᠳᠠᠷᠠᠯ ᠵᠦᠳᠡᠷᠡᠯ ᠢ ᠬᠠᠶᠢᠬᠤᠷᠤᠯ ᠦᠭᠡᠢ ᠰᠢᠷᠭᠠᠭᠤ | ᠬᠠᠲᠠᠭᠤᠵᠢᠯᠲᠠᠢ ᠪᠣᠳᠠᠲᠠᠢ ᠠᠵᠢᠯᠯᠠᠭᠰᠠᠨ ᠳᠤ ᠪᠣᠢ᠃ ᠠᠳᠡ᠂ ᠪᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠡᠮᠦᠨ᠎ᠡ ᠠᠴᠠ ᠬᠥᠬᠡᠬᠤᠲᠠ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠯᠮᠵᠢᠯᠠᠵᠤ᠂ ᠳᠡᠮᠵᠢᠵᠦ᠂ | ᠣᠷᠣᠯᠴᠠᠭᠰᠠᠨ ᠪᠣᠶ ᠪᠦᠬᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | | ᠠᠮᠵᠢᠯᠲᠠ ᠪᠠᠨ ᠳ᠋ᠦᠩᠨᠡᠬᠦ ᠶᠢᠨ ᠵᠡᠷᠭᠡᠪᠡᠷ᠂ ᠪᠢᠳᠡ ᠪᠠᠰᠠ ᠠᠵᠢᠯ ᠤᠨ ᠳᠤᠮᠳᠠ ᠮᠥᠨ ᠴᠥᠭᠡᠨ ᠪᠤᠰᠤ ᠬᠦᠴᠢᠷ | ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠂ ᠭᠤᠣᠯᠳᠠᠭᠤ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠠᠴᠠ ᠪᠠᠰᠠ ᠮᠠᠰᠢ ᠶᠡᠭᠡ ᠵᠥᠷᠢᠶ᠎ᠡ ᠲᠠᠢ ᠪᠠᠶᠢᠵᠤ᠂ ︽ | ᠣᠷᠣᠨ ᠤ ᠲᠥᠪ︾ ᠪᠠ ︽ᠣᠷᠣᠨ ᠪᠦᠰᠡ ᠶᠢᠨ ᠲᠥᠪ︾ ᠤᠨ ᠥᠷᠢᠰᠦᠯᠳᠦᠬᠦ ᠬᠦᠴᠦᠨ᠂ ᠨᠥᠯᠥᠭᠡᠯᠡᠬᠦ ᠬᠦᠴᠦᠨ᠂ | ᠳᠠᠶᠢᠴᠢᠯᠠᠬᠤ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠠᠵᠤ ᠦᠢᠯᠡᠰ ᠤᠨ | ᠰᠠᠭᠤᠷᠢ ᠨᠢᠮᠭᠡᠨ᠂ ᠨᠢᠭᠡᠳᠦᠭᠡᠷ ᠠᠵᠤ ᠦᠢᠯᠡᠰ᠂ ᠬᠤᠶᠠᠳᠤᠭᠠᠷ ᠠᠵᠤ ᠦᠢᠯᠡᠰ ᠨᠢ ᠬᠠᠷᠢᠴᠠᠭᠤᠯᠤᠭᠰᠠᠨ | ᠳᠠᠪᠠᠭᠤᠯᠢᠭ ᠢ ᠪᠦᠷᠢᠯᠳᠦᠭᠦᠯᠦᠭᠰᠡᠨ ᠦᠭᠡᠢ᠂ ᠭᠤᠷᠪᠠᠳᠤᠭᠠᠷ ᠠᠵᠤ ᠦᠢᠯᠡᠰ ᠤᠨ ᠣᠯᠠᠩᠬᠢ ᠨᠢ ᠤᠯᠠᠮᠵᠢᠯᠠᠯᠲᠤ | ᠬᠡᠯᠪᠡᠷᠢ ᠶᠢᠨ ᠦᠢᠯᠡᠴᠢᠯᠡᠭᠡᠨ ᠤ ᠦᠢᠯᠡᠰ ᠪᠠᠶᠢᠵᠤ᠂ ᠠᠵᠤ ᠠᠬᠤᠢ ᠶᠢᠨ ᠬᠥᠭᠵᠢᠯᠲᠡ ᠳᠤᠮᠳᠠᠬᠢ ᠠᠵᠤ ᠦᠢᠯᠡᠰ ᠤᠨ | ᠲᠤᠯᠭᠠᠭᠤᠷᠢᠯᠠᠬᠤ ᠦᠢᠯᠡᠳᠦᠯ ᠢᠶᠠᠨ ᠢᠯᠡᠳᠲᠡ ᠪᠠᠳᠠᠷᠠᠭᠤᠯᠤᠭᠰᠠᠨ ᠦᠭᠡᠢ︔ ᠠᠮᠢ ᠠᠬᠤᠢ ᠶᠢᠨ ᠵᠠᠰᠠᠯᠲᠠ ᠨᠢ ᠶᠠᠰᠤ | ᠴᠢᠨᠠᠷ ᠢ ᠳᠡᠭᠡᠭᠰᠢᠯᠡᠭᠦᠯᠬᠦ ᠪᠠ ᠲᠣᠭᠲᠠᠭᠤᠨ ᠴᠢᠨᠠᠷ ᠢ ᠳᠡᠭᠡᠭᠰᠢᠯᠡᠭᠦᠯᠬᠦ ᠳᠠᠪᠬᠤᠷ ᠳᠠᠷᠤᠯᠲᠠ ᠳᠤ ᠲᠤᠯᠭᠠᠷᠠᠵᠤ ᠪᠠᠶᠢᠨ᠎ᠠ︔ | ᠬᠤᠲᠠ ᠶᠢᠨ ᠬᠠᠮᠢᠶᠠᠷᠤᠯᠲᠠ᠂ ᠰᠤᠷᠭᠠᠨ ᠬᠥᠮᠦᠵᠢᠯ ᠡᠮᠴᠢᠯᠡᠭᠡ᠂ ᠣᠷᠣᠨ ᠰᠠᠭᠤᠴᠠ ᠶᠢᠨ ᠪᠠᠲᠤᠯᠠᠭ᠎ᠠ᠂ ︽ | ᠨᠠᠰᠤᠲᠠᠨ ᠨᠢᠯᠬᠠᠰ︾᠂ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭᠠᠨ ᠤ ᠲᠦᠭᠵᠢᠷᠡᠯ | ᠵᠡᠷᠭᠡ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠮᠥᠨ ᠬᠦ ᠶᠡᠬᠡᠪᠡᠷ | ᠰᠢᠢᠳᠪᠦᠷᠢᠯᠡᠬᠦ ᠴᠢᠬᠤᠯᠠᠲᠠᠢ ᠪᠠᠶᠢᠨ᠎ᠠ︔ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ | ᠰᠢᠯᠢᠳᠡᠭᠵᠢᠭᠦᠯᠵᠦ᠂ ᠺᠠᠳ᠋ᠷ ᠤᠨ ᠰᠤᠷᠲᠠᠯ ᠢ ᠦᠨᠳᠦᠰᠦᠨ ᠠᠴᠠ ᠨᠢ ᠬᠤᠪᠢᠷᠠᠭᠤᠯᠬᠤ ᠳᠤ ᠪᠠᠰᠠ ᠴᠥᠭᠡᠨ ᠪᠤᠰᠤ | ᠬᠠᠷᠰᠢ ᠰᠠᠭᠠᠳ ᠣᠷᠣᠰᠢᠵᠤ ᠪᠠᠶᠢᠨ᠎ᠠ᠃ ᠡᠲᠡᠭᠡᠷ ᠠᠰᠠᠭᠤᠳᠠᠯ ᠤᠨ ᠵᠠᠷᠢᠮ ᠨᠢ ᠠᠯᠢ ᠡᠷᠲᠡ ᠠᠴᠠ ᠪᠠᠶᠢᠵᠤ᠂ ᠵᠠᠷᠢᠮ | ᠨᠢ ᠬᠠᠭᠤᠴᠢᠨ ᠠᠷᠬᠠᠭ ᠪᠣᠯᠵᠠᠢ᠂ ᠪᠢᠳᠡ ᠡᠷᠬᠡᠪᠰᠢ ᠪᠠᠭᠠᠲᠤᠷ ᠡᠷ᠎ᠡ ᠪᠠᠭᠤᠤ ᠪᠠᠨ ᠴᠠᠪᠴᠢᠬᠤ ᠡᠷᠡᠰ ᠵᠣᠷᠢᠭ᠂ ᠲᠡᠮᠦᠷ | ᠪᠠᠷᠢᠬᠤ ᠳᠤ ᠣᠷᠣᠮ ᠦᠯᠡᠳᠡᠭᠡᠬᠦ ᠬᠡᠲᠦ ᠴᠢᠩᠭ᠎ᠠ ᠠᠷᠭ᠎ᠠ ᠬᠡᠮᠵᠢᠶ᠎ᠡ ᠪᠠᠷ ᠣᠷᠣᠨ ᠤ ᠲᠥᠪ ᠤᠨ ᠳᠦᠷᠰᠦ ᠪᠠᠶᠢᠳᠠᠯ ᠤᠨ | ᠬᠤᠪᠢᠷᠠᠯᠲᠠ ᠶᠢᠨ ᠲᠥᠯᠥᠭᠡ ︽ᠪᠡᠷᠬᠡ ᠠᠰᠠᠭᠤᠳᠠᠯ︾ ᠢ ᠰᠢᠢᠳᠪᠦᠷᠢᠯᠡᠵᠦ᠂ ︽ᠰᠠᠭᠠᠳ︾ ᠢ ᠴᠡᠪᠡᠷᠯᠡᠵᠦ᠂ ︽ | ᠲᠣᠳᠬᠠᠷ︾ ᠢ ᠠᠷᠢᠯᠭᠠᠬᠤ ᠬᠡᠷᠡᠭᠲᠡᠢ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠭᠤᠣᠯ ᠡᠭᠦᠷᠭᠡ | ᠬᠤᠶᠢᠰᠢᠳᠠ ᠶᠢᠨ ᠲᠠᠪᠤᠨ ᠵᠢᠯ ᠪᠣᠯ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢᠨ | ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ | ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ︽ᠣᠷᠣᠨ ᠤ ᠲᠥᠪ | ᠬᠤᠲᠠ ᠶᠢᠨ ᠴᠢᠳᠠᠪᠬᠢ ᠶᠢ ᠳᠡᠭᠡᠭᠰᠢᠯᠡᠭᠦᠯᠵᠦ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠨᠠᠷ | ᠰᠠᠶᠢᠲᠠᠢ ᠬᠥᠭᠵᠢᠯᠲᠡ ᠶᠢ ᠤᠷᠢᠳᠠᠪᠠᠷ ᠪᠡᠶᠡᠯᠡᠭᠦᠯᠬᠦ︾ ᠪᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠠᠴᠠ | ᠳᠤᠷᠠᠳᠤᠭᠰᠠᠨ ︽ᠬᠥᠬᠡᠬᠤᠲᠠ ᠶᠢᠨ ᠣᠷᠣᠨ ᠤ ᠲᠥᠪ ᠢ ᠬᠦᠴᠦᠷᠬᠡᠭᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ | ᠴᠢᠨᠠᠷ ᠰᠠᠶᠢᠲᠠᠢ ᠬᠥᠭᠵᠢᠯᠲᠡ ᠶᠢ ᠤᠷᠢᠳᠠᠪᠠᠷ ᠪᠡᠶᠡᠯᠡᠭᠦᠯᠬᠦ ᠶᠢ ᠳᠡᠮᠵᠢᠬᠦ︾ ᠱᠠᠭᠠᠷᠳᠠᠯᠭ᠎ᠠ ᠶᠣᠰᠣᠭᠠᠷ᠂ ᠬᠤᠳᠠ ᠶᠢᠨ | ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ︽ | ᠭᠤᠷᠪᠠᠨ ᠬᠤᠳᠠ ᠶᠢ ᠴᠢᠷᠮᠠᠶᠢᠨ ᠡᠭᠦᠳᠦᠨ ᠪᠠᠶᠢᠭᠤᠯᠵᠤ᠂ ᠲᠦᠷᠪᠡᠨ ᠣᠷᠣᠨ ᠪᠦᠰᠡ ᠶᠢᠨ ᠲᠥᠪ ᠢ ᠪᠠᠶᠢᠭᠤᠯᠵᠤ᠂ | ᠲᠦᠷᠪᠡᠨ ᠶᠡᠭᠡ ᠠᠵᠤ ᠠᠬᠤᠢ ᠶᠢᠨ ᠴᠠᠭᠠᠷᠢᠭ ᠲᠤ ᠠᠭᠤᠰᠤᠯᠴᠠᠬᠤ ᠶᠢ ᠠᠬᠢᠭᠤᠯᠵᠤ᠂ ᠲᠠᠪᠤᠨ ᠲᠣᠬᠢᠷᠠᠮᠵᠢᠲᠠᠢ | ᠬᠤᠳᠠ ᠶᠢ ᠪᠦᠲᠦᠭᠡᠨ ᠪᠠᠶᠢᠭᠤᠯᠵᠤ᠂ ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ ᠢ ᠪᠣᠶᠢᠵᠢᠭᠤᠯᠬᠤ︾ | ᠬᠠᠷᠠᠯᠲᠠ ᠶᠢᠨ ᠲᠣᠭᠤᠷᠢᠨ ᠳᠤ᠂ ᠪᠠᠶᠢᠷᠢ ᠲᠣᠭᠲᠠᠭᠠᠯᠲᠠ ᠶᠢ ᠡᠵᠡᠮᠳᠡᠵᠦ᠂ ᠳᠠᠪᠠᠭᠤᠯᠢᠭ ᠢᠶᠠᠨ ᠪᠠᠳᠠᠷᠠᠭᠤᠯᠵᠤ᠂ | ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠪᠣᠶᠢᠵᠢᠭᠤᠯᠤᠨ ᠦᠷ᠎ᠡ | ᠠᠰᠢᠭ ᠢ ᠨᠡᠮᠡᠭᠳᠡᠭᠦᠯᠵᠦ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠵᠤ᠂ ︽ᠦᠵᠡᠰᠬᠦᠯᠡᠩᠲᠦ ᠰᠠᠶᠢᠬᠠᠨ ᠬᠥᠬᠡ ᠬᠤᠳᠠ᠂ ᠥᠨᠢᠷ ᠪᠠᠶᠠᠯᠢᠭ ᠲᠠᠯ᠎ᠠ ᠶᠢᠨ ᠬᠤᠳᠠ︾ ᠶᠢᠨ | ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠤᠨ᠎ᠠ᠃ | ︵ᠨᠢᠭᠡ︶ ᠣᠷᠣᠨ ᠤ ᠲᠥᠪ ᠤᠨ ︽ᠬᠦᠴᠦᠷᠬᠡᠭ ᠪᠣᠳᠠᠲᠤ ᠬᠦᠴᠦᠨ︾ ᠢ ᠪᠥᠬᠦ ᠬᠦᠴᠦᠨ ᠢᠶᠠᠷ ᠢᠶᠠᠨ | ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠢ | ᠬᠡᠷᠡᠭᠵᠢᠭᠦᠯᠬᠦ ᠴᠢᠬᠤᠯᠠ ᠶᠡᠭᠡ ᠠᠵᠠ ᠲᠣᠬᠢᠶᠠᠯ ᠢ ᠠᠳᠬᠤᠨ᠂ ᠶᠠᠰᠤ ᠴᠢᠨᠠᠷ ᠢ ᠳᠡᠭᠡᠭᠰᠢᠯᠡᠭᠦᠯᠬᠦ ᠪᠠ ᠶᠡᠷᠦᠩᠬᠡᠢ | ᠬᠡᠮᠵᠢᠶ᠎ᠡ ᠶᠢ ᠥᠷᠭᠡᠳᠬᠡᠬᠦ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠵᠤ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ ᠢᠮᠠᠭᠲᠠ ᠥᠨᠳᠥᠷ ᠪᠠᠶᠢᠷᠢᠨ ᠳᠤ ᠨᠡᠮᠡᠭᠳᠡᠭᠦᠯᠦᠨ᠂ ︽ᠵᠢᠷᠭᠤᠭᠠᠨ ᠶᠡᠭᠡ ᠠᠵᠤ ᠦᠢᠯᠡᠰ ᠤᠨ | ᠪᠦᠯᠦᠭᠵᠢᠯ︾ ᠤᠨ ᠪᠣᠳᠠᠲᠤ ᠬᠦᠴᠦᠨ ᠢ ᠦᠷᠭᠦᠯᠵᠢᠯᠡᠨ ᠴᠢᠩᠭᠠᠷᠠᠭᠤᠯᠵᠤ᠂ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ ᠶᠢ 7% ᠣᠷᠴᠢᠮ ᠪᠠᠶᠢᠯᠭᠠᠵᠤ᠂ ᠶᠡᠷᠦᠩᠬᠡᠢ ᠥᠷᠲᠡᠭ ᠢ | 4000 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠂ ᠪᠥᠬᠦ ᠤᠯᠤᠰ ᠤᠨ ᠮᠤᠵᠢ ᠶᠢᠨ ᠲᠥᠪ ᠬᠤᠲᠠ᠂ ᠪᠥᠬᠦ | ᠤᠯᠤᠰ ᠤᠨ ᠵᠠᠭᠤᠨ ᠬᠦᠴᠦᠷᠬᠡᠭ ᠬᠤᠲᠠ ᠶᠢᠨ ᠳᠣᠲᠣᠷ᠎ᠠ ᠨᠡᠷ᠎ᠡ ᠠᠯᠳᠠᠷᠰᠢᠵᠤ ᠣᠷᠣᠨ ᠳᠡᠪᠰᠢᠬᠦ ᠪᠠᠷ ᠴᠢᠷᠮᠠᠶᠢᠨ᠎ᠠ᠃ | ᠬᠤᠲᠠ ᠶᠢᠨ ᠣᠷᠣᠨ ᠵᠠᠢ ᠶᠢ ᠵᠦᠢ ᠵᠣᠬᠢᠰᠲᠠᠢ ᠪᠠᠶᠢᠷᠢᠰᠢᠭᠤᠯᠵᠤ᠂ ᠵᠡᠭᠦᠨ ᠬᠡᠰᠡᠭ ᠲᠤ ᠴᠠᠭᠠᠨ ᠰᠤᠪᠤᠷᠭ᠎ᠠ | ᠨᠢᠰᠬᠡᠯ ᠤᠨ ᠪᠠᠭᠤᠳᠠᠯ ᠤᠨ ᠲᠣᠭᠤᠷᠢᠨ ᠳᠤ ᠠᠮᠢ ᠠᠬᠤᠢ ᠶᠢᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ | ᠣᠷᠣᠨ ᠢ ᠪᠠᠶᠢᠭᠤᠯᠵᠤ᠂ ᠪᠠᠷᠠᠭᠤᠨ ᠬᠡᠰᠡᠭ ᠲᠤ ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ | ᠬᠥᠨᠳᠡᠢ ᠶᠢᠨ ᠲᠣᠭᠤᠷᠢᠨ ᠳᠤ ᠠᠵᠤ ᠦᠢᠯᠡᠰ ᠪᠠ ᠬᠤᠲᠠ ᠠᠭᠤᠰᠤᠯᠴᠠᠭᠰᠠᠨ ᠣᠷᠣᠨ ᠢ ᠪᠠᠶᠢᠭᠤᠯᠵᠤ᠂ ᠡᠮᠦᠨᠡᠲᠦ | ᠬᠡᠰᠡᠭ ᠲᠤ ᠰᠢᠨ᠎ᠡ ᠨᠢᠰᠬᠡᠯ ᠤᠨ ᠪᠠᠭᠤᠳᠠᠯ᠂ ᠬᠤᠷᠢᠨᠭᠡᠷ ᠰᠢᠨ᠎ᠡ ᠲᠣᠭᠤᠷᠢᠭ᠂ ᠮᠧᠩ ᠨᠢᠦ ᠶᠢᠨ ᠰᠦ ᠶᠢᠨ | ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠣᠭᠤᠷᠢᠨ ᠳᠤ ᠬᠤᠲᠠ ᠶᠢᠨ ᠳᠡᠳ᠋ ᠲᠥᠪ ᠢ ᠪᠠᠶᠢᠭᠤᠯᠵᠤ᠂ | ᠬᠤᠲᠠ ᠶᠢᠨ ᠪᠣᠷᠣ ᠲᠥᠯᠥᠪ ᠢ ᠦᠷᠭᠦᠯᠵᠢᠯᠡᠨ ᠥᠷᠭᠡᠳᠬᠡᠨ᠎ᠡ᠃ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ | ᠨᠥᠬᠦᠪᠦᠷᠢᠯᠡᠵᠦ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ | ᠭᠠᠵᠠᠷ ᠳᠡᠭᠡᠷᠡᠬᠢ ᠪᠠ ᠭᠠᠵᠠᠷ ᠳᠣᠣᠷᠠᠬᠢ ᠰᠠᠭᠤᠷᠢ ᠪᠡᠯᠡᠳᠬᠡᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ | ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠰᠢᠰᠲ᠋ᠧᠮᠵᠢ ᠶᠢ | ᠦᠨᠳᠦᠰᠦᠨ ᠳᠡᠭᠡᠨ ᠪᠠᠶᠢᠭᠤᠯᠤᠨ ᠪᠦᠲᠦᠭᠡᠨ᠎ᠡ᠃ ᠬᠤᠲᠠ ᠶᠢᠨ ᠲᠣᠭᠤᠷᠢᠭ ᠤᠨ ᠬᠥᠮᠥᠨ ᠠᠮᠠ ᠶᠢ ᠦᠷᠭᠦᠯᠵᠢᠯᠡᠨ | ᠨᠡᠮᠡᠭᠳᠡᠭᠦᠯᠵᠦ᠂ ᠪᠥᠬᠦ ᠬᠤᠲᠠ ᠶᠢᠨ ᠬᠥᠮᠥᠨ ᠠᠮᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ︽ᠣᠷᠣᠨ | ᠬᠤᠲᠠ ᠬᠠᠮᠲᠤᠪᠠᠷ ᠪᠠᠶᠢᠭᠤᠯᠬᠤ︾ ᠶᠢ ᠢᠳᠡᠪᠬᠢᠲᠡᠢ ᠠᠬᠢᠭᠤᠯᠵᠤ᠂ ᠣᠯᠠᠨ ᠲᠠᠯ᠎ᠠ ᠶᠢᠨ ᠬᠢᠨ ᠤ ᠳᠡᠮᠵᠢᠯᠭᠡ ᠶᠢ | ᠴᠢᠷᠮᠠᠶᠢᠨ ᠣᠯᠵᠤ᠂ ᠣᠷᠣᠨ ᠤ ᠲᠥᠪ ᠢ ᠵᠢᠩᠬᠢᠨᠢ ᠪᠠᠷ ︽ᠲᠦᠷᠦᠭᠦᠯᠡᠭᠦᠯᠦᠨᠡ︾᠃ | ︵ᠬᠤᠶᠠᠷ︶ ᠬᠤᠲᠠ ᠪᠠᠶᠢᠭᠤᠯᠬᠤ ︽ᠬᠦᠴᠦᠷᠬᠡᠭ ᠬᠥᠲᠥᠯᠥᠨ ᠳᠠᠭᠠᠭᠤᠯᠭ᠎ᠠ︾ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ᠃ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠭᠦᠨᠵᠡᠭᠡᠢ | ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠤᠯᠠᠮᠵᠢᠯᠠᠨ | ᠪᠠᠳᠠᠷᠠᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠷᠠᠳ ᠢᠷᠭᠡᠳ ᠤᠨ ᠶᠣᠰᠣ ᠮᠣᠷᠠᠯ ᠬᠡᠪ | ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠬᠤᠲᠠ ᠶᠢᠨ ᠠᠷᠠᠳ ᠤᠨ ᠬᠡᠪ ᠴᠢᠨᠠᠷ ᠪᠠ | ᠬᠤᠲᠠ ᠶᠢᠨ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠥᠬᠦ ᠤᠯᠤᠰ ᠤᠨ ᠪᠣᠯᠪᠠᠰᠤᠨ | ᠬᠤᠲᠠ ᠪᠣᠯᠭᠠᠨ ᠡᠭᠦᠳᠦᠨ ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠠᠢ ᠨᠢᠭᠲᠠ ᠤᠶᠠᠯᠳᠤᠭᠤᠯᠤᠨ᠂ ᠦᠨᠳᠦᠰᠦᠲᠡᠨ ᠤ ᠲᠦᠷᠦ ᠶᠢᠨ ᠪᠣᠳᠣᠯᠭ᠎ᠠ | ᠂ ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ︽ | ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠡᠳᠬᠢᠯ ᠲᠠᠯᠪᠢᠨ ᠰᠠᠶᠢᠲᠤᠷ | ᠬᠠᠮᠠᠭᠠᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ | ᠪᠣᠯᠭᠠᠨ ᠡᠭᠦᠳᠦᠨ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢ ᠪᠦᠬᠦ ᠣᠷᠣᠨ ᠪᠦᠰᠡ᠂ ᠪᠦᠬᠦ | ᠶᠠᠪᠤᠴᠠ ᠪᠠᠷ ᠴᠢᠩᠭᠠᠳᠬᠠᠵᠤ᠂ ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠪᠦᠬᠦ ᠬᠦᠷᠢᠶ᠎ᠡ᠂ ᠪᠦᠬᠦ | ᠲᠠᠯ᠎ᠠ ᠪᠠᠷ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ | ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ᠂ ᠬᠦᠨᠳᠦ ᠵᠢᠴᠢ ᠲᠡᠭᠦᠨ ᠠᠴᠠ ᠳᠡᠭᠡᠭᠰᠢᠬᠢ ᠪᠣᠬᠢᠷᠳᠤᠯ ᠲᠠᠢ ᠴᠠᠭ | ᠠᠭᠤᠷ ᠢ ᠦᠨᠳᠦᠰᠦᠨ ᠳᠡᠭᠡᠨ ᠠᠷᠢᠯᠭᠠᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠦᠲᠦᠭᠡᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠪᠣᠯᠭᠠᠨ ᠡᠭᠦᠳᠦᠨ ᠪᠠᠶᠢᠭᠤᠯᠤᠨ᠎ᠠ᠃ | ︵ᠭᠤᠷᠪᠠ︶ ᠠᠵᠤ ᠦᠢᠯᠡᠰ ᠤᠨ ︽ᠬᠦᠴᠦᠷᠬᠡᠭ ᠳᠠᠪᠠᠭᠤᠯᠢᠭ ᠲᠠᠯ᠎ᠠ︾ ᠶᠢ ᠪᠥᠬᠦ ᠬᠦᠴᠦᠨ ᠢᠶᠠᠷ ᠢᠶᠠᠨ | ᠠᠬᠢᠭᠤᠯᠤᠨ᠎ᠠ᠃ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠢᠶᠠᠷ ᠭᠤᠣᠯᠳᠠᠯᠭ᠎ᠠ ᠪᠣᠯᠭᠠᠵᠤ᠂ ︽ | ᠵᠠᠷᠢᠮ ᠢ ᠨᠢ ᠬᠢᠵᠦ᠂ ᠵᠠᠷᠢᠮ ᠢ ᠨᠢ ᠬᠢᠬᠦ ᠦᠭᠡᠢ︾ ᠪᠠᠶᠢᠬᠤ ᠶᠢ ᠪᠠᠷᠢᠮᠲᠠᠯᠠᠨ᠂ ︽ᠬᠤᠶᠠᠷ ᠶᠡᠬᠡᠲᠡᠢ︾ ᠲᠦᠷᠦᠯ | ᠵᠦᠢᠯ ᠢ ᠶᠠᠭᠠᠬᠢᠭᠰᠠᠨ ᠴᠤ ᠬᠢᠬᠦ ᠦᠭᠡᠢ ᠪᠠᠶᠢᠵᠤ᠂ ᠡᠨᠧᠷᠭᠢ ᠶᠢᠨ ᠭᠦᠢᠴᠡᠳᠬᠡᠯ ᠲᠤᠭ᠎ᠠ ᠶᠢ ᠰᠢᠨᠵᠢᠯᠡᠬᠦ | ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠵᠤ᠂ ᠭᠤᠣᠯᠳᠠᠯᠭ᠎ᠠ ᠶᠢ ᠲᠣᠪᠤᠶᠢᠯᠭᠠᠨ᠂ ᠭᠤᠣᠯ ᠦᠢᠯᠡᠰ ᠲᠤ | ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠣᠨᠣᠴᠠᠲᠠᠢ ᠪᠠᠷ ᠬᠦᠴᠦᠯᠡᠵᠦ᠂ ᠠᠵᠤ ᠦᠢᠯᠡᠰ ᠤᠨ ᠬᠠᠩᠭᠠᠯᠭ᠎ᠠ ᠶᠢᠨ | ᠰᠢᠰᠲ᠋ᠧᠮᠵᠢ ᠶᠢᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠢᠩᠭᠠᠨ | ᠳ᠋ᠦᠩᠰᠢᠭᠤᠷ ᠤᠨ ᠲᠠᠰ ᠤᠨ ᠠᠵᠤ ᠦᠢᠯᠡᠰ ᠤᠨ ᠪᠦᠯᠦᠭᠵᠢᠯ 2᠂ ᠮᠢᠩᠭᠠᠨ ᠳ᠋ᠦᠩᠰᠢᠭᠤᠷ ᠤᠨ ᠲᠠᠰ ᠤᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ 3᠂ ᠵᠠᠭᠤᠨ ᠳ᠋ᠦᠩᠰᠢᠭᠤᠷ ᠤᠨ ᠲᠠᠰ ᠤᠨ ᠠᠵᠤ ᠠᠬᠤᠶᠢᠯᠠᠯ 10᠂ | ᠦᠨᠡᠲᠦ ᠲᠡᠮᠳᠡᠭᠲᠦ ᠶᠢᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠠᠵᠤ ᠠᠬᠤᠶᠢᠯᠠᠯ 10 ᠶᠢ ᠴᠣᠭᠴᠠᠯᠠᠨ᠎ᠠ᠃ | ︽ᠬᠡᠯᠬᠢᠶ᠎ᠡ ᠶᠢ ᠴᠢᠩᠭᠠᠳᠬᠠᠵᠤ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠤᠷᠲᠤᠳᠬᠠᠬᠤ︾ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠲᠤᠯᠭᠠᠭᠤᠷᠢᠯᠠᠭᠴᠢ ᠲᠣᠮᠣ ᠲᠦᠷᠦᠯ ᠵᠦᠢᠯ ᠢ ᠠᠳᠬᠤᠬᠤ ᠪᠠᠷ ᠪᠠᠷᠠᠬᠤ ᠦᠭᠡᠢ ᠪᠠᠰᠠ | ᠲᠤᠰᠬᠠᠢ ᠨᠠᠷᠢᠯᠢᠭ ᠣᠨᠴᠠ ᠰᠢᠨ᠎ᠡ ᠰᠠᠶᠢᠨ ᠲᠦᠷᠦᠯ ᠵᠦᠢᠯ ᠪᠣᠯᠣᠨ ᠨᠡᠶᠢᠳᠡᠮ ᠢ ᠪᠦᠷᠬᠦᠭᠰᠡᠨ ᠵᠢᠵᠢᠭ ᠲᠦᠷᠦᠯ | ᠵᠦᠢᠯ ᠢ ᠠᠳᠬᠤᠵᠤ᠂ ᠬᠥᠲᠥᠴᠢ ᠠᠵᠤ ᠠᠬᠤᠶᠢᠯᠠᠯ ᠢ 50 ᠠᠴᠠ ᠳᠡᠭᠡᠭᠰᠢ ᠣᠷᠣᠭᠤᠯᠤᠨ ᠠᠪᠴᠢᠷᠠᠵᠤ᠂ ᠨᠡᠩ | ᠤᠯᠠᠨ ᠰᠢᠨ᠎ᠡ ᠲᠤᠯᠭᠠᠭᠤᠷᠢ ᠠᠵᠤ ᠦᠢᠯᠡᠰ ᠤᠨ ᠪᠦᠷᠢᠯᠳᠦᠬᠦ ᠶᠢ ᠠᠬᠢᠭᠤᠯᠤᠨ᠎ᠠ᠃ | ︵ᠳᠥᠷᠪᠡ︶ ᠲᠥᠪ ᠤᠨ ︽ᠬᠦᠴᠦᠷᠬᠡᠭ ᠲᠥᠪᠯᠡᠷᠡᠯ︾ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ︽ | ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠲᠠ ᠪᠠᠨ ᠬᠦᠴᠦᠷᠬᠡᠭᠵᠢᠭᠦᠯᠬᠦ︾ | ᠢᠨᠵᠧᠨᠧᠷᠢᠩ ᠢ ᠬᠡᠷᠡᠭᠵᠢᠭᠦᠯᠦᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠨᠢᠭᠡ ᠪᠦᠯᠦᠭ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠴᠣᠭᠴᠠᠯᠠᠵᠤ᠂ | ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠬᠡᠷᠡᠭᠵᠢᠭᠦᠯᠦᠨ᠂ | ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠴᠣᠭᠴᠠᠯᠠᠨ᠎ᠠ᠃ | ᠬᠥᠬᠡᠬᠤᠲᠠ ᠪᠤᠭᠤᠲᠤ ᠶᠢᠨ ᠲᠦᠷᠭᠡᠨ ᠤ ᠲᠡᠮᠦᠷ ᠵᠠᠮ᠂ ᠬᠥᠬᠡᠬᠤᠲᠠ ᠣᠷᠳᠣᠰ ᠤᠨ ᠬᠤᠲᠠ ᠶᠢᠨ ᠬᠤᠭᠤᠷᠣᠨᠳᠣᠬᠢ | ᠲᠡᠮᠦᠷ ᠵᠠᠮ᠂ ᠬᠥᠬᠡᠬᠤᠲᠠ ᠣᠷᠳᠣᠰ ᠤᠨ ᠲᠦᠷᠭᠡᠨ ᠤ ᠵᠠᠰᠠᠮᠠᠯ ᠵᠠᠮ ᠵᠡᠷᠭᠡ ᠴᠢᠬᠤᠯᠠ ᠶᠡᠭᠡ ᠵᠠᠮ ᠬᠠᠷᠢᠯᠴᠠᠭᠠᠨ ᠤ | ᠢᠨᠵᠧᠨᠧᠷᠢᠩ ᠢ ᠶᠡᠬᠡᠪᠡᠷ ᠠᠬᠢᠭᠤᠯᠵᠤ᠂ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ ᠶᠢᠨ ᠠᠭᠠᠷ ᠤᠨ | ᠠᠶᠠᠯᠠᠯ ᠤᠨ ᠱᠤᠭᠤᠮ ᠢ ᠨᠢᠭᠲᠠ ᠨᠡᠮᠡᠵᠦ ᠨᠡᠭᠡᠭᠡᠨ᠂ ᠣᠷᠣᠨ ᠪᠦᠰᠡ ᠶᠢᠨ ᠵᠠᠮ ᠬᠠᠷᠢᠯᠴᠠᠭ᠎ᠠ ᠪᠠᠷᠠᠭᠠᠨ ᠤ | ᠭᠦᠢᠯᠭᠡᠭᠡᠨ ᠤ ᠲᠥᠪ ᠢ ᠴᠣᠭᠴᠠᠯᠠᠨ᠎ᠠ᠃ ᠪᠣᠬᠢᠷᠳᠤᠯ ᠦᠭᠡᠢ ᠬᠡᠷᠡᠭᠯᠡᠭᠡ᠂ ᠰᠥᠨᠢ ᠶᠢᠨ ᠬᠡᠷᠡᠭᠯᠡᠭᠡ᠂ ᠰᠣᠶᠣᠯ ᠤᠨ | ᠡᠭᠦᠳᠦᠯᠲᠡ ᠶᠢᠨ ᠪᠦᠲᠦᠭᠡᠭᠳᠡᠬᠦᠨ ᠤ ᠬᠡᠷᠡᠭᠯᠡᠭᠡ᠂ ᠬᠡᠷᠡᠭᠴᠡᠭᠡ ᠳᠤ ᠨᠡᠶᠢᠴᠡᠭᠦᠯᠦᠭᠰᠡᠨ ᠬᠡᠷᠡᠭᠯᠡᠭᠡ ᠵᠡᠷᠭᠡ ᠣᠨᠴᠠᠯᠢᠭᠲᠤ | ᠬᠡᠷᠡᠭᠯᠡᠭᠡ ᠶᠢ ᠢᠳᠡᠪᠬᠢᠲᠡᠢ ᠬᠥᠭᠵᠢᠭᠦᠯᠵᠦ᠂ ᠭᠡᠷ ᠤᠨ ᠭᠠᠳᠠᠨᠠᠬᠢ ᠠᠵᠤ ᠠᠬᠤᠢ᠂ ᠮᠥᠰᠥ ᠴᠠᠰᠤᠨ ᠤ ᠠᠵᠤ ᠠᠬᠤᠢ | ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠴᠦ᠂ ᠣᠷᠣᠨ ᠪᠦᠰᠡ ᠶᠢᠨ ᠣᠲᠣ | ᠦᠶ᠎ᠡ ᠶᠢᠨ ᠬᠡᠷᠡᠭᠯᠡᠭᠡᠨ ᠤ ᠲᠥᠪ ᠢ ᠪᠠᠶᠢᠭᠤᠯᠤᠨ᠎ᠠ᠃ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ | ᠠᠭᠤᠳᠠᠯᠵᠤ᠂ ᠤᠮᠠᠷᠠᠲᠤ ᠬᠡᠰᠡᠭ ᠤᠨ ᠴᠡᠯᠡᠭᠡᠷ ᠲᠠᠯ᠎ᠠ ᠪᠠ ᠡᠮᠦᠨᠡᠲᠦ ᠬᠡᠰᠡᠭ ᠤᠨ ᠬᠠᠲᠤᠨ ᠭᠤᠣᠯ ᠤᠨ ᠪᠤᠯᠤᠩ ᠤᠨ | ᠦᠵᠡᠮᠵᠢ ᠶᠢᠨ ᠰᠣᠶᠣᠯ ᠵᠢᠭᠤᠯᠴᠢᠯᠠᠯ ᠤᠨ ᠪᠦᠰᠡ ᠶᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠣᠷᠣᠨ | ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠥᠪ ᠢ ᠴᠣᠭᠴᠠᠯᠠᠨ᠎ᠠ᠃ | ︵ᠲᠠᠪᠤ︶ ᠨᠡᠭᠡᠭᠡᠯᠲᠡ ᠶᠢᠨ ︽ᠬᠦᠴᠦᠷᠬᠡᠭ ᠠᠮᠢᠵᠢᠷᠠᠯ ᠤᠨ ᠬᠦᠴᠦᠨ︾ ᠢ ᠪᠥᠬᠦ ᠬᠦᠴᠦᠨ ᠢᠶᠠᠷ ᠢᠶᠠᠨ | ᠠᠬᠢᠭᠤᠯᠤᠨ᠎ᠠ᠃ ︽ᠬᠤᠳᠠ ᠬᠥᠳᠡᠭᠡ ᠶᠢ ᠨᠢᠭᠡ ᠴᠣᠭᠴᠠᠵᠢᠭᠤᠯᠬᠤ᠂ ᠬᠤᠳᠠ ᠪᠠᠷ ᠬᠥᠳᠡᠭᠡ ᠲᠣᠰᠬᠤᠨ ᠢ | ᠳᠠᠶᠢᠴᠢᠯᠠᠬᠤ︾ ᠶᠢ ᠪᠠᠷᠢᠮᠲᠠᠯᠠᠵᠤ᠂ ᠬᠤᠳᠠ ᠶᠢᠨ ᠲᠦᠷᠪᠡᠨ ᠲᠣᠭᠤᠷᠢᠭ ᠲᠤ ᠰᠢᠨᠵᠢᠯᠡᠬᠦ ᠤᠬᠠᠭᠠᠨ ᠮᠡᠷᠭᠡᠵᠢᠯ᠂ | ᠮᠥᠩᠭᠦᠨ ᠭᠦᠢᠯᠭᠡᠭᠡ᠂ ᠬᠡᠷᠡᠭᠯᠡᠭᠡ᠂ ᠶᠡᠷᠦᠩᠬᠡᠢ ᠬᠡᠯᠲᠡᠰ ᠤᠨ ᠠᠵᠤ ᠠᠬᠤᠢ ᠵᠡᠷᠭᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠭᠤᠣᠯᠳᠠᠯᠭ᠎ᠠ ᠲᠠᠢ ᠬᠥᠭᠵᠢᠭᠦᠯᠦᠨ᠎ᠡ︔ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ | ᠰᠢᠶᠠᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠲᠤ ᠠᠵᠤ | ᠦᠢᠯᠡᠰ ᠤᠨ ᠲᠥᠷᠥᠯ ᠵᠦᠢᠯ ᠢ ᠭᠤᠣᠯᠳᠠᠯᠭ᠎ᠠ ᠲᠠᠢ ᠪᠠᠶᠢᠷᠢᠯᠠᠭᠤᠯᠤᠨ᠎ᠠ︔ ᠴᠢᠩ ᠱᠦᠢ ᠾᠧ ᠰᠢᠶᠠᠨ᠂ ᠦᠴᠦᠸᠠᠨ | ᠰᠢᠶᠠᠨ ᠳᠤ ᠠᠮᠢ ᠠᠬᠤᠢ ᠶᠢᠨ ᠬᠠᠮᠠᠭᠠᠯᠠᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠲᠤᠪᠤᠶᠢᠯᠭᠠᠵᠦ᠂ ᠲᠤᠰ ᠲᠤᠰ ᠤᠨ ᠭᠤᠣᠯᠳᠠᠯᠭ᠎ᠠ ᠲᠠᠢ ᠪᠠᠶᠢᠯᠭᠠᠵᠤ᠂ ᠬᠠᠷᠢᠯᠴᠠᠨ ᠵᠣᠯᠭᠠᠭᠤᠯᠵᠤ᠂ | ᠣᠨᠴᠠᠯᠢᠬᠵᠢᠭᠤᠯᠤᠭᠰᠠᠨ᠂ ᠵᠦᠷᠢᠶᠡᠵᠢᠬᠦᠯᠦᠭᠰᠡᠨ ᠬᠥᠭᠵᠢᠯᠲᠡ ᠶᠢ ᠪᠡᠶᠡᠯᠡᠭᠦᠯᠵᠦ᠂ ᠣᠷᠣᠨ ᠤ ᠲᠥᠪ ᠤᠨ ︽ᠬᠠᠭᠠᠰ | ᠴᠠᠭ ᠤᠨ ᠬᠤᠳᠠ ᠶᠢᠨ ᠴᠠᠭᠠᠷᠢᠭ︾ ᠢ ᠪᠠᠶᠢᠭᠤᠯᠤᠨ᠎ᠠ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ | ᠴᠣᠭᠴᠠᠵᠢᠭᠤᠯᠤᠨ ᠬᠥᠭᠵᠢᠭᠦᠯᠬᠦ ᠰᠠᠭᠤᠷᠢ ᠮᠥᠩᠭᠦ ᠪᠠᠶᠢᠭᠤᠯᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ | ᠲᠦᠷᠦᠭᠦᠯᠡᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠣᠷᠣᠨ ᠪᠦᠰᠡ ᠶᠢᠨ ᠰᠠᠭᠤᠷᠢ ᠪᠡᠯᠡᠳᠬᠡᠮᠵᠢ ᠶᠢᠨ | ᠬᠠᠷᠢᠯᠴᠠᠨ ᠨᠡᠪᠲᠡᠷᠡᠯᠴᠡᠬᠦ᠂ ᠤᠯᠠᠨ ᠨᠡᠶᠢᠳᠡ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠠᠵᠤ ᠦᠢᠯᠡᠰ ᠤᠨ | ᠪᠦᠯᠦᠭᠵᠢᠯ ᠬᠠᠮᠵᠢᠯᠴᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤᠪᠠᠷ ᠵᠠᠰᠠᠬᠤ ᠶᠢ ᠭᠦᠨᠵᠡᠭᠡᠶᠢᠷᠡᠭᠦᠯᠦᠨ᠂ | ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ︽ᠨᠢᠭᠡ ᠴᠠᠭ ᠤᠨ ᠬᠤᠳᠠ ᠶᠢᠨ ᠴᠠᠭᠠᠷᠢᠭ︾ ᠢ ᠬᠥᠲᠥᠯᠥᠨ | ᠳᠠᠭᠠᠭᠤᠯᠤᠨ᠎ᠠ᠃ ᠪᠡᠭᠡᠵᠢᠩ ᠲᠢᠶᠠᠨᠵᠢᠨ ᠾᠧᠪᠧᠢ ᠶᠢᠨ ᠠᠵᠤ ᠦᠢᠯᠡᠰ᠂ ᠴᠢᠳᠠᠪᠤᠷᠢᠲᠠᠨ᠂ ᠮᠡᠷᠭᠡᠵᠢᠯ ᠵᠡᠷᠭᠡ ᠶᠢᠨ | ᠰᠢᠯᠵᠢᠯᠲᠡ ᠶᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ᠂ ᠰᠡᠯᠡᠭᠦᠴᠡᠯ ᠠᠮᠠᠷᠠᠯᠲᠠ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠥᠬᠦ | ᠬᠦᠴᠦᠨ ᠢᠶᠠᠷ ᠢᠶᠠᠨ ᠪᠠᠲᠤᠯᠠᠵᠤ᠂ ᠪᠡᠭᠡᠵᠢᠩ ᠲᠢᠶᠠᠨᠵᠢᠨ ᠾᠧᠪᠧᠢ ᠶᠢᠨ ︽ᠬᠤᠶᠠᠷ ᠴᠠᠭ ᠤᠨ ᠠᠵᠤ ᠠᠬᠤᠢ ᠶᠢᠨ | ᠴᠠᠭᠠᠷᠢᠭ︾ ᠲᠤ ᠠᠭᠤᠰᠤᠯᠴᠠᠨ᠎ᠠ᠃ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠳᠤᠮᠳᠠᠳᠤ | ᠮᠣᠩᠭᠤᠯ ᠣᠷᠣᠰ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠵᠡᠷᠭᠡ ᠲᠠᠪᠴᠠᠩ ᠤᠨ ᠠᠴᠢᠶᠠᠯᠠᠪᠤᠷᠢ ᠶᠢ ᠰᠠᠶᠢᠲᠤᠷ | ᠠᠰᠢᠭᠯᠠᠵᠤ᠂ ᠮᠣᠩᠭᠤᠯ ᠣᠷᠣᠰ ᠡᠸᠦ᠋ᠷᠦᠫᠡ ᠯᠦᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ | ᠭᠦᠨᠵᠡᠭᠡᠶᠢᠷᠡᠭᠦᠯᠵᠦ᠂ ᠮᠣᠩᠭᠤᠯ ᠣᠷᠣᠰ ᠡᠸᠦ᠋ᠷᠦᠫᠡ ᠳᠤ ᠬᠠᠨᠳᠤᠭᠤᠯᠤᠭᠰᠠᠨ ︽ᠪᠥᠬᠦ ᠲᠠᠯ᠎ᠠ ᠶᠢᠨ ᠭᠠᠳᠠᠭᠠᠳᠤ | ᠨᠡᠭᠡᠭᠡᠯᠲᠡ ᠶᠢᠨ ᠴᠠᠭᠠᠷᠢᠭ︾ ᠢ ᠴᠣᠭᠴᠠᠯᠠᠨ᠎ᠠ᠃ | ︵ᠵᠢᠷᠭᠤᠭ᠎ᠠ︶ ᠬᠤᠲᠠ ᠶᠢᠨ ︽ᠬᠦᠴᠦᠷᠬᠡᠭ ᠶᠠᠰᠤ ᠴᠢᠨᠠᠷ︾ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | ᠤᠯᠤᠰ ᠤᠨ ᠨᠢᠭᠡᠳᠦᠭᠡᠷ ᠪᠦᠯᠦᠭ ᠤᠨ ᠬᠤᠲᠠ ᠶᠢᠨ ᠰᠢᠨᠡᠴᠢᠯᠡᠯᠲᠡ ᠶᠢᠨ ᠲᠤᠷᠰᠢᠯᠲᠠ ᠶᠢᠨ ᠴᠡᠭ ᠢᠶᠠᠷ | ᠵᠢᠭᠰᠠᠭᠠᠭᠳᠠᠭᠰᠠᠨ ᠠᠵᠠ ᠲᠣᠬᠢᠶᠠᠯ ᠢ ᠠᠮᠵᠢᠵᠤ᠂ ᠬᠤᠶᠠᠳᠤᠭᠠᠷ ᠲᠣᠭᠤᠷᠢᠯ ᠵᠠᠮ ᠤᠨ ᠳᠣᠲᠣᠷᠠᠬᠢ ᠬᠠᠭᠤᠴᠢᠨ | ᠬᠤᠷᠢᠶᠠᠯᠠᠯ ᠤᠨ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠵᠦ᠂ ᠬᠤᠲᠠ ᠶᠢᠨ ᠲᠣᠭᠤᠷᠢᠭ ᠤᠨ ᠲᠠᠰᠤᠷᠬᠠᠢ ᠵᠠᠮ ᠢ | ᠪᠦᠬᠦᠨ ᠢ ᠨᠡᠪᠲᠡᠷᠡᠭᠦᠯᠬᠦ ᠪᠠᠷ ᠴᠢᠷᠮᠠᠶᠢᠵᠤ᠂ ᠭᠠᠵᠠᠷ ᠳᠣᠣᠷᠠᠬᠢ ᠬᠤᠭᠤᠯᠠᠢ ᠶᠢᠨ ᠲᠣᠣᠷ ᠤᠨ ᠬᠤᠯᠪᠣᠯᠳᠤᠨ | ᠨᠡᠪᠲᠡᠷᠡᠯᠴᠡᠬᠦ ᠶᠢ ᠪᠡᠶᠡᠯᠡᠭᠦᠯᠦᠨ᠂ ᠬᠤᠲᠠ ᠶᠢᠨ ᠣᠶᠤᠨᠴᠢᠯᠠᠭᠰᠠᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ | ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠣᠷᠣᠨ ᠤ ᠲᠥᠪ ᠢ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ | ᠪᠣᠯᠭᠠᠨ᠎ᠠ᠃ ︽ᠬᠥᠮᠥᠨ ᠢ ᠲᠠᠲᠠᠬᠤ᠂ ᠬᠥᠮᠥᠨ ᠢ ᠬᠥᠮᠥᠵᠢᠭᠦᠯᠬᠦ᠂ ᠬᠥᠮᠥᠨ ᠢ ᠦᠯᠡᠳᠡᠭᠡᠬᠦ᠂ ᠬᠥᠮᠥᠨ ᠢ ᠬᠡᠷᠡᠭᠯᠡᠬᠦ︾ | ᠳᠤ ᠰᠠᠭᠤᠷᠢᠯᠠᠵᠤ᠂ ᠲᠡᠷᠢᠭᠦᠨ ᠵᠡᠷᠭᠡ ᠶᠢᠨ ᠰᠣᠶᠣᠯ ᠢᠷᠭᠡᠨᠰᠢᠯ ᠤᠨ ᠣᠷᠴᠢᠨ ᠲᠣᠭᠤᠷᠢᠨ᠂ ᠲᠦᠷᠦ ᠶᠢᠨ | ᠪᠣᠳᠣᠯᠭ᠎ᠠ ᠶᠢᠨ ᠣᠷᠴᠢᠨ ᠲᠣᠭᠤᠷᠢᠨ᠂ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠨᠡᠩ ᠤᠯᠠᠠ | ᠴᠢᠳᠠᠪᠤᠷᠢᠲᠠᠨ ᠢ ᠣᠷᠣᠨ ᠤ ᠲᠥᠪ ᠲᠤ ᠢᠷᠡᠭᠦᠯᠵᠦ᠂ ᠣᠷᠣᠨ ᠤ ᠲᠥᠪ ᠲᠤ ᠦᠯᠡᠳᠡᠭᠡᠵᠦ᠂ ᠦᠢᠯᠡᠰ ᠪᠣᠰᠬᠠᠵᠤ | ᠠᠵᠢᠯ ᠣᠯᠬᠤ ᠪᠣᠯᠭᠠᠵᠤ᠂ ᠣᠷᠣᠨ ᠤ ᠲᠥᠪ ᠲᠤ ᠦᠢᠯᠡᠰ ᠪᠣᠰᠬᠠᠬᠤ ᠳᠤ ᠨᠡᠩ ᠲᠣᠬᠢᠷᠠᠮᠵᠢᠲᠠᠢ ᠪᠣᠯᠭᠠᠨ᠎ᠠ᠃ | ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠵᠦ᠂ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯᠵᠢᠭᠰᠡᠨ ᠨᠡᠶᠢᠳᠡᠮ ᠢ ᠬᠠᠷᠠᠭᠠᠯᠵᠠᠭᠰᠠᠨ ᠬᠥᠭᠵᠢᠯᠲᠡ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠤᠯᠠᠨ ᠶᠠᠩᠵᠤ ᠶᠢᠨ ᠬᠥᠭᠵᠢᠯᠲᠡ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠭᠰᠡᠨ ᠣᠨᠴᠠᠯᠢᠭᠲᠤ | ᠬᠥᠭᠵᠢᠯᠲᠡ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠡᠭᠡᠭᠰᠢᠯᠡᠭᠦᠯᠦᠨ ᠰᠢᠨ᠎ᠡ ᠶᠢ ᠡᠭᠦᠳᠬᠦ ᠬᠥᠭᠵᠢᠯᠲᠡ ᠶᠢ | ᠲᠦᠯᠬᠢᠨ ᠠᠬᠢᠭᠤᠯᠵᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ 40 ᠠᠴᠠ ᠳᠡᠭᠡᠭᠰᠢ ᠶᠢ ᠰᠢᠨ᠎ᠡ ᠪᠠᠷ | ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢ 40 ᠠᠴᠠ ᠳᠡᠭᠡᠭᠰᠢ ᠶᠢ ᠰᠢᠨ᠎ᠡ ᠪᠠᠷ ᠪᠠᠶᠢᠭᠤᠯᠤᠨ ᠥᠭᠡᠷᠡᠴᠢᠯᠡᠨ | ᠪᠠᠶᠢᠭᠤᠯᠵᠤ ᠥᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠡᠷᠳᠡᠮ ᠤᠨ ᠴᠣᠯᠠ ᠶᠢ 5 ᠲᠦᠮᠡ ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠵᠦ᠂ ᠣᠷᠣᠨ ᠤ ᠲᠥᠪ ᠢ ᠰᠤᠷᠤᠯᠴᠠᠬᠤ ᠳᠤ ᠨᠡᠩ ᠲᠣᠬᠢᠷᠠᠮᠵᠢᠲᠠᠢ ᠪᠣᠯᠭᠠᠨ᠎ᠠ᠃ ᠡᠷᠡᠭᠦᠯ | ᠮᠡᠨᠲᠦ ᠶᠢᠨ ᠡᠮᠴᠢᠯᠡᠭᠡ ᠰᠤᠪᠢᠯᠠᠯᠲᠠ᠂ ᠠᠮᠢ ᠠᠬᠤᠢ ᠶᠢᠨ ᠵᠢᠭᠤᠯᠴᠢᠯᠠᠯ ᠰᠤᠪᠢᠯᠠᠯᠲᠠ᠂ ᠲᠠᠮᠢᠷ ᠤᠨ ᠬᠥᠳᠡᠯᠭᠡᠭᠡᠨ | ᠪᠡᠶ᠎ᠡ ᠰᠤᠪᠢᠯᠠᠯᠲᠠ ᠵᠡᠷᠭᠡ ᠡᠷᠡᠭᠦᠯᠵᠢᠯ ᠰᠤᠪᠢᠯᠠᠯᠲᠠ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠳᠬᠡᠨ | ᠪᠠᠶᠢᠷᠢᠰᠢᠭᠤᠯᠵᠤ᠂ ᠣᠷᠣᠨ ᠤ ᠲᠥᠪ ᠢ ᠪᠡᠶ᠎ᠡ ᠰᠤᠪᠢᠯᠠᠬᠤ ᠳᠤ ᠨᠡᠩ ᠲᠣᠬᠢᠷᠠᠮᠵᠢᠲᠠᠢ ᠪᠣᠯᠭᠠᠨ᠎ᠠ᠃ ᠵᠢᠭᠤᠯᠴᠢᠯᠠᠯ ᠤᠨ | ᠴᠢᠬᠤᠯᠠ ᠲᠥᠪᠯᠡᠷᠡᠭᠦᠯᠦᠨ ᠲᠠᠷᠬᠠᠭᠠᠬᠤ ᠲᠥᠪ ᠢ ᠪᠥᠬᠦ ᠲᠠᠯ᠎ᠠ ᠪᠠᠷ ᠪᠠᠶᠢᠭᠤᠯᠵᠤ᠂ ᠤᠮᠠᠷᠠᠰᠢ ᠲᠠᠯ᠎ᠠ ᠨᠤᠲᠤᠭ ᠢᠶᠠᠷ | ᠵᠢᠭᠤᠯᠴᠢᠯᠠᠬᠤ᠂ ᠪᠠᠷᠠᠭᠤᠨᠰᠢ ᠡᠯᠡᠰᠦᠨ ᠴᠥᠯ ᠢᠶᠠᠷ ᠲᠣᠭᠤᠷᠢᠬᠤ᠂ ᠡᠮᠦᠨᠡᠰᠢ ᠬᠠᠲᠤᠨ ᠭᠤᠣᠯ ᠢ ᠰᠣᠨᠢᠷᠬᠠᠬᠤ᠂ | ᠵᠡᠭᠦᠨᠰᠢ ᠪᠡᠭᠡᠵᠢᠩ ᠲᠢᠶᠠᠨᠵᠢᠨ ᠢ ᠪᠠᠷᠠᠯᠠᠬᠤ ᠴᠢᠬᠤᠯᠠ ᠵᠢᠭᠤᠯᠴᠢᠯᠠᠯ ᠤᠨ ᠵᠣᠷᠢᠬᠤ ᠭᠠᠵᠠᠷ᠂ ᠲᠥᠪᠯᠡᠷᠡᠭᠦᠯᠦᠨ | ᠲᠠᠷᠬᠠᠭᠠᠬᠤ ᠭᠠᠵᠠᠷ ᠢ ᠪᠦᠲᠦᠭᠡᠨ ᠪᠠᠶᠢᠭᠤᠯᠵᠤ᠂ ᠣᠷᠣᠨ ᠤ ᠲᠥᠪ ᠢ ᠵᠤᠭᠠᠴᠠᠬᠤ ᠳᠤ ᠨᠠᠩ ᠲᠣᠬᠢᠷᠠᠮᠵᠢᠲᠠᠢ | ᠪᠣᠯᠭᠠᠨ᠎ᠠ᠃ | ᠭᠤᠷᠪᠠ᠂ 2022 ᠣᠨ ᠤ ᠠᠵᠢᠯ ᠤᠨ ᠲᠣᠬᠢᠷᠠᠭᠤᠯᠤᠯᠲᠠ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 7% | ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 8% | ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠣᠷᠴᠢᠮ ᠨᠡᠮᠡᠭᠳᠡᠭᠦᠯᠵᠦ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 10% ᠣᠷᠴᠢᠮ | ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 7% ᠣᠷᠴᠢᠮ ᠨᠡᠮᠡᠭᠳᠡᠭᠦᠯᠵᠦ᠂ | ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ 8% ᠣᠷᠴᠢᠮ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ | ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠᠲᠤ ᠡᠭᠦᠷᠭᠡ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠲᠣᠭᠲᠠᠭᠠᠭᠰᠠᠨ ᠨᠢ᠂ ᠤᠯᠤᠰ ᠪᠣᠯᠣᠨ ᠥᠪᠡᠷᠲᠡᠭᠡᠨ ᠵᠠᠰᠠᠬᠤ | ᠣᠷᠣᠨ ᠤ ᠠᠯᠢ ᠤᠯᠠᠨ ᠲᠣᠭᠲᠠᠭᠤᠨ ᠢᠶᠠᠷ ᠨᠡᠮᠡᠭᠳᠡᠭᠦᠯᠬᠦ ᠲᠦᠷᠦ ᠶᠢᠨ ᠪᠣᠳᠣᠯᠭ᠎ᠠ ᠶᠢᠨ ᠦᠢᠯᠡᠳᠦᠯ ᠨᠥᠯᠥᠭᠡ ᠶᠠᠭ | ᠪᠠᠳᠠᠷᠠᠵᠤ ᠪᠠᠶᠢᠬᠤ ᠳᠤ ᠰᠠᠭᠤᠷᠢᠯᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠠᠴᠠ ᠣᠷᠣᠨ ᠤ ᠲᠥᠪ ᠤᠨ ᠲᠤᠬᠠᠢ ᠳᠤᠷᠠᠳᠤᠭᠰᠠᠨ ︽ᠴᠢᠨᠠᠷ ᠰᠠᠶᠢᠲᠠᠢ ᠬᠥᠭᠵᠢᠯᠲᠡ ᠶᠢ ᠤᠷᠢᠳᠠᠪᠠᠷ | ᠪᠡᠶᠡᠯᠡᠭᠦᠯᠬᠦ︾ ᠬᠠᠷᠠᠯᠲᠠ ᠶᠢᠨ ᠱᠠᠭᠠᠷᠳᠠᠯᠭ᠎ᠠ ᠳᠤ ᠰᠠᠭᠤᠷᠢᠯᠠᠪᠠ︔ ᠮᠠᠨ ᠤ ᠬᠤᠲᠠ ᠶᠢᠨ ᠪᠥᠬᠦ ᠣᠷᠣᠨ ᠳᠤ | ᠡᠭᠦᠷᠭᠡᠯᠡᠵᠦ ᠪᠠᠶᠢᠭ᠎ᠠ ︽ᠨᠢᠷᠤᠭᠤᠪᠴᠢ ᠪᠣᠯᠬᠤ︾ ︽ᠣᠷᠣᠨ ᠤ ᠲᠥᠪ ᠢ ᠬᠦᠴᠦᠷᠬᠡᠭᠵᠢᠭᠦᠯᠬᠦ︾ ᠤᠯᠤᠰ | ᠲᠥᠷᠥ ᠶᠢᠨ ᠡᠭᠦᠷᠭᠡ ᠳᠤ ᠰᠠᠭᠤᠷᠢᠯᠠᠪᠠ︔ ᠨᠢᠭᠡᠨᠲᠡ ᠪᠦᠷᠢᠯᠳᠦᠭᠰᠡᠨ ᠯᠠᠪᠳᠠᠭᠤᠨ ᠪᠠᠲᠤᠲᠠᠢ ᠬᠥᠭᠵᠢᠯᠲᠡ ᠶᠢᠨ | ᠰᠠᠭᠤᠷᠢ ᠪᠠ ᠬᠡᠷᠡᠭᠵᠢᠭᠦᠯᠦᠭᠰᠡᠨ ᠠᠯᠢ ᠤᠯᠠᠨ ᠴᠢᠬᠤᠯᠠ ᠶᠡᠭᠡ ᠲᠦᠷᠦᠯ ᠵᠦᠢᠯ ᠤᠨ ᠬᠦᠴᠦᠲᠡᠢ ᠲᠤᠯᠭᠠᠭᠤᠷᠢᠯᠠᠯ ᠳᠤ | ᠰᠠᠭᠤᠷᠢᠯᠠᠪᠠ᠃ | ᠪᠢᠳᠡ ᠡᠷᠬᠡᠪᠰᠢ ᠡᠯ᠎ᠡ ᠲᠠᠯ᠎ᠠ ᠶᠢᠨ ᠲᠦᠷᠦ ᠶᠢᠨ ᠪᠣᠳᠣᠯᠭ᠎ᠠ ᠶᠢ ᠰᠠᠶᠢᠲᠤᠷ ᠰᠤᠳᠤᠯᠤᠨ ᠰᠠᠶᠢᠲᠤᠷ ᠠᠰᠢᠭᠯᠠᠵᠤ | ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ | ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠭᠦ ᠬᠦᠴᠦᠨ ᠢ ᠦᠨᠡᠨᠬᠦ | ᠴᠢᠩᠭᠠᠳᠬᠠᠬᠤ ᠬᠡᠷᠡᠭᠲᠡᠢ︔ ᠪᠢᠳᠡ ᠡᠷᠬᠡᠪᠰᠢ ᠬᠤᠳᠠ ᠶᠢᠨ ᠪᠠᠶᠢᠷᠢ ᠲᠣᠭᠲᠠᠭᠠᠯᠲᠠ ᠶᠢ ᠰᠠᠶᠢᠲᠤᠷ ᠡᠵᠡᠮᠳᠡᠵᠦ᠂ | ᠰᠠᠶᠢᠲᠤᠷ ᠪᠠᠳᠠᠷᠠᠭᠤᠯᠵᠤ᠂ ︽ᠣᠷᠣᠨ ᠤ ᠲᠥᠪ︾ ᠪᠣᠯᠣᠨ ︽ᠣᠷᠣᠨ ᠪᠦᠰᠡ ᠶᠢᠨ ᠲᠥᠪ︾ ᠤᠨ ᠴᠢᠳᠠᠪᠬᠢ ᠶᠢ | ᠲᠤᠪᠤᠶᠢᠯᠭᠠᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠭᠤᠣᠯ ᠵᠠᠩᠭᠢᠯᠠᠭ᠎ᠠ ᠶᠢ ᠪᠦᠲᠦᠮᠵᠢᠲᠡᠢ | ᠪᠣᠶᠢᠵᠢᠭᠤᠯᠬᠤ ᠬᠡᠷᠡᠭᠲᠡᠢ︔ ᠪᠢᠳᠡ ᠡᠷᠬᠡᠪᠰᠢ ᠲᠦᠷᠦᠯ ᠵᠦᠢᠯ ᠢ ᠶᠡᠷᠦᠩᠬᠡᠶᠢᠯᠡᠨ ᠵᠠᠬᠢᠷᠬᠤ ᠶᠢ ᠰᠠᠶᠢᠲᠤᠷ | ᠲᠤᠪᠤᠶᠢᠯᠭᠠᠵᠤ᠂ ᠰᠠᠶᠢᠲᠤᠷ ᠪᠠᠷᠢᠮᠲᠠᠯᠠᠵᠤ᠂ ᠲᠦᠷᠦᠯ ᠵᠦᠢᠯ ᠢ ᠶᠡᠬᠡᠪᠡᠷ ᠠᠳᠬᠤᠵᠤ᠂ ᠲᠦᠷᠦᠯ ᠵᠦᠢᠯ ᠢ ᠪᠣᠳᠠᠲᠠᠢ | ᠠᠳᠬᠤᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠥᠲᠥᠯᠥᠨ ᠳᠠᠭᠠᠭᠤᠯᠬᠤ ᠲᠤᠯᠭᠠᠭᠤᠷᠢᠯᠠᠯ ᠢ | ᠬᠦᠴᠦᠲᠡᠢ ᠳᠡᠭᠡᠭᠰᠢᠯᠡᠭᠦᠯᠬᠦ ᠬᠡᠷᠡᠭᠲᠡᠢ︔ ᠪᠢᠳᠡ ᠡᠷᠬᠡᠪᠰᠢ ᠬᠦᠨᠳᠦ ᠶᠡᠭᠡ ᠠᠶᠤᠯ ᠲᠦᠭᠰᠢᠭᠦᠷᠢ ᠶᠢ ᠰᠠᠶᠢᠲᠤᠷ | ᠰᠡᠷᠭᠡᠶᠢᠯᠡᠵᠦ᠂ ᠰᠠᠶᠢᠲᠤᠷ ᠠᠷᠢᠯᠭᠠᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ | ᠬᠥᠭᠵᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠪᠠᠲᠤᠯᠠᠭ᠎ᠠ ᠶᠢ ᠲᠠᠰᠤᠷᠠᠯᠲᠠ ᠦᠭᠡᠢ | ᠪᠠᠲᠤᠳᠬᠠᠬᠤ ᠬᠡᠷᠡᠭᠲᠡᠢ᠃ ᠭᠠᠭᠴᠠ ᠬᠦ ᠬᠠᠷᠠᠯᠲᠠ ᠪᠠᠨ ᠰᠤᠯᠠᠷᠠᠭᠤᠯᠤᠯ ᠦᠭᠡᠢ ᠪᠠᠷᠢᠮᠲᠠᠯᠠᠵᠤ᠂ ᠡᠭᠦᠷᠭᠡ ᠪᠠᠨ | ᠴᠢᠩᠭ᠎ᠠ ᠠᠩᠬᠠᠷᠴᠤ ᠡᠴᠦᠰ ᠲᠤᠨᠢ ᠲᠤᠯᠲᠠᠯ᠎ᠠ ᠬᠢᠳᠡᠭ ᠯᠡ ᠶᠤᠮ ᠪᠣᠯ ᠮᠠᠨ ᠤ ᠲᠣᠭᠲᠠᠭᠠᠭᠰᠠᠨ ᠬᠠᠷᠠᠯᠲᠠ ᠯᠠᠪᠲᠠᠢ | ᠪᠡᠶᠡᠯᠡᠭᠳᠡᠬᠦ ᠶᠤᠮ᠃ | ︵ᠨᠢᠭᠡ︶ ᠪᠡᠯᠡ ᠣᠷᠣᠭᠤᠯᠤᠯᠲᠠ ᠶᠢ ᠥᠷᠭᠡᠳᠬᠡᠵᠦ ᠬᠡᠷᠡᠭᠯᠡᠭᠡ ᠶᠢ ᠠᠬᠢᠭᠤᠯᠬᠤ ᠪᠠᠷ ᠬᠦᠴᠦᠯᠡᠨ᠎ᠡ | ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠨ᠎ᠡ᠃ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠭᠠᠨ ᠠᠳᠬᠤᠬᠤ ᠶᠢ ᠪᠠᠷᠢᠮᠲᠠᠯᠠᠵᠤ᠂ ︽ᠬᠤᠣᠰ | ᠨᠢᠭᠡ ᠮᠢᠩᠭ᠎ᠠ︾ ᠶᠢᠨ ᠬᠠᠷᠠᠯᠲᠠ ᠶᠣᠰᠣᠭᠠᠷ᠂ ᠭᠤᠣᠯᠳᠠᠯᠭ᠎ᠠ ᠲᠠᠢ ᠲᠥᠷᠥᠯ ᠵᠦᠢᠯ ᠢ 1000 ᠠᠴᠠ ᠳᠡᠭᠡᠭᠰᠢ ᠶᠢ | ᠬᠡᠷᠡᠭᠵᠢᠭᠦᠯᠵᠦ᠂ 1000 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠂ | ᠡᠭᠦᠨ ᠳᠤ 50 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ 26᠂ 10 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ 201 ᠶᠢ ᠬᠡᠷᠡᠭᠵᠢᠭᠦᠯᠦᠨ᠎ᠡ᠃ ᠪᠥᠬᠦ | ᠵᠢᠯ ᠳᠤ ᠠᠵᠤ ᠦᠢᠯᠡᠰ ᠤᠨ ᠲᠥᠷᠥᠯ ᠤᠨ ᠲᠥᠷᠥᠯ ᠵᠦᠢᠯ ᠢ 551᠂ ᠠᠷᠠᠳ ᠤᠨ ᠠᠮᠢᠳᠤᠷᠠᠯ ᠤᠨ ᠲᠥᠷᠥᠯ ᠤᠨ | ᠲᠥᠷᠥᠯ ᠵᠦᠢᠯ ᠢ163᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠮ ᠬᠠᠷᠢᠯᠴᠠᠭᠠᠨ ᠤ ᠲᠥᠷᠥᠯ ᠤᠨ | ᠲᠥᠷᠥᠯ ᠵᠦᠢᠯ ᠢ 328 ᠶᠢ ᠬᠡᠷᠡᠭᠵᠢᠭᠦᠯᠦᠨ᠎ᠡ᠃ ᠲᠥᠪᠯᠡᠷᠡᠭᠦᠯᠦᠨ ᠬᠢᠨᠠᠨ ᠵᠥᠪᠰᠢᠶᠡᠷᠡᠬᠦ᠂ ᠲᠥᠪᠯᠡᠷᠡᠭᠦᠯᠦᠨ ᠠᠵᠢᠯ | ᠡᠬᠢᠯᠡᠭᠦᠯᠬᠦ᠂ ᠲᠥᠪᠯᠡᠷᠡᠭᠦᠯᠦᠨ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ᠂ ᠨᠢᠭᠡᠳᠦᠭᠡᠷ ᠤᠯᠠᠷᠢᠯ ᠳᠤ ︽ᠰᠠᠶᠢᠨ | ᠡᠬᠢᠯᠡᠯᠲᠡ ᠲᠠᠢ︾᠂ ᠪᠥᠬᠦ ᠵᠢᠯ ᠳᠤ ︽ᠬᠠᠷᠠᠯᠲᠠ ᠲᠣᠭᠲᠠᠭᠤᠨ︾ ᠪᠠᠶᠢᠬᠤ ᠶᠢ ᠦᠨᠡᠨᠬᠦ ᠪᠠᠲᠤᠯᠠᠨ᠎ᠠ᠃ | ᠬᠡᠷᠡᠭᠯᠡᠭᠡ ᠶᠢ ᠠᠬᠢᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠪᠠᠭᠲᠠᠭᠠᠮᠵᠢ ᠶᠢ ᠥᠷᠭᠡᠳᠬᠡᠨ᠎ᠡ᠃ SKP | ᠬᠤᠰᠢᠭᠤᠴᠢ ᠳᠡᠯᠭᠡᠭᠦᠷ᠂ ᠦ᠋ ᠶᠤᠸᠠᠢ ᠲᠠᠯᠠᠪᠠᠶ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ | ᠵᠦᠢᠯ ᠢ ᠭᠤᠣᠯᠳᠠᠯᠭ᠎ᠠ ᠲᠠᠢ ᠠᠬᠢᠭᠤᠯᠵᠤ᠂ ᠬᠤᠲᠠ ᠶᠢᠨ ᠡᠮᠦᠨᠡᠬᠢ ᠸᠠᠨ ᠳ᠋ᠠ ᠲᠠᠯᠠᠪᠠᠶ᠂ ᠶᠦᠩ ᠲᠠᠢ ᠴᠧᠩ ᠤᠨ ᠸᠠᠨ | ᠳ᠋ᠠ ᠲᠠᠯᠠᠪᠠᠶ᠂ ᠬᠤᠸᠠ ᠷᠦᠨ ᠸᠠᠨ ᠰᠢᠶᠠᠩ ᠬᠤᠲᠠ ᠵᠡᠷᠭᠡ ᠴᠢᠨᠠᠷ ᠰᠠᠶᠢᠲᠠᠢ ᠬᠡᠷᠡᠭᠯᠡᠭᠡᠨ ᠤ ᠲᠥᠷᠥᠯ ᠵᠦᠢᠯ ᠢ | ᠲᠦᠷᠭᠡᠳᠬᠡᠨ ᠬᠡᠷᠡᠭᠵᠢᠭᠦᠯᠦᠨ᠎ᠡ︔ ᠵᠥᠩ ᠱᠠᠨ ᠵᠠᠮ ᠵᠡᠷᠭᠡ ᠤᠯᠠᠮᠵᠢᠯᠠᠯᠲᠤ ᠬᠤᠳᠠᠯᠳᠤᠭᠠᠨ ᠤ ᠲᠣᠭᠤᠷᠢᠭ ᠤᠨ | ᠬᠡᠯᠪᠡᠷᠢ ᠪᠠᠨ ᠬᠤᠪᠢᠷᠠᠭᠤᠯᠬᠤ ᠶᠢ ᠶᠡᠬᠡᠪᠡᠷ ᠲᠦᠯᠬᠢᠨ ᠠᠬᠢᠭᠤᠯᠵᠤ᠂ ᠭᠠᠵᠠᠷ ᠳᠣᠣᠷᠠᠬᠢ ᠲᠡᠮᠦᠷ ᠵᠠᠮ ᠤᠨ ᠰᠦᠯᠵᠢᠶᠡᠨ | ᠤᠳᠤᠨ ᠵᠡᠭᠡᠯᠢ᠂ ᠪᠣᠭᠤᠮᠲᠠ ᠶᠢᠨ ᠬᠠᠭᠤᠴᠢᠨ ᠵᠡᠭᠡᠯᠢ ᠵᠡᠷᠭᠡ ᠣᠨᠴᠠᠯᠢᠭᠲᠤ ᠬᠡᠷᠡᠭᠯᠡᠭᠡᠨ ᠤ ᠲᠥᠷᠥᠯ ᠵᠦᠢᠯ ᠢ | ᠲᠡᠭᠦᠯᠳᠡᠷᠵᠢᠭᠦᠯᠦᠨ ᠳᠡᠭᠡᠭᠰᠢᠯᠡᠭᠦᠯᠦᠨ᠎ᠡ︔ ᠨᠡᠶᠢᠭᠡᠮ ᠲᠣᠭᠤᠷᠢᠭ ᠤᠨ ᠠᠷᠠᠳ ᠲᠤ ᠠᠰᠢᠭ ᠬᠦᠷᠲᠡᠭᠡᠬᠦ ᠰᠢᠨ᠎ᠡ | ᠰᠣᠷᠭᠤᠭ ᠢᠳᠡᠭᠡᠨ ᠤ ᠳᠡᠯᠭᠡᠭᠦᠷ ᠢ 100 ᠠᠴᠠ ᠳᠡᠭᠡᠭᠰᠢ ᠶᠢ ᠪᠠᠶᠢᠭᠤᠯᠵᠤ᠂ 68 ᠲᠠᠷᠢᠶᠠᠯᠠᠩ ᠤᠨ ᠠᠷᠠᠯᠵᠢᠶᠠᠨ ᠤ | ᠵᠠᠬ᠎ᠠ ᠳᠡᠯᠭᠡᠭᠦᠷ ᠢ ᠥᠭᠡᠷᠡᠴᠢᠯᠡᠨ ᠳᠡᠭᠡᠭᠰᠢᠯᠡᠭᠦᠯᠵᠦ᠂ ᠠᠷᠠᠳ ᠲᠤ ᠲᠥᠬᠦᠮ ᠦᠵᠡᠭᠦᠯᠬᠦ ᠬᠡᠷᠡᠭᠯᠡᠭᠡᠨ ᠤ ᠲᠥᠷᠥᠯ | ᠵᠦᠢᠯ ᠢ ᠣᠯᠠᠨ ᠶᠠᠩᠵᠤ ᠪᠠᠷ ᠪᠠᠶᠢᠷᠢᠰᠢᠭᠤᠯᠤᠨ᠎ᠠ᠃ ᠰᠢᠨ᠎ᠡ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠳᠤ | ᠵᠣᠬᠢᠴᠠᠭᠤᠯᠤᠨ᠂ ᠪᠥᠬᠦ ᠣᠷᠣᠨ᠂ ᠪᠥᠬᠦ ᠤᠯᠤᠰ ᠤᠨ ᠵᠠᠬ᠎ᠠ ᠳᠡᠯᠭᠡᠭᠦᠷ ᠲᠤ ᠬᠠᠨᠳᠤᠭᠤᠯᠤᠭᠰᠠᠨ ᠬᠡᠷᠡᠭᠯᠡᠭᠡᠨ ᠤ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠳᠤᠮᠳᠠᠳᠤ ᠤᠯᠤᠰ ᠤᠨ | ᠤᠮᠠᠷᠠᠲᠤ ᠶᠢᠨ ᠦᠢᠯᠡᠴᠢᠯᠡᠭᠡᠨ ᠤ ᠨᠠᠷᠠᠲᠤ ᠬᠤᠲᠠ ᠶᠢ ᠴᠣᠭᠴᠠᠯᠠᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠵᠤ | ᠦᠢᠯᠡᠰ ᠤᠨ ᠪᠦᠯᠦᠭᠵᠢᠯ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠬᠤᠣᠰ ᠲᠤᠰᠬᠠᠢ ᠠᠩᠭᠢ︾ ᠶᠢ | ᠬᠦᠴᠦᠷᠬᠡᠭᠵᠢᠭᠦᠯᠦᠨ ᠪᠠᠶᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠰᠢᠯᠢᠳᠡᠭᠵᠢᠭᠦᠯᠦᠨ᠂ ᠬᠢᠨᠠᠨ ᠰᠢᠯᠭᠠᠬᠤ ᠤᠷᠮᠠᠰᠢᠭᠤᠯᠬᠤ ᠳᠦᠷᠢᠮ ᠢ ᠡᠷᠡᠰ ᠬᠡᠷᠡᠭᠵᠢᠭᠦᠯᠵᠦ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠦᠴᠦᠷᠬᠡᠭ ᠶᠡᠭᠡ ᠨᠡᠶᠢᠯᠡᠯ ᠬᠦᠴᠦᠨ ᠢ ᠪᠦᠷᠢᠯᠳᠦᠭᠦᠯᠦᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠴᠡᠭ ᠠᠴᠠ ᠴᠡᠭ ᠲᠤ | ᠭᠠᠳᠠᠭᠰᠢ ᠭᠠᠷᠴᠤ᠂ ᠨᠠᠷᠢᠯᠢᠭ ᠣᠨᠣᠴᠠᠲᠠᠢ ᠪᠠᠷ ᠲᠠᠲᠠᠨ ᠣᠷᠣᠭᠤᠯᠵᠤ᠂ ᠪᠡᠭᠡᠵᠢᠩ ᠲᠢᠶᠠᠨᠵᠢᠨ ᠾᠧᠪᠧᠢ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠠᠵᠠᠷ ᠣᠷᠣᠨ ᠢ ᠴᠢᠭᠯᠡᠵᠦ᠂ | ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠵᠤ᠂ ᠨᠡᠶᠢᠭᠡᠮᠯᠢᠭ ᠢᠶᠠᠷ ᠬᠤᠳᠠᠯᠳᠤᠭᠠᠴᠢᠨ ᠤᠷᠢᠵᠤ᠂ ᠠᠵᠤ | ᠦᠢᠯᠡᠰ ᠢᠶᠠᠷ ᠬᠤᠳᠠᠯᠳᠤᠭᠠᠴᠢᠨ ᠤᠷᠢᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ | 300 ᠠᠴᠠ ᠳᠡᠭᠡᠭᠰᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠪᠡᠯᠡ ᠣᠷᠣᠭᠤᠯᠤᠯᠲᠠ ᠶᠢ 400 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ᠃ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ | ᠪᠣᠶᠢᠵᠢᠭᠤᠯᠬᠤ ᠬᠥᠮᠥᠷᠭᠡ ᠶᠢ ᠪᠠᠶᠢᠭᠤᠯᠵᠤ᠂ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠢ 15 ᠠᠴᠠ | ᠳᠡᠭᠡᠭᠰᠢ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ 7 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ | ︵ᠬᠤᠶᠠᠷ︶ ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ ᠢ ᠬᠦᠴᠦᠲᠡᠢ ᠰᠠᠶᠢᠲᠤᠷ ᠠᠳᠬᠤᠨ᠎ᠠ | ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ | ᠦᠢᠯᠡᠰ ᠤᠨ ᠪᠦᠯᠦᠭᠵᠢᠯ ᠢ ᠲᠦᠷᠭᠡᠳᠬᠡᠨ ᠬᠥᠭᠵᠢᠭᠦᠯᠦᠨ᠎ᠡ᠃ 83 ᠭᠤᠣᠯᠳᠠᠯᠭ᠎ᠠ ᠲᠠᠢ ᠲᠥᠷᠥᠯ ᠵᠦᠢᠯ ᠢ | ᠬᠡᠷᠡᠭᠵᠢᠭᠦᠯᠦᠨ᠎ᠡ᠃ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠪᠠ ᠮᠧᠩ ᠨᠢᠦ ᠶᠢᠨ | ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠢᠯᠢ ᠶᠢᠨ ᠳᠡᠭᠡᠳᠦ ᠲᠠᠰ ᠤᠨ ᠨᠢᠯᠬ᠎ᠠ ᠬᠡᠦᠬᠡᠳ ᠤᠨ ᠤᠤᠭᠤᠬᠤ ᠨᠠᠶᠢᠷᠠᠯᠭ᠎ᠠ ᠲᠠᠢ | ᠰᠦᠨ ᠲᠠᠯᠬ᠎ᠠ ᠪᠠ ᠳᠡᠭᠡᠳᠦ ᠲᠠᠰ ᠤᠨ ᠰᠢᠩᠭᠡᠨ ᠲᠥᠯᠥᠪᠲᠦ ᠰᠦ᠂ ᠮᠧᠩ ᠨᠢᠦ ᠶᠢᠨ ᠪᠢᠰᠢᠯᠠᠭ ᠵᠡᠷᠭᠡ ᠲᠥᠷᠥᠯ | ᠵᠦᠢᠯ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ︔ ᠢᠯᠢ ᠶᠢᠨ ᠪᠢᠰᠢᠯᠠᠭ᠂ ᠮᠧᠩ | ᠨᠢᠦ ᠶᠢᠨ ᠳᠣᠣᠷ᠎ᠠ ᠳᠤᠯᠠᠭᠠᠨᠲᠤ ᠰᠦ ᠪᠣᠯᠣᠨ ᠶᠢᠦ ᠷᠠᠨ ᠮᠠᠯ ᠠᠵᠤ ᠠᠬᠤᠢ ᠶᠢᠨ ᠰᠠᠭᠠᠯᠢ ᠶᠢᠨ ᠢᠮᠠᠭ᠎ᠠ ᠲᠡᠵᠢᠭᠡᠨ | ᠦᠷᠡᠵᠢᠭᠦᠯᠬᠦ᠂ ᠱᠧᠩ ᠵᠢᠶᠠᠨ ᠤ ᠰᠠᠭᠠᠯᠢ ᠶᠢᠨ ᠢᠮᠠᠭᠠᠨ ᠤ ᠰᠠᠭᠤᠷᠢᠨ ᠭᠠᠵᠠᠷ᠂ ᠵᠧᠩ ᠳ᠋ᠡ ᠭᠠᠭ᠋ᠠᠢ ᠲᠡᠵᠢᠭᠡᠨ | ᠦᠷᠡᠵᠢᠭᠦᠯᠬᠦ ᠵᠡᠷᠭᠡ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠦᠨ᠎ᠡ︔ ᠵᠢᠶᠠ ᠭᠦᠸᠧ ᠯᠦᠩ ᠭᠦᠩᠹᠦ᠋ ᠼᠠᠢ | ᠲᠥᠪ ᠲᠣᠭᠤᠭᠠᠨ ᠭᠡᠷ᠂ ᠳ᠋ᠠ ᠶᠣᠣ ᠶᠢᠨ ᠵᠢᠯ ᠤᠨ ᠭᠠᠷᠤᠯᠲᠠ 30 ᠲᠦᠮᠡᠨ ᠲᠣᠨ ᠤ ᠤᠮᠳᠠᠭᠠᠨ ᠵᠢᠴᠢ ᠵᠢᠮᠢᠰ | ᠢᠳᠡᠰᠢᠨ ᠨᠣᠭᠤᠭ᠎ᠠ ᠶᠢᠨ ᠰᠢᠭᠦᠰᠦ ᠶᠢᠨ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠬᠤ ᠶᠢ ᠠᠬᠢᠭᠤᠯᠵᠤ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ︽ᠳᠡᠯᠡᠬᠡᠢ ᠶᠢᠨ ᠰᠦ ᠶᠢᠨ ᠬᠤᠲᠠ︾ | ᠳᠠᠰᠢ ᠲᠦᠷᠭᠡᠨ ᠤᠷᠤᠭᠰᠢᠯᠠᠨ᠎ᠠ᠃ | ᠴᠡᠪᠡᠷ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠬᠥᠭᠵᠢᠭᠦᠯᠦᠨ᠎ᠡ᠃ 70 | ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠎ᠡ᠃ ᠶᠤᠸᠠᠨ ᠵᠢᠩ ᠤᠨ 40 ᠲᠦᠮᠡᠨ ᠺᠢᠯᠣᠸᠠᠲ ᠤᠨ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠬᠤᠰᠢᠭᠤᠴᠢ ᠵᠢᠱᠢᠶ᠎ᠡ | ᠦᠵᠡᠭᠦᠯᠬᠦ ᠰᠠᠭᠤᠷᠢᠨ ᠭᠠᠵᠠᠷ᠂ ᠲᠢᠶᠠᠨ ᠨᠧᠩ ᠬᠦᠨᠳᠦ ᠠᠵᠤ ᠦᠢᠯᠡᠳᠪᠦᠷᠢ ᠶᠢᠨ 15 ᠲᠦᠮᠡᠨ ᠺᠢᠯᠣᠸᠠᠲ ᠤᠨ | ᠰᠠᠯᠬᠢᠨ ᠬᠦᠴᠦᠨ ᠤ ᠴᠠᠬᠢᠯᠭᠠᠨ ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠤᠯᠠᠨ | ᠤᠯᠤᠰ ᠤᠨ ᠡᠨᠧᠷᠭᠢ ᠶᠢᠨ ᠬᠤᠰᠢᠭᠤᠴᠢ ᠣᠷᠣᠨ ᠤ ᠤᠮᠠᠷᠠᠲᠤ ᠶᠢᠨ ᠲᠥᠪ᠂ ᠯᠦᠩ ᠶᠤᠸᠠᠨ ᠰᠢᠨ᠎ᠡ ᠡᠨᠧᠷᠭᠢ ᠶᠢᠨ | ᠠᠵᠤ ᠦᠢᠯᠡᠰ ᠤᠨ ᠬᠦᠷᠢᠶᠡᠯᠡᠩ ᠵᠡᠷᠭᠡ ᠲᠦᠷᠦᠯ ᠵᠦᠢᠯ ᠢ ᠡᠬᠢᠯᠡᠭᠦᠯᠦᠨ᠎ᠡ︔ ᠳ᠋ᠠ ᠲᠠᠩ ᠤᠨ ᠵᠠᠭᠤᠨ ᠲᠦᠮᠡᠨ ᠤ | ᠲᠠᠰ ᠤᠨ ᠰᠢᠨ᠎ᠡ ᠡᠨᠧᠷᠭᠢ ᠶᠢ ᠨᠡᠶᠢᠯᠡᠭᠦᠯᠵᠦ ᠭᠠᠳᠠᠭᠰᠢ ᠬᠦᠷᠭᠡᠬᠦ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ | ᠶᠢᠨ ᠬᠤᠲᠠ ᠶᠢᠨ ᠡᠨᠧᠷᠭᠢ ᠶᠢᠨ ᠶᠡᠷᠦᠩᠬᠡᠶᠢᠯᠡᠭᠰᠡᠨ ᠴᠣᠭᠴᠠ᠂ ᠤᠰᠤ ᠲᠠᠲᠠᠵᠤ ᠡᠨᠧᠷᠭᠢ ᠬᠠᠳᠠᠭᠠᠯᠠᠬᠤ | ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ︔ ᠢᠯᠢ ᠶᠢᠨ ᠣᠲᠣ ᠦᠶ᠎ᠡ ᠶᠢᠨ | ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ | ᠲᠣᠭᠤᠷᠢᠭ᠂ ᠮᠧᠩ ᠨᠢᠦ ᠶᠢᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠪᠥᠬᠦ ᠠᠵᠤ ᠦᠢᠯᠡᠰ ᠤᠨ | ᠬᠡᠯᠬᠢᠶᠡᠨ ᠤ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠤᠨ᠎ᠠ︔ ᠳ᠋ᠠ ᠲᠠᠩ ᠤᠨ ᠲᠣᠭᠲᠠᠬᠤ ᠰᠢᠶᠠᠨ ᠤ | ᠴᠠᠬᠢᠯᠭᠠᠨ ᠤ ᠦᠢᠯᠡᠳᠪᠦᠷᠢ᠂ ᠬᠤᠷᠢᠨᠭᠡᠷ ᠤᠨ ᠴᠠᠬᠢᠯᠭᠠᠨ ᠤ ᠦᠢᠯᠡᠳᠪᠦᠷᠢ᠂ ᠬᠥᠬᠡᠬᠤᠲᠠ ᠶᠢᠨ ᠢᠯᠴᠢ ᠶᠢᠨ | ᠴᠠᠬᠢᠯᠭᠠᠨ ᠤ ᠦᠢᠯᠡᠳᠪᠦᠷᠢ ᠵᠡᠷᠭᠡ ᠶᠢᠨ ᠠᠮᠢᠳᠤᠯᠢᠭ ᠥᠭᠡᠷᠡᠴᠢᠯᠡᠯᠲᠡ ᠶᠢ ᠪᠡᠶᠡᠯᠡᠭᠦᠯᠵᠦ᠂ ᠪᠦᠬᠦ ᠤᠯᠤᠰ ᠤᠨ ᠴᠡᠪᠡᠷ | ᠡᠨᠧᠷᠭᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠮᠠᠷᠠᠲᠤ ᠶᠢᠨ ᠴᠡᠪᠡᠷ ᠡᠨᠧᠷᠭᠢ ᠶᠢᠨ | ᠠᠵᠤ ᠠᠬᠤᠶᠢᠯᠠᠯ ᠤᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ | ᠤᠳᠤ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ | ᠬᠥᠭᠵᠢᠭᠦᠯᠦᠨ᠎ᠡ᠃ 18 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠎ᠡ᠃ ᠵᠢᠦ ᠲᠠᠢ ᠶᠢᠨ 100 ᠲᠦᠮᠡᠨ | ᠲᠣᠨ ᠡᠲ᠋ᠠ ᠬᠤᠶᠠᠷᠴᠢ ᠠᠯᠺᠣᠣᠯ᠂ ᠰᠢᠦᠢ ᠶᠠᠩ ᠵᠦᠩ ᠷᠠᠨ ᠤ 300 ᠲᠦᠮᠡᠨ ᠲᠣᠨ ᠤ ᠬᠡᠦᠷᠰᠢᠭᠦᠯᠬᠦ ᠵᠢᠴᠢ | ᠤᠰᠤᠲᠥ᠋ᠷᠥᠭᠴᠢ ᠦᠢᠯᠡᠳᠴᠦ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠢ ᠵᠢᠩᠬᠢᠨᠢ ᠪᠠᠷ ᠠᠰᠢᠭᠯᠠᠯᠲᠠ ᠳᠤ | ᠣᠷᠣᠭᠤᠯᠬᠤ ᠶᠢ ᠠᠬᠢᠭᠤᠯᠤᠨ᠎ᠠ︔ ᠵᠢᠦ ᠲᠠᠢ ᠶᠢᠨ ᠨᠡᠭᠦᠷᠡᠰᠦ ᠪᠠᠷ ᠰᠠᠭᠤᠷᠢ ᠪᠣᠯᠭᠠᠭᠰᠠᠨ ᠵᠠᠳᠠᠷᠠᠵᠤ ᠪᠣᠯᠬᠤ | ᠮᠠᠲ᠋ᠧᠷᠢᠶᠠᠯ᠂ ᠵᠢᠦ ᠲᠠᠢ ᠶᠢᠨ ᠤᠰᠤᠲᠥ᠋ᠷᠥᠭᠴᠢ ᠶᠢ ᠰᠢᠩᠭᠡᠨᠵᠢᠭᠦᠯᠦᠨ ᠴᠡᠪᠡᠷᠰᠢᠭᠦᠯᠬᠦ᠂ ᠰᠠᠨ ᠯᠢᠶᠠᠨ ᠬᠢᠮᠢ ᠶᠢᠨ ᠠᠵᠤ | ᠦᠢᠯᠡᠳᠪᠦᠷᠢ ᠶᠢᠨ ᠴᠠᠬᠢᠯᠠᠭᠤᠷ ᠴᠢᠯᠠᠭᠤᠨ ᠵᠤᠤᠬ᠎ᠠ ᠶᠢ ᠨᠡᠭᠦᠯᠭᠡᠬᠦ ᠮᠡᠷᠭᠡᠵᠢᠯ ᠤᠨ ᠥᠭᠡᠷᠡᠴᠢᠯᠡᠯᠲᠡ᠂ ᠳᠤᠮᠳᠠᠳᠤ | ᠤᠯᠤᠰ ᠤᠨ ᠴᠢᠯᠠᠭᠤᠨ ᠲᠣᠰᠣᠨ ᠤ ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ ᠫᠷᠣᠫᠠᠨ ᠢᠶᠠᠷ | ᠤᠰᠤᠲᠥ᠋ᠷᠥᠭᠴᠢ ᠶᠢ ᠠᠯᠳᠠᠭᠤᠯᠬᠤ ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ | ᠣᠳᠣᠬᠢᠴᠢᠯᠠᠭᠰᠠᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ | ᠰᠢᠨ᠎ᠡ ᠮᠠᠲ᠋ᠧᠷᠢᠶᠠᠯ ᠪᠠ ᠤᠳᠤ ᠦᠶ᠎ᠡ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠪᠦᠯᠦᠭᠵᠢᠯ ᠢ | ᠲᠦᠷᠭᠡᠳᠬᠡᠨ ᠬᠥᠭᠵᠢᠭᠦᠯᠦᠨ᠎ᠡ᠃ 65 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠦᠨ᠎ᠡ᠃ ᠵᠦᠩ | ᠬᠤᠸᠠᠨ ᠤ ᠠᠵᠤ ᠦᠢᠯᠡᠰ ᠤᠨ ᠬᠤᠲᠠ ᠶᠢ ᠡᠬᠢᠯᠡᠨ ᠪᠦᠲᠦᠭᠡᠨ ᠪᠠᠶᠢᠭᠤᠯᠤᠨ᠎ᠠ︔ ᠵᠦᠩ ᠬᠤᠸᠠᠨ ᠤ ᠲᠠᠪᠤᠳᠤᠭᠠᠷ | ᠬᠤᠭᠤᠴᠠᠭᠠᠨ ᠤ ᠴᠢᠳᠠᠮᠵᠢ ᠶᠢ ᠥᠷᠭᠡᠳᠬᠡᠬᠦ᠂ ᠵᠦᠩ ᠬᠤᠸᠠᠨ ᠤ 25GW ᠶᠢᠨ ᠣᠶᠤᠨᠴᠢᠯᠠᠭᠰᠠᠨ ᠬᠡᠷᠴᠢᠮᠡᠯ | ᠢᠯᠲᠠᠰᠤ᠂ ᠵᠦᠩ ᠬᠤᠸᠠᠨ ᠯᠢᠩ ᠰᠢᠶᠠᠨ ᠤ ᠬᠤᠶᠠᠳᠤᠭᠠᠷ ᠬᠤᠭᠤᠴᠠᠭᠠᠨ ᠤ ᠬᠠᠭᠠᠰ ᠳᠠᠮᠵᠢᠭᠤᠯᠤᠭᠴᠢ ᠶᠢᠨ | ᠲᠠᠰ ᠤᠨ ᠲᠠᠩ ᠲᠠᠯᠠᠰᠲᠤ ᠴᠠᠬᠢᠭᠤᠷ᠂ ᠬᠤᠸᠠ ᠶᠣᠣ ᠬᠡᠷᠡᠯ ᠴᠠᠬᠢᠯᠭᠠᠨ ᠤ ᠬᠤᠶᠠᠳᠤᠭᠠᠷ ᠬᠤᠭᠤᠴᠠᠭᠠᠨ ᠤ | 12GW ᠶᠢᠨ ᠲᠠᠩ ᠲᠠᠯᠠᠰᠲᠤ ᠴᠠᠬᠢᠭᠤᠷ ᠤᠨ ᠢᠯᠲᠠᠰᠤ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠵᠤ᠂ ︽ᠳᠤᠮᠳᠠᠳᠤ ᠤᠯᠤᠰ ᠤᠨ ᠴᠠᠬᠢᠭᠤᠷ ᠤᠨ ᠬᠥᠨᠳᠡᠢ︾ ᠶᠢ ᠴᠣᠭᠴᠠᠯᠠᠨ᠎ᠠ᠃ | ᠶᠤᠸᠠᠨ ᠵᠢᠩ ᠤᠨ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠵᠦᠩ ᠯᠢ ᠶᠢᠨ | ᠯᠢᠲ᠋ᠢ ᠴᠠᠬᠢᠯᠭᠠᠨ ᠴᠡᠨᠡᠭ ᠤᠨ ᠲᠠᠰᠤᠯᠤᠪᠴᠢ ᠶᠢᠨ ᠦᠢᠯᠡᠳᠪᠦᠷᠢᠯᠡᠯ ᠤᠨ ᠱᠤᠭᠤᠮ ᠤᠨ ᠬᠤᠶᠠᠳᠤᠭᠠᠷ ᠬᠤᠭᠤᠴᠠᠭ᠎ᠠ | ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠳ᠋ᠦᠩ ᠹᠠᠩ ᠴᠠᠬᠢᠯᠭᠠᠨ ᠤ ᠰᠠᠯᠬᠢᠨ | ᠬᠦᠴᠦᠨ ᠤ ᠴᠠᠬᠢᠯᠭᠠᠨ ᠤ ᠠᠵᠤ ᠦᠢᠯᠡᠰ ᠤᠨ ᠬᠦᠷᠢᠶᠡᠯᠡᠩ᠂ ᠴᠠᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ | ᠣᠶᠤᠨᠴᠢ ᠲᠣᠨᠣᠭᠯᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠲᠦᠷᠭᠡᠳᠬᠡᠨ | ᠠᠬᠢᠭᠤᠯᠤᠨ᠎ᠠ︔ ᠺᠠᠢ ᠸᠧ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠦᠷᠦᠯ ᠵᠦᠢᠯ ᠢ ᠠᠰᠢᠭᠯᠠᠯᠲᠠ ᠳᠤ | ᠣᠷᠣᠭᠤᠯᠬᠤ ᠶᠢ ᠲᠦᠯᠬᠢᠨ ᠠᠬᠢᠭᠤᠯᠵᠤ᠂ ᠤᠳᠤ ᠦᠶ᠎ᠡ ᠶᠢᠨ ᠲᠣᠨᠣᠭᠯᠠᠯ ᠦᠢᠯᠡᠳᠬᠦ ᠰᠠᠭᠤᠷᠢᠨ ᠭᠠᠵᠠᠷ ᠢ | ᠪᠠᠶᠢᠭᠤᠯᠤᠨ᠎ᠠ᠃ | ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠬᠥᠭᠵᠢᠭᠦᠯᠦᠨ᠎ᠡ᠃ | 36 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠦᠨ᠎ᠡ᠃ ᠶᠢᠨ ᠢᠦᠢ ᠭᠦᠩ ᠯᠢ ᠶᠢᠨ ᠡᠩᠬᠦᠷᠡᠢ ᠠᠮᠢᠲᠠᠨ ᠤ | ᠸᠠᠺᠼᠢᠨ᠂ ᠶᠢᠨ ᠾᠧ ᠶᠢᠤ ᠪᠧᠨ ᠤ ᠠᠮᠢᠲᠠᠨ ᠤ ᠸᠠᠺᠼᠢᠨ᠂ ᠬᠤᠸᠠ ᠰᠢ ᠠᠮᠢᠳᠤ ᠪᠣᠳᠠᠰ ᠤᠨ ᠠᠮᠢᠲᠠᠨ ᠤ | ᠸᠠᠺᠼᠢᠨ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ︔ ᠳ᠋ᠠ ᠲᠠᠩ ᠡᠮ ᠤᠨ | ᠦᠢᠯᠡᠰ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠪᠥᠸᠧ | ᠬᠤᠶ ᠴᠤᠸᠠᠩ ᠰᠢᠨ ᠤ ᠠᠮᠢᠳᠤ ᠪᠣᠳᠠᠰ ᠤᠨ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠭᠠᠵᠠᠷ ᠵᠡᠷᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠶᠢᠨ ᠳ᠋ᠠ ᠸᠧᠢ ᠶᠢᠨ ᠳᠠᠭᠠᠯᠲᠠ ᠢᠰᠬᠡᠭᠦᠷ ᠤᠨ | Q10 ᠶᠢᠨ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠤᠭᠤᠯᠬᠤ ᠶᠢ ᠠᠬᠢᠭᠤᠯᠵᠤ᠂ | ᠪᠥᠬᠦ ᠤᠯᠤᠰ ᠤᠨ ᠠᠮᠢᠲᠠᠨ ᠤ ᠸᠠᠺᠼᠢᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠠᠮᠢᠳᠤ ᠪᠣᠳᠠᠰ ᠤᠨ ᠡᠮ | ᠦᠢᠯᠡᠳᠬᠦ ᠰᠠᠭᠤᠷᠢᠨ ᠭᠠᠵᠠᠷ ᠢ ᠪᠠᠶᠢᠭᠤᠯᠤᠨ᠎ᠠ᠃ | ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ | ᠬᠥᠭᠵᠢᠭᠦᠯᠦᠨ᠎ᠡ᠃ 50 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠎ᠡ᠃ ᠳᠤᠮᠳᠠᠳᠤ ᠤᠯᠤᠰ ᠤᠨ | ᠪᠠᠩᠬᠢ ᠶᠢᠨ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠪ᠂ ᠳ᠋ᠦᠩ ᠹᠠᠩ ᠭᠦᠸᠧ ᠰᠢᠨ | ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠤᠮᠠᠷᠠᠲᠤ ᠶᠢᠨ ᠣᠷᠣᠨ ᠪᠦᠰᠡ ᠶᠢᠨ ᠲᠥᠪ ᠤᠨ ᠨᠢᠭᠡᠳᠦᠭᠡᠷ | ᠬᠤᠭᠤᠴᠠᠭ᠎ᠠ᠂ ᠳ᠋ᠦᠩ ᠹᠠᠩ ᠬᠡᠲᠦ ᠡᠭᠦᠯᠡᠨ ᠪᠣᠳᠣᠯᠲᠠ ᠶᠢᠨ ᠥᠪᠥᠷ ᠮᠣᠩᠭᠤᠯ ᠤᠨ ᠳᠡᠰ ᠠᠴᠠ ᠳᠠᠪᠠᠭᠰᠠᠨ | ᠺᠣᠮᠫᠢᠦ᠋ᠲ᠋ᠧᠷ ᠤᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ | ᠣᠷᠣᠭᠤᠯᠤᠨ᠎ᠠ︔ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ᠂ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠪᠠᠩᠬᠢ ᠶᠢᠨ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠪᠠ | ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠶᠢᠨ ᠲᠤᠭ᠎ᠠ ᠪᠠᠷᠢᠮᠲᠠ ᠶᠢᠨ ᠲᠥᠪ ᠤᠨ ᠬᠤᠶᠠᠳᠤᠭᠠᠷ ᠬᠤᠭᠤᠴᠠᠭ᠎ᠠ᠂ | ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠶᠢᠨ ᠲᠤᠭ᠎ᠠ ᠪᠠᠷᠢᠮᠲᠠ ᠶᠢᠨ ᠲᠥᠪ ᠤᠨ ᠬᠤᠶᠠᠳᠤᠭᠠᠷ ᠬᠤᠭᠤᠴᠠᠭ᠎ᠠ᠂ | ᠥᠪᠥᠷ ᠮᠣᠩᠭᠤᠯ ᠤᠨ ᠬᠥᠳᠡᠭᠡ ᠲᠤᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠮᠡᠳᠡᠭᠡ ᠵᠠᠩᠭᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠥᠪ᠂ ᠵᠦᠩ ᠱᠤ᠋ ᠰᠢᠩ ᠱᠧᠩ ᠤᠨ ᠤᠮᠠᠷᠠᠲᠤ ᠶᠢᠨ ᠲᠤᠭ᠎ᠠ ᠪᠠᠷᠢᠮᠲᠠ ᠶᠢᠨ ᠨᠠᠭᠤᠷ᠂ | ᠪᠢᠩ ᠰᠢᠩ ᠰᠢᠨᠵᠢᠯᠡᠬᠦ ᠤᠬᠠᠭᠠᠨ ᠮᠡᠷᠭᠡᠵᠢᠯ ᠤᠨ ᠥᠪᠥᠷ ᠮᠣᠩᠭᠤᠯ ᠤᠨ ᠳᠡᠭᠡᠳᠦ ᠴᠢᠳᠠᠮᠵᠢᠲᠤ ᠪᠤᠳᠤᠬᠤ ᠬᠦᠴᠦᠨ ᠤ | ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠤᠯᠤᠰ ᠤᠨ ᠤᠮᠠᠷᠠᠲᠤ ᠶᠢᠨ | ᠪᠤᠳᠤᠬᠤ ᠬᠦᠴᠦᠨ ᠤ ᠲᠥᠪ ᠢ ᠪᠦᠲᠦᠭᠡᠨ ᠪᠠᠶᠢᠭᠤᠯᠤᠨ᠂ ︽ᠳᠤᠮᠳᠠᠳᠤ ᠤᠯᠤᠰ ᠤᠨ ᠡᠭᠦᠯᠡᠨ ᠬᠥᠨᠳᠡᠢ︾ ᠶᠢ | ᠴᠣᠭᠴᠠᠯᠠᠨ᠎ᠠ᠃ | ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠬᠦᠷᠢᠶᠡᠯᠡᠩ | ᠲᠣᠭᠤᠷᠢᠭ ᠤᠨ ᠴᠢᠳᠠᠪᠬᠢ ᠶᠢᠨ ᠪᠠᠶᠢᠷᠢ ᠲᠣᠭᠲᠠᠭᠠᠯᠲᠠ ᠶᠣᠰᠣᠭᠠᠷ᠂ ᠨᠡᠭᠡᠭᠡᠯᠲᠡ ᠶᠢᠨ ᠲᠣᠭᠤᠷᠢᠭ ᠤᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠦᠨ᠎ᠡ᠃ ᠨᠡᠭᠡᠭᠡᠯᠲᠡ ᠶᠢᠨ ᠲᠣᠭᠤᠷᠢᠭ ᠤᠨ ᠰᠠᠭᠤᠷᠢ | ᠪᠡᠯᠡᠳᠬᠡᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠰᠤᠯᠠ ᠪᠠᠶᠢᠭ᠎ᠠ ᠳᠣᠣᠷ᠎ᠠ | ᠠᠰᠢᠭᠯᠠᠮᠵᠢ ᠲᠠᠢ ᠭᠠᠵᠠᠷ ᠢ ᠢᠯᠭᠠᠷᠠᠭᠤᠯᠵᠤ᠂ ︽ᠠᠮᠠᠯᠠᠯᠲᠠ ᠶᠢᠨ ᠳᠦᠷᠢᠮ ᠢᠶᠠᠷ ᠤᠷᠢᠳᠴᠢᠯᠠᠨ ᠠᠵᠢᠯ ᠡᠬᠢᠯᠡᠭᠦᠯᠬᠦ︾ | ︽ᠣᠷᠣᠨ ᠪᠦᠰᠡ ᠶᠢᠨ ᠦᠨᠡᠯᠡᠨ ᠵᠢᠱᠢᠯᠲᠡ︾ ︽ᠪᠠᠷᠢᠮᠵᠢᠶ᠎ᠠ ᠭᠠᠵᠠᠷ︾ ᠵᠡᠷᠭᠡ ᠥᠭᠡᠷᠡᠴᠢᠯᠡᠯᠲᠡ ᠶᠢ | ᠳᠡᠯᠭᠡᠷᠡᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ | ᠰᠠᠭᠤᠷᠢ ᠮᠥᠩᠭᠦ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ︵ | ᠬᠦᠷᠢᠶᠡᠯᠡᠩ ᠲᠣᠭᠤᠷᠢᠭ︶ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠣᠯᠬᠤ ᠪᠠᠷ ᠢᠳᠡᠪᠬᠢᠲᠡᠢ | ᠮᠡᠳᠡᠭᠦᠯᠦᠨ᠎ᠡ᠃ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠰᠢᠨ᠎ᠡ ᠶᠢ ᠡᠭᠦᠳᠴᠦ᠂ | ᠬᠦᠷᠢᠶᠡᠯᠡᠩ ᠲᠣᠭᠤᠷᠢᠭ ᠲᠤ ᠡᠷᠬᠡ ᠶᠢ ᠪᠠᠭᠤᠯᠭᠠᠵᠤ ᠴᠢᠳᠠᠪᠤᠷᠢ ᠣᠯᠭᠤᠬᠤ ᠬᠦᠴᠦᠯᠡᠴᠡ ᠶᠢ ᠨᠡᠮᠡᠭᠳᠡᠭᠦᠯᠦᠨ᠎ᠡ᠃ | ᠣᠶᠤᠨᠲᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠶᠤᠨᠲᠤ ᠬᠦᠷᠢᠶᠡᠯᠡᠩ | ᠲᠣᠭᠤᠷᠢᠭ ᠢ ︽ᠨᠡᠶᠢᠳᠡᠮ ᠪᠦᠷᠬᠦᠭᠦᠯᠬᠦ︾ ᠶᠢ ᠪᠡᠶᠡᠯᠡᠭᠦᠯᠦᠨ᠎ᠡ᠃ | ︵ᠭᠤᠷᠪᠠ︶ ᠦᠢᠯᠡᠴᠢᠯᠡᠭᠡᠨ ᠤ ᠦᠢᠯᠡᠰ ᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠤᠨ᠎ᠠ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ ᠶᠤᠸᠠᠨ | ᠵᠢᠩ ᠤᠨ ᠦᠴᠦᠸᠠᠨ ᠤ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠮᠢ ᠠᠬᠤᠢ ᠶᠢᠨ ᠴᠡᠴᠡᠷᠯᠢᠭ᠂ ᠮᠠ | ᠽᠥᠩ ᠱᠠᠨ ᠠᠭᠤᠯᠠ ᠶᠢᠨ ᠴᠠᠨᠠᠯᠠᠯᠲᠠ ᠶᠢᠨ ᠲᠠᠯᠠᠪᠠᠶ ᠶᠢᠨ ᠬᠤᠶᠠᠳᠤᠭᠠᠷ ᠬᠤᠭᠤᠴᠠᠭ᠎ᠠ᠂ ᠮᠣᠷᠢᠨ ᠬᠤᠭᠤᠷ ᠤᠨ | ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ᠂ ᠷᠠᠰᠢᠶᠠᠨᠲᠤ ᠰᠢᠯᠢ ᠶᠢᠨ | ᠦᠵᠡᠮᠵᠢ ᠶᠢᠨ ᠣᠷᠣᠨ ᠢ ᠥᠭᠡᠷᠡᠴᠢᠯᠡᠬᠦ᠂ ᠶᠡᠭᠡ ᠲᠦᠷᠭᠡᠨ ᠭᠤᠣᠯ ᠲᠡᠭᠦᠷᠭᠡ ᠶᠢᠨ ᠴᠡᠴᠡᠷᠯᠢᠭ ᠢ ᠥᠷᠭᠡᠳᠬᠡᠨ | ᠪᠠᠶᠢᠭᠤᠯᠬᠤ᠂ ᠡᠮᠦᠨ᠎ᠡ ᠨᠠᠭᠤᠷ ᠤᠨ ᠨᠤᠭᠤ ᠭᠠᠵᠠᠷ ᠤᠨ ᠴᠡᠴᠡᠷᠯᠢᠭ ᠢ ᠳᠡᠭᠡᠭᠰᠢᠯᠡᠭᠦᠯᠬᠦ ᠵᠡᠷᠭᠡ ᠢᠨᠵᠧᠨᠧᠷᠢᠩ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠨᠠᠭᠤᠷ ᠤᠨ ᠰᠢᠯᠢ ᠥᠨᠳᠥᠷ ᠠᠭᠤᠯᠠ ᠶᠢᠨ ᠲᠠᠯ᠎ᠠ ᠨᠤᠲᠤᠭ ᠤᠨ | ᠦᠵᠡᠮᠵᠢ ᠶᠢᠨ ᠣᠷᠣᠨ ᠢ ᠪᠠᠶᠢᠭᠤᠯᠤᠨ᠎ᠠ︔ ᠴᠡᠯᠡᠭᠡᠷ ᠲᠠᠯ᠎ᠠ ᠤᠨ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ | ᠠᠮᠠᠷᠠᠯᠲᠠ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠢᠳᠡᠵᠦ ᠤᠤᠭᠤᠬᠤ ᠬᠤᠨᠣᠵᠤ | ᠬᠡᠪᠲᠡᠬᠦ ᠠᠶᠠᠯᠠᠵᠤ ᠵᠣᠷᠴᠢᠬᠤ ᠲᠣᠭᠤᠷᠢᠵᠤ ᠵᠤᠭᠠᠴᠠᠬᠤ ᠶᠠᠭᠤᠮ᠎ᠠ ᠪᠠᠷᠠᠭ᠎ᠠ ᠬᠤᠳᠠᠯᠳᠤᠨ ᠠᠪᠬᠤ ᠵᠤᠭᠠᠯᠠᠵᠤ ᠴᠡᠩᠭᠡᠬᠦ | ︾ ᠪᠦᠬᠦ ᠡᠯᠧᠮᠧᠨ᠋ᠲ ᠤᠨ ︽ᠴᠡᠯᠡᠭᠡᠷ ᠲᠠᠯ᠎ᠠ ᠶᠢᠨ ᠰᠣᠶᠣᠯ ᠵᠢᠭᠤᠯᠴᠢᠯᠠᠯ ᠤᠨ ᠵᠢᠵᠢᠭ ᠪᠠᠯᠭᠠᠰᠤ︾ ᠶᠢ 7 ᠶᠢ | ᠪᠠᠶᠢᠭᠤᠯᠤᠨ᠎ᠠ︔ ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠤ | ᠤᠯᠤᠰ ᠤᠨ 5A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ︔ | ᠵᠢᠭᠤᠯᠴᠢᠯᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ︽ᠨᠢᠭᠡ ᠡᠳᠦᠷ ᠤᠨ | ᠵᠢᠭᠤᠯᠴᠢᠯᠠᠯ᠂ ᠬᠤᠶᠠᠷ ᠡᠳᠦᠷ ᠤᠨ ᠵᠢᠭᠤᠯᠴᠢᠯᠠᠯ︾ ᠵᠡᠷᠭᠡ ᠰᠣᠳᠣᠨ ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ | ᠠᠵᠤ ᠦᠢᠯᠡᠳᠪᠦᠷᠢ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ᠂ ᠬᠤᠪᠢᠰᠬᠠᠯ ᠤᠨ ᠵᠢᠭᠤᠯᠴᠢᠯᠠᠯ᠂ | ᠰᠤᠳᠤᠯᠤᠨ ᠰᠤᠷᠤᠯᠴᠠᠬᠤ ᠵᠢᠭᠤᠯᠴᠢᠯᠠᠯ᠂ ᠠᠮᠢ ᠠᠬᠤᠢ ᠶᠢᠨ ᠵᠢᠭᠤᠯᠴᠢᠯᠠᠯ ᠵᠡᠷᠭᠡ ᠵᠢᠭᠤᠯᠴᠢᠯᠠᠯ ᠤᠨ ᠬᠡᠯᠪᠡᠷᠢ | ᠪᠠᠶᠢᠳᠠᠯ ᠢ ᠨᠡᠭᠡᠭᠡᠨ ᠬᠥᠭᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠢ | ᠬᠥᠬᠡᠬᠤᠲᠠ ᠳᠤ ᠬᠠᠶᠢᠷᠠᠲᠠᠢ ᠪᠣᠯᠭᠠᠵᠤ᠂ ᠣᠷᠣᠨ ᠤ ᠲᠥᠪ ᠤᠨ ᠵᠢᠭᠤᠯᠴᠢᠯᠠᠯ ᠢ ᠵᠢᠯ ᠤᠨ ᠳᠥᠷᠪᠡᠨ ᠤᠯᠠᠷᠢᠯ ᠳᠤ | ᠬᠥᠭᠵᠢᠶᠡᠨᠲᠡᠢ ᠪᠣᠯᠭᠠᠨ᠎ᠠ᠃ | ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠲᠠᠰ ᠳᠡᠪᠰᠢᠭᠰᠡᠨ ᠬᠥᠭᠵᠢᠯᠲᠡ ᠶᠢ ᠠᠬᠢᠭᠤᠯᠤᠨ᠎ᠠ᠃ ᠱᠧᠨ | ᠲᠦᠩ᠂ ᠢ ᠱᠦᠨ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠶᠦᠨ ᠳ᠋ᠡ᠂ ᠵᠥᠩ | ᠲᠦᠩ᠂ ᠶᠤᠸᠠᠨ ᠲᠦᠩ᠂ ᠵᠢᠦ ᠵᠧᠦ ᠲᠦᠩ ᠵᠡᠷᠭᠡ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ | ᠠᠬᠢᠭᠤᠯᠤᠨ᠎ᠠ᠃ ᠣᠲᠣ ᠶᠢᠨ ᠪᠠᠶᠢᠭ᠎ᠠ ᠵᠢᠵᠢᠭ ᠲᠠᠷᠠᠬᠠᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ | ᠰᠢᠯᠢᠳᠡᠭᠵᠢᠭᠦᠯᠦᠨ ᠨᠡᠶᠢᠯᠡᠭᠦᠯᠵᠦ᠂ ᠮᠢᠩ ᠫᠢᠨ ᠹᠦ᠋᠂ ᠵᠦᠩ ᠨᠦᠩ ᠯᠢᠶᠠᠨ᠂ ᠸᠠᠨ ᠺᠧ᠂ ᠲᠢᠶᠧ ᠲᠦᠩ ᠵᠡᠷᠭᠡ ᠶᠢᠨ | ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ᠎ᠡ᠃ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ | ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠡᠰᠡᠭ ᠢ ᠪᠠᠶᠢᠭᠤᠯᠵᠤ᠂ ᠠᠷᠠᠯᠵᠢᠶ᠎ᠠ ᠬᠤᠳᠠᠯᠳᠤᠭᠠᠨ ᠤ | ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢ ᠪᠦᠲᠦᠭᠡᠨ ᠪᠠᠶᠢᠭᠤᠯᠵᠤ᠂ | ᠤᠯᠤᠰ ᠤᠨ ᠨᠢᠷᠤᠭᠤᠪᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠢ ᠪᠠᠶᠢᠭᠤᠯᠤᠨ᠎ᠠ᠃ | ᠮᠥᠩᠭᠦᠨ ᠭᠦᠢᠯᠭᠡᠭᠡᠨ ᠤ ᠠᠵᠤ ᠦᠢᠯᠡᠰ ᠤᠨ ᠡᠷᠡᠭᠦᠯ ᠬᠥᠭᠵᠢᠯᠲᠡ ᠶᠢ ᠠᠬᠢᠭᠤᠯᠤᠨ᠎ᠠ᠃ ᠬᠥᠬᠡᠬᠤᠲᠠ ᠶᠢᠨ | ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢ ᠪᠡᠯᠡᠳᠬᠡᠨ ᠪᠠᠶᠢᠭᠤᠯᠵᠤ᠂ ᠭᠤᠸᠠᠩ ᠹᠠ ᠪᠠᠩᠬᠢ ᠶᠢᠨ | ᠮᠠᠨ ᠤ ᠬᠤᠲᠠ ᠳᠤ ᠣᠷᠣᠵᠤ ᠰᠠᠭᠤᠬᠤ ᠶᠢ ᠠᠬᠢᠭᠤᠯᠤᠨ᠎ᠠ᠃ ᠵᠠᠰᠠᠭ ᠮᠥᠩᠭᠦᠨ ᠭᠦᠢᠯᠭᠡᠭᠡ ᠠᠵᠤ ᠠᠬᠤᠶᠢᠯᠠᠯ ᠤᠨ | ᠲᠦᠷᠦᠭᠦᠴᠦᠳ ᠤᠨ ᠬᠤᠷᠠᠯ ᠢ ᠪᠠᠶᠢᠩᠭᠤᠵᠢᠭᠤᠯᠤᠨ ᠡᠷᠬᠢᠯᠡᠵᠦ᠂ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ᠎ᠠ᠃ ᠠᠵᠤ ᠠᠬᠤᠶᠢᠯᠠᠯ ᠱᠠᠲᠤ ᠳᠠᠷᠠᠭᠠᠯᠠᠨ ᠦᠨᠡᠲᠦ | ᠲᠡᠮᠳᠡᠭᠲᠦ ᠶᠢᠨ ᠵᠠᠬ᠎ᠠ ᠳᠡᠯᠭᠡᠭᠦᠷ ᠲᠤ ᠭᠠᠷᠬᠤ ᠶᠢ ᠲᠦᠷᠭᠡᠳᠬᠡᠵᠦ᠂ 3 ︱ 5 ᠠᠵᠤ ᠠᠬᠤᠶᠢᠯᠠᠯ ᠦᠨᠡᠲᠦ | ᠲᠡᠮᠳᠡᠭᠲᠦ ᠶᠢᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠪᠠᠷ ᠴᠢᠷᠮᠠᠶᠢᠨ᠎ᠠ᠃ | ᠠᠮᠢ ᠨᠠᠰᠤᠨ ᠤ ᠡᠷᠡᠭᠦᠯ ᠮᠡᠨᠳᠤ ᠶᠢᠨ ᠠᠵᠤ ᠦᠢᠯᠡᠰ ᠤᠨ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠤᠨ᠎ᠠ᠃ | ᠲᠠᠢ ᠺᠠᠩ ᠡᠮᠴᠢᠯᠡᠭᠡ ᠰᠤᠪᠢᠯᠠᠯᠲᠠ ᠶᠢᠨ ᠠᠵᠤ ᠦᠢᠯᠡᠰ ᠵᠡᠷᠭᠡ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠤᠨ᠎ᠠ᠃ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢ ᠡᠬᠢᠯᠡᠵᠦ | ᠠᠵᠢᠯᠯᠠᠭᠤᠯᠤᠨ᠎ᠠ᠃ ᠣᠶᠣᠨ ᠰᠠᠨᠠᠭᠠᠨ ᠤ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠤ ᠰᠤᠪᠢᠯᠠᠯᠲᠠ ᠶᠢᠨ ᠲᠥᠪ᠂ | ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠦᠢᠯᠡᠴᠢᠯᠡᠭᠡᠨ ᠤ ᠲᠥᠪ ᠢ ᠲᠦᠷᠭᠡᠳᠬᠡᠨ ᠪᠠᠶᠢᠭᠤᠯᠤᠨ᠎ᠠ᠃ | ᠣᠷᠣᠰᠢᠭᠤᠯᠭ᠎ᠠ ᠶᠢᠨ ᠭᠠᠵᠠᠷ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠬᠡᠦᠬᠡᠳ ᠠᠰᠠᠷᠠᠬᠤ ᠪᠠᠶᠢᠭᠤᠯᠤᠮᠵᠢ ᠶᠢ 42᠂ ᠭᠡᠷ ᠪᠦᠯᠢ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢ 100 ᠶᠢ ᠰᠢᠨ᠎ᠡ ᠪᠠᠷ ᠪᠠᠶᠢᠭᠤᠯᠤᠨ᠎ᠠ᠃ ᠪᠡᠶ᠎ᠡ | ᠴᠢᠭᠢᠷᠠᠭᠵᠢᠭᠤᠯᠬᠤ ᠵᠠᠮ ᠱᠤᠭᠤᠮ ᠢ 200 ᠶᠢ ᠰᠢᠨ᠎ᠡ ᠪᠠᠷ ᠪᠠᠶᠢᠭᠤᠯᠵᠤ᠂ ᠪᠡᠶ᠎ᠡ ᠶᠢᠨ ᠲᠠᠮᠢᠷ ᠤᠨ ᠲᠥᠪ ᠤᠨ ᠭᠡᠷ | ᠳᠣᠲᠣᠷᠠᠬᠢ ᠮᠥᠰᠥᠨ ᠲᠠᠯᠠᠪᠤᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠥᠷᠭᠡᠨ | ᠣᠯᠠᠨ ᠲᠦᠮᠡᠨ ᠤ ᠪᠡᠶ᠎ᠡ ᠴᠢᠭᠢᠷᠠᠭᠵᠢᠭᠤᠯᠵᠤ ᠬᠥᠳᠡᠯᠭᠡᠭᠡᠨ ᠬᠢᠬᠦ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ | ᠬᠠᠩᠭᠠᠨ᠎ᠠ᠃ ᠶᠡᠷᠦᠩᠬᠡᠢ ᠬᠡᠯᠲᠡᠰ ᠤᠨ ᠠᠵᠤ ᠠᠬᠤᠢ᠂ ᠬᠤᠷᠠᠯ ᠦᠵᠡᠰᠬᠦᠯᠡᠩ ᠤᠨ ᠠᠵᠤ ᠠᠬᠤᠢ᠂ ᠭᠠᠳᠠᠭᠰᠢ | ᠴᠢᠭᠯᠡᠭᠦᠯᠦᠭᠰᠡᠨ ᠠᠵᠤ ᠠᠬᠤᠢ ᠶᠢᠨ ᠰᠢᠪᠲᠤᠯᠤᠯᠲᠠ ᠲᠠᠢ ᠬᠥᠭᠵᠢᠯᠲᠡ ᠶᠢ ᠠᠬᠢᠭᠤᠯᠤᠨ᠎ᠠ᠃ ᠶᠤᠸᠠᠨ ᠵᠢᠩ᠂ ᠬᠤᠸᠠ | ᠸᠧᠢ᠂ ᠺᠧ ᠳ᠋ᠠ ᠰᠢᠶᠦ᠋ᠨ ᠹᠧᠢ ᠶᠢᠨ ᠣᠷᠣᠨ ᠪᠦᠰᠡ ᠶᠢᠨ ᠶᠡᠷᠦᠩᠬᠡᠢ ᠬᠡᠯᠲᠡᠰ ᠪᠣᠯᠣᠨ ᠶᠢᠦ ᠷᠠᠨ ᠮᠠᠯ ᠠᠵᠤ | ᠠᠬᠤᠢ ᠶᠢᠨ ᠠᠵᠤ ᠠᠬᠤᠶᠢᠯᠠᠯ ᠤᠨ ᠶᠡᠷᠦᠩᠬᠡᠢ ᠬᠡᠯᠲᠡᠰ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠰᠠᠶᠢᠲᠤᠷ ᠠᠳᠬᠤᠨ᠎ᠠ᠃ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠲᠣᠮᠣ ᠬᠡᠯᠪᠡᠷᠢ ᠶᠢᠨ ᠦᠵᠡᠭᠦᠯᠦᠯᠭᠡ ᠶᠢᠨ | ᠴᠤᠭᠯᠠᠭᠠᠨ ᠢ 30 ᠲᠠᠯᠠᠪᠠᠢ ᠠᠴᠠ ᠳᠡᠭᠡᠭᠰᠢ ᠡᠷᠬᠢᠯᠡᠬᠦ ᠶᠢ ᠬᠥᠲᠥᠯᠥᠨ ᠵᠢᠯᠣᠭᠤᠳᠤᠨ᠎ᠠ᠃ ᠶᠡᠷᠦᠩᠬᠡᠶᠢᠯᠡᠭᠰᠡᠨ ᠭᠠᠶᠢᠯᠢ | ᠪᠠᠲᠤᠯᠠᠬᠤ ᠣᠷᠣᠨ ᠤ ᠲᠠᠰ ᠳᠡᠪᠰᠢᠬᠦ ᠶᠢ ᠠᠬᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠣᠯᠠᠨ ᠤᠯᠤᠰ ᠤᠨ ᠨᠥᠬᠦᠷᠰᠡᠭ ᠬᠤᠲᠠ ᠶᠢᠨ | ᠣᠷᠳᠣᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳᠤᠮᠳᠠᠳᠤ ᠡᠸᠦ᠋ᠷᠦᠫᠡ ᠶᠢᠨ | ᠵᠢᠰᠢᠶᠠᠨ ᠤ ᠭᠠᠯᠲᠤ ᠲᠡᠷᠭᠡ ᠶᠢ ᠪᠠᠶᠢᠩᠭᠤ ᠶᠢᠨ ᠴᠢᠨᠠᠷᠲᠠᠢ ᠠᠵᠢᠯᠯᠠᠭᠤᠯᠤᠨ᠎ᠠ᠃ | ︵ᠳᠥᠷᠪᠡ︶ ᠬᠥᠭᠵᠢᠯᠲᠡ ᠶᠢᠨ ᠬᠥᠳᠡᠯᠭᠡᠭᠦ ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠢ | ᠰᠠᠶᠢᠲᠤᠷ ᠬᠢᠨ᠎ᠡ᠃ ︽ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠵᠢᠱᠢᠶ᠎ᠡ ᠦᠵᠡᠭᠦᠯᠬᠦ ᠣᠷᠣᠨ ᠤ ᠭᠤᠣᠯ ᠣᠷᠣᠨ︾ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ | ᠵᠠᠰᠠᠭ ᠤᠨ ᠣᠷᠳᠣᠨ ᠤ ᠰᠤᠳᠤᠯᠤᠨ ᠨᠡᠭᠡᠭᠡᠬᠦ ᠳᠤ ᠣᠷᠣᠭᠤᠯᠬᠤ ᠬᠠᠲᠠᠭᠤ ᠨᠡᠮᠡᠭᠳᠡᠯ ᠤᠨ ᠲᠣᠭᠲᠠᠴᠠ ᠶᠢ ᠪᠠᠶᠢᠭᠤᠯᠵᠤ | ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨ ᠤ ᠰᠤᠳᠤᠯᠭᠠᠨ ᠤ | ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠤᠮᠠᠷᠠᠲᠤ ᠬᠡᠰᠡᠭ ᠤᠨ ᠬᠥᠬᠡᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠤᠲᠠ ᠶᠢᠨ ︽ᠰᠤᠳᠤᠯᠤᠨ ᠨᠡᠭᠡᠭᠡᠬᠦ ᠣᠷᠣᠨ︾ ᠳᠤ ᠲᠠᠯ᠎ᠠ ᠨᠤᠲᠤᠭ ᠤᠨ ᠨᠣᠭᠤᠭᠠᠨ ᠬᠥᠨᠳᠡᠢ᠂ | ᠰᠠᠨᠰᠠᠷ ᠤᠨ ᠠᠶᠠᠯᠠᠯ ᠤᠨ ᠵᠢᠷᠭᠤᠳᠤᠭᠠᠷ ᠬᠦᠷᠢᠶᠡᠯᠡᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠥᠪ ᠵᠡᠷᠭᠡ ᠰᠤᠳᠤᠯᠤᠨ ᠨᠡᠭᠡᠭᠡᠬᠦ᠂ ᠶᠡᠷᠦᠩᠬᠡᠢ ᠬᠡᠯᠲᠡᠰ᠂ ᠲᠤᠷᠰᠢᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ︔ | ᠳᠤᠮᠳᠠ ᠬᠡᠰᠡᠭ ᠤᠨ ᠭᠠᠳᠠᠭᠠᠳᠤ ᠳᠤ ᠰᠤᠷᠤᠯᠴᠠᠭᠰᠠᠳ ᠤᠨ ᠦᠢᠯᠡᠰ ᠴᠣᠭᠴᠠᠯᠠᠬᠤ ᠬᠦᠷᠢᠶᠡᠯᠡᠩ᠂ ᠰᠢᠨ᠎ᠡ ᠶᠢ | ᠡᠭᠦᠳᠴᠦ ᠦᠢᠯᠡᠰ ᠴᠣᠭᠴᠠᠯᠠᠬᠤ ᠬᠦᠷᠢᠶᠡᠯᠡᠩ᠂ ᠶᠢᠨ ᠴᠢᠶᠣᠤ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠠᠵᠤ ᠦᠢᠯᠡᠰ ᠤᠨ ᠬᠦᠷᠢᠶᠡᠯᠡᠩ ᠤᠨ ︽ᠨᠡᠪᠴᠢᠭᠦᠯᠬᠦ ᠣᠷᠣᠨ︾ ᠳᠤ ᠰᠢᠨᠵᠢᠯᠡᠬᠦ ᠤᠬᠠᠭᠠᠨ ᠮᠡᠷᠭᠡᠵᠢᠯ ᠤᠨ | ᠨᠡᠪᠴᠢᠭᠦᠯᠦᠯᠲᠡ ᠪᠠ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠥᠷᠨᠢᠭᠦᠯᠦᠨ᠎ᠡ︔ ᠡᠮᠦᠨᠡᠲᠦ ᠬᠡᠰᠡᠭ ᠤᠨ | ᠬᠤᠷᠢᠨᠭᠡᠷ ᠰᠢᠨ᠎ᠡ ᠲᠣᠭᠤᠷᠢᠭ ᠤᠨ ︽ᠬᠡᠷᠡᠭᠯᠡᠭᠡᠨ ᠤ ᠲᠣᠭᠤᠷᠢᠭ︾ ᠲᠤ ᠺᠧ ᠲᠦᠸᠧ ᠠᠮᠢᠳᠤ ᠪᠣᠳᠠᠰ ᠤᠨ ᠪᠢᠴᠢᠯ | ᠠᠮᠢ ᠠᠬᠤᠢ ᠶᠢᠨ ᠠᠵᠤ ᠦᠢᠯᠡᠰ ᠤᠨ ᠰᠠᠭᠤᠷᠢᠨ ᠭᠠᠵᠠᠷ᠂ ᠥᠪᠥᠷ ᠮᠣᠩᠭᠤᠯ ᠤᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠤᠷᠰᠢᠯᠲᠠ ᠶᠢᠨ ᠰᠠᠭᠤᠷᠢᠨ ᠭᠠᠵᠠᠷ᠂ ᠱᠠᠨ ᠰᠢ ᠶᠢᠨ ᠪᠠᠢ ᠰᠢᠨ | ᠦᠢᠯᠡᠴᠢᠯᠡᠭᠦᠷ ᠤᠨ ᠦᠢᠯᠡᠳᠬᠡᠯ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ | ᠪᠦᠲᠦᠭᠡᠯ ᠢ ᠤᠯᠠᠷᠢᠭᠤᠯᠤᠨ ᠨᠠᠶᠢᠳᠠᠪᠤᠷᠢᠵᠢᠭᠤᠯᠬᠤ ᠲᠦᠷᠦᠯ ᠵᠦᠢᠯ ᠢ ᠪᠠᠶᠢᠷᠢᠰᠢᠭᠤᠯᠤᠨ᠎ᠠ᠃ ᠤᠯᠤᠰ ᠤᠨ ᠰᠦ ᠶᠢᠨ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠦ ᠰᠠᠶᠢᠲᠠᠢ ᠲᠠᠢ ᠰᠠᠭᠠᠯᠢ ᠶᠢᠨ ᠦᠨᠢᠶ᠎ᠡ ᠶᠢ ᠪᠣᠶᠢᠵᠢᠭᠤᠯᠬᠤ ᠪᠠ | ᠲᠡᠵᠢᠭᠡᠨ ᠦᠷᠡᠵᠢᠭᠦᠯᠬᠦ᠂ ᠨᠢᠯᠬ᠎ᠠ ᠬᠡᠦᠬᠡᠳ ᠤᠨ ᠤᠤᠭᠤᠬᠤ ᠨᠠᠶᠢᠷᠠᠯᠭ᠎ᠠ ᠲᠠᠢ ᠰᠦᠨ ᠲᠠᠯᠬ᠎ᠠ ᠶᠢ ᠡᠬᠡ ᠶᠢᠨ ᠰᠦ ᠶᠢᠨ | ᠠᠮᠲᠠ ᠲᠠᠢ ᠪᠣᠯᠭᠠᠬᠤ ᠵᠢᠴᠢ ᠰᠦᠨ ᠤ ᠪᠦᠲᠦᠭᠡᠭᠳᠡᠬᠦᠨ ᠤ ᠲᠦᠭᠦᠬᠡᠢ ᠡᠳ᠋ ᠢ ᠨᠡᠭᠡᠭᠡᠨ ᠬᠥᠭᠵᠢᠭᠦᠯᠬᠦ ᠵᠡᠷᠭᠡ | ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠢ ᠶᠢ ᠰᠢᠪᠲᠤᠯᠤᠨ᠎ᠠ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠮᠣ ᠵᠠᠬ᠎ᠠ ᠳᠡᠯᠭᠡᠭᠦᠷ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠪ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠥᠬᠡᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠲᠠᠪᠴᠠᠩ ᠢ ᠰᠠᠶᠢᠲᠤᠷ ᠬᠡᠷᠡᠭᠯᠡᠨ᠎ᠡ᠃ | ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠮᠠᠷᠠᠲᠤ ᠶᠢᠨ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠳᠤᠮᠳᠠᠳᠤ ᠤᠯᠤᠰ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠰᠤᠳᠤᠯᠭᠠᠨ ᠤ ᠬᠦᠷᠢᠶᠡᠯᠡᠩ᠂ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ | ᠬᠥᠬᠡᠬᠤᠲᠠ ᠶᠢᠨ ᠦᠷ᠎ᠡ ᠪᠦᠲᠦᠭᠡᠯ ᠢ ᠤᠯᠠᠷᠢᠭᠤᠯᠬᠤ ᠲᠥᠪ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ | ᠭᠡᠷ ᠤᠨ ᠮᠠᠯ ᠤᠨ ᠡᠭᠦᠯᠳᠡᠷ ᠤᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ᠂ | ᠽᠢ ᠭᠤᠸᠠᠩ ᠪᠦᠯᠦᠭᠯᠡᠯ ᠤᠨ ᠰᠢᠨ ᠬᠤᠸᠠ ᠰᠠᠨ ᠤ ᠲᠥᠪ ᠲᠤᠷᠰᠢᠯᠲᠠ ᠶᠢᠨ ᠲᠠᠰᠤᠭ᠂ ᠳᠤᠮᠳᠠᠳᠤ ᠤᠯᠤᠰ ᠤᠨ | ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠤᠮᠠᠷᠠᠲᠤ ᠶᠢᠨ ᠰᠤᠳᠤᠯᠤᠨ ᠨᠡᠭᠡᠭᠡᠬᠦ ᠲᠥᠪ᠂ ᠶᠢᠨ ᠢᠦᠢ | ᠠᠮᠢᠳᠤ ᠪᠣᠳᠠᠰ ᠤᠨ ᠠᠶᠤᠯᠭᠦᠢ ᠶᠢᠨ ᠠᠮᠢᠲᠠᠨ ᠤ ᠲᠤᠷᠰᠢᠯᠲᠠ ᠶᠢᠨ ᠲᠠᠰᠤᠭ ᠵᠡᠷᠭᠡ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠰᠦ ᠶᠢᠨ ᠦᠢᠯᠡᠰ᠂ | ᠡᠪᠡᠰᠦᠨ ᠦᠷ᠎ᠡ ᠶᠢᠨ ᠦᠢᠯᠡᠰ᠂ ᠠᠮᠢᠳᠤ ᠪᠣᠳᠠᠰ ᠤᠨ ᠡᠮ ᠡᠮᠨᠡᠯᠭᠡ᠂ ᠴᠠᠬᠢᠭᠤᠷ ᠤᠨ ᠮᠠᠲ᠋ᠧᠷᠢᠶᠠᠯ ᠵᠡᠷᠭᠡ | ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ | ᠰᠢᠪᠲᠤᠯᠤᠯᠲᠠ ᠶᠢ 40 ᠵᠦᠢᠯ ᠠᠴᠠ ᠳᠡᠭᠡᠭᠰᠢ ᠬᠡᠷᠡᠭᠵᠢᠭᠦᠯᠦᠨ᠎ᠡ︔ ᠰᠦ ᠶᠢᠨ ᠦᠢᠯᠡᠰ᠂ ᠡᠪᠡᠰᠦᠨ ᠦᠷ᠎ᠡ ᠶᠢᠨ | ᠦᠢᠯᠡᠰ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠵᠤ᠂ ᠤᠯᠤᠰ ᠤᠨ ᠡᠪᠡᠰᠦᠨ ᠦᠷ᠎ᠡ ᠶᠢᠨ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠴᠢᠷᠮᠠᠶᠢᠨ ᠪᠠᠶᠢᠭᠤᠯᠤᠨ᠎ᠠ︔ ︽ᠵᠠᠷᠯᠠᠯ ᠭᠥᠯᠢᠶᠡᠨ | ᠬᠤᠰᠢᠭᠤᠷᠠᠨ ᠠᠵᠢᠯᠯᠠᠬᠤ︾ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠮᠡᠷᠭᠡᠵᠢᠯ ᠤᠨ ᠵᠠᠬ᠎ᠠ ᠳᠡᠯᠭᠡᠭᠦᠷ ᠤᠨ | ᠭᠡᠷ᠎ᠡ ᠶᠢᠨ ᠠᠷᠠᠯᠵᠢᠶ᠎ᠠ ᠪᠦᠲᠦᠬᠦ ᠲᠤᠭ᠎ᠠ ᠶᠢ 13 ᠳ᠋ᠦᠩᠰᠢᠭᠤᠷ ᠲᠥᠭᠦᠷᠢᠭ ᠢ ᠳᠠᠪᠠᠭᠤᠯᠵᠤ᠂ ᠮᠡᠷᠭᠡᠵᠢᠯ ᠤᠨ ︽ | ᠪᠣᠭᠤᠮᠢ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠮᠠᠭᠠᠯᠠᠯᠲᠠ ᠶᠢᠨ ᠰᠢᠭᠦᠬᠦ ᠲᠢᠩᠬᠢᠮ ᠢ ᠪᠡᠯᠡᠳᠬᠡᠨ ᠪᠠᠶᠢᠭᠤᠯᠵᠤ᠂ ᠳᠤᠮᠳᠠᠳᠤ ᠤᠯᠤᠰ ︵ᠬᠥᠬᠡᠬᠤᠲᠠ︶ ᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠥᠪ ᠢᠶᠠᠷ ᠵᠥᠪᠰᠢᠶᠡᠷᠡᠭᠳᠡᠬᠦ ᠪᠠᠷ | ᠴᠢᠷᠮᠠᠶᠢᠨ᠎ᠠ᠃ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠬᠡᠷᠡᠭᠵᠢᠭᠦᠯᠵᠦ᠂ | ᠵᠢᠯ ᠤᠨ ᠳᠣᠲᠣᠷ᠎ᠠ 3 ᠲᠦᠮᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠥᠬᠡᠬᠤᠲᠠ ᠳᠤ ᠦᠢᠯᠡᠰ | ᠴᠣᠭᠴᠠᠯᠠᠨ ᠠᠵᠢᠯ ᠣᠯᠬᠤ ᠶᠢ ᠲᠠᠲᠠᠵᠤ᠂ ᠬᠤᠷᠢᠨᠭᠡᠷ ᠰᠢᠨ᠎ᠡ ᠲᠣᠭᠤᠷᠢᠭ ᠤᠨ ᠴᠢᠳᠠᠪᠤᠷᠢᠲᠠᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠵᠤ᠂ ᠣᠷᠣᠨ ᠪᠦᠰᠡ ᠶᠢᠨ ᠴᠢᠨᠠᠷᠲᠠᠢ | ᠴᠢᠳᠠᠪᠤᠷᠢᠲᠠᠨ ᠤ ᠲᠥᠪ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠲᠦᠷᠭᠡᠳᠬᠡᠨ | ᠪᠠᠶᠢᠭᠤᠯᠤᠨ᠎ᠠ᠃ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠲᠦᠷᠭᠡᠳᠬᠡᠨ᠎ᠡ᠃ ᠡᠳ᠋ ᠤᠨ ᠵᠠᠰᠠᠭ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ | ᠭᠤᠣᠯᠳᠠᠯᠭ᠎ᠠ ᠲᠠᠢ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠲᠣᠮᠣ ᠳ᠋ᠠᠶᠢᠲ᠋ᠠ ᠶᠢᠨ ᠬᠡᠷᠡᠭᠯᠡᠯᠲᠡ᠂ | ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠢ ᠪᠦᠬᠦ ᠲᠠᠯ᠎ᠠ ᠪᠠᠷ ᠪᠡᠶᠡᠯᠡᠭᠦᠯᠵᠦ᠂ ᠵᠠᠬ᠎ᠠ ᠳᠡᠯᠭᠡᠭᠦᠷᠴᠢᠯᠡᠭᠰᠡᠨ | ᠡᠵᠡᠩᠨᠡᠯᠲᠡ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠷᠢᠰᠦᠯᠳᠦᠬᠦ ᠬᠦᠴᠦᠨ ᠢ ᠨᠡᠮᠡᠭᠳᠡᠭᠦᠯᠦᠨ᠎ᠡ᠃ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠤᠰᠤᠯᠠᠯᠲᠠ ᠶᠢᠨ ︽ᠴᠠᠬᠢᠯᠭᠠᠨ ᠤ | ᠬᠡᠮᠵᠢᠶ᠎ᠡ ᠪᠠᠷ ᠤᠰᠤᠨ ᠤ ᠬᠡᠮᠵᠢᠶ᠎ᠡ ᠶᠢ ᠪᠣᠳᠤᠬᠤ︾ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠤᠰᠤ ᠶᠢ ᠬᠢᠨᠠᠨ | ᠬᠡᠮᠵᠢᠬᠦ ᠶᠢ ︽ᠨᠡᠶᠢᠳᠡᠮ ᠪᠦᠷᠬᠦᠭᠦᠯᠬᠦ︾ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠨᠡᠶᠢᠭᠡᠮᠴᠢᠯᠡᠭᠰᠡᠨ | ᠦᠢᠯᠡᠴᠢᠯᠡᠭᠡᠨ ᠤ ᠥᠭᠡᠷᠡᠴᠢᠯᠡᠯᠲᠡ ᠶᠢ ᠥᠷᠨᠢᠭᠦᠯᠵᠦ᠂ ᠭᠠᠵᠠᠷ ᠰᠢᠷᠣᠢ ᠶᠢᠨ ᠡᠷᠬᠡ ᠶᠢ ᠨᠤᠲᠠᠯᠠᠨ ᠲᠣᠭᠲᠠᠭᠠᠬᠤ ᠪᠠ | ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠦᠨ ᠭᠦᠨᠵᠡᠭᠡᠶᠢᠷᠡᠭᠦᠯᠵᠦ᠂ ᠭᠠᠴᠠᠭᠠᠨ ᠤ ᠱᠠᠲᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ᠎ᠠ᠃ | | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠠᠯᠠᠭᠠᠨ ᠳᠡᠭᠡᠷ᠎ᠡ ᠪᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ | ᠣᠶᠢᠷ᠎ᠠ ᠬᠠᠪᠢ ᠳᠠᠭᠠᠨ ᠭᠦᠢᠴᠡᠳᠬᠡᠬᠦ᠂ ᠬᠠᠪᠰᠤᠷᠤᠨ ᠭᠦᠢᠴᠡᠳᠬᠡᠬᠦ︾ ᠶᠢ ᠭᠦᠨᠵᠡᠭᠡᠢ ᠬᠡᠷᠡᠭᠵᠢᠭᠦᠯᠵᠦ᠂ ︽ᠵᠠᠬ᠎ᠠ | ᠳᠡᠯᠭᠡᠭᠦᠷ ᠢ ᠰᠠᠭᠠᠳ ᠦᠭᠡᠢ ᠨᠠᠪᠲᠠᠷᠡᠭᠦᠯᠵᠦ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ | ᠬᠦᠷᠲᠡᠭᠡᠬᠦ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ︽ᠨᠢᠭᠡ ᠯᠡ ᠥᠷᠲᠡᠭᠡ ᠳᠤ | ᠦᠢᠯᠡᠴᠢᠯᠡᠬᠦ᠂ ᠨᠢᠭᠡ ᠯᠡ ᠤᠳᠠᠭ᠎ᠠ ᠳᠤ ᠭᠦᠢᠴᠡᠳᠬᠡᠵᠦ ᠳᠠᠭᠤᠰᠬᠠᠬᠤ᠂ ᠥᠪᠡᠷ ᠤᠨ ᠥᠷᠲᠡᠭ ᠢ ᠵᠠᠰᠠᠭ ᠤᠨ | ᠣᠷᠳᠣᠨ ᠠᠴᠠ ᠲᠣᠭᠠᠴᠠᠭ᠎ᠠ ᠬᠢᠬᠦ︾ ᠳᠦᠷᠢᠮ ᠢ ᠭᠦᠨᠵᠡᠭᠡᠶᠢᠷᠡᠭᠦᠯᠦᠨ᠂ 750 ᠵᠦᠢᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ 500 | ᠵᠦᠢᠯ ᠢ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠶᠢ ᠪᠡᠶᠡᠯᠡᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ | ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ᠎ᠠ᠃ ᠤᠯᠤᠰ ᠤᠨ ᠰᠢᠨ᠎ᠡ ᠬᠠᠮ ᠬᠡᠯᠪᠡᠷᠢ ᠶᠢᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ | ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠰᠢᠨ᠎ᠡ ᠪᠠᠷ ᠭᠡᠷ᠎ᠡ ᠲᠣᠭᠲᠠᠭᠰᠠᠨ᠂ | ᠰᠢᠨ᠎ᠡ ᠪᠠᠷ ᠪᠣᠳᠠᠲᠠᠶᠢᠵᠢᠭᠰᠠᠨ ᠠᠵᠤ ᠠᠬᠤᠶᠢᠯᠠᠯ ᠳᠤ ︽ᠬᠠᠪᠰᠤᠷᠤᠭᠴᠢ︾ ᠲᠣᠮᠢᠯᠠᠨ ᠰᠠᠭᠤᠯᠭᠠᠵᠤ᠂ ᠬᠦᠰᠡᠭᠰᠡᠨ | ᠪᠦᠬᠦᠨ ᠢ ᠨᠢ ᠪᠡᠶᠡᠯᠡᠭᠦᠯᠵᠦ᠂ ᠤᠴᠢᠷ ᠦᠭᠡᠢ ᠪᠣᠯ ᠬᠠᠷᠰᠢᠯᠠᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠠᠬᠢᠭᠤᠯᠵᠤ᠂ ᠲᠤᠬᠠᠶᠢᠯᠠᠭᠰᠠᠨ ᠠᠵᠢᠯ ᠤᠨ ᠶᠠᠪᠤᠴᠠ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ | ᠰᠢᠯᠢᠳᠡᠭᠵᠢᠭᠦᠯᠦᠨ ᠲᠠᠬᠢᠨ ᠡᠭᠦᠳᠴᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠳᠡᠰ ᠳᠡᠪᠰᠢᠭᠰᠡᠨ ᠬᠡᠪ | ᠵᠠᠭᠪᠤᠷ ᠢ ᠲᠦᠷᠭᠡᠪᠴᠢᠯᠡᠨ ᠪᠤᠢ ᠪᠣᠯᠭᠠᠨ᠎ᠠ᠃ | ︵ᠲᠠᠪᠤ︶ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠣᠯᠣᠨ ᠠᠮᠤ ᠪᠤᠳᠠᠭᠠᠨ ᠤ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ︽ᠨᠠᠢᠮᠠᠨ | ᠵᠠᠭᠤᠨ ᠲᠦᠮᠡᠨ ᠤ ᠲᠠᠰ︾ ᠤᠨ ᠠᠮᠢ ᠠᠬᠤᠢ ᠶᠢᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠬᠡᠰᠡᠭ ᠤᠨ | ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ 37 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠰᠢᠨ᠎ᠡ ᠪᠠᠷ ᠪᠠᠶᠢᠭᠤᠯᠵᠤ᠂ 50 ᠲᠦᠮᠡᠨ ᠮᠦ ᠲᠠᠷᠢᠶᠠᠯᠠᠬᠤ ᠭᠠᠵᠠᠷ ᠲᠤ ᠡᠭᠡᠯᠵᠢᠯᠡᠨ ᠳᠠᠷᠢᠬᠤ ᠶᠢ | ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠬᠥᠭᠵᠢᠯᠲᠡ ᠶᠢ ᠳᠡᠮᠵᠢᠬᠦ ᠲᠥᠷᠥ ᠶᠢᠨ | ᠪᠣᠳᠣᠯᠭ᠎ᠠ ᠶᠢᠨ ᠠᠵᠠ ᠲᠣᠬᠢᠶᠠᠯ ᠢ ᠠᠳᠬᠤᠨ᠂ ᠰᠦ ᠶᠢᠨ ᠢᠷᠡᠯᠲᠡ ᠶᠢᠨ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠵᠦ᠂ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢ 20 ᠶᠢ ᠰᠢᠨ᠎ᠡ ᠪᠠᠷ | ᠪᠠᠶᠢᠭᠤᠯᠵᠤ ᠦᠷᠭᠦᠯᠵᠢᠯᠡᠨ ᠪᠠᠶᠢᠭᠤᠯᠵᠤ᠂ ᠴᠢᠨᠠᠷ ᠰᠠᠶᠢᠲᠠᠢ ᠡᠪᠡᠰᠦ ᠪᠡᠯᠴᠢᠭᠡᠷ ᠢ 3 ᠲᠦᠮᠡᠨ ᠮᠦ ᠰᠢᠨ᠎ᠡ ᠪᠠᠷ | ᠨᠡᠮᠡᠭᠳᠡᠭᠦᠯᠦᠨ᠎ᠡ᠃ ︽ᠬᠤᠯᠢᠰᠢᠨ ᠢᠳᠡᠭᠡᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ | ᠠᠳᠬᠤᠵᠤ᠂ ᠪᠡᠯᠡᠳᠭᠡᠮᠵᠢᠳᠤ ᠲᠠᠷᠢᠶᠠᠯᠠᠩ ᠢ 1000 ᠮᠦ᠂ ᠵᠠᠳᠠᠭᠠᠢ ᠭᠠᠵᠠᠷ ᠤᠨ ᠨᠣᠭᠤᠭ᠎ᠠ ᠶᠢ 1 ᠲᠦᠮᠡᠨ ᠮᠦ | ᠰᠢᠨ᠎ᠡ ᠪᠠᠷ ᠨᠡᠮᠡᠭᠳᠡᠭᠦᠯᠵᠦ᠂ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢ 14 ᠲᠦᠮᠡᠨ ᠮᠦ ᠠᠴᠠ ᠳᠡᠭᠡᠭᠰᠢ ᠳᠤ | ᠬᠦᠷᠦᠭᠦᠯᠦᠨ᠎ᠡ᠃ | ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ | ᠬᠡᠪᠴᠢᠶᠡᠵᠢᠭᠰᠡᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠢ 5 ᠶᠢ | ᠰᠢᠨ᠎ᠡ ᠪᠠᠷ ᠨᠡᠮᠡᠭᠳᠡᠭᠦᠯᠵᠦ᠂ ᠬᠡᠪᠴᠢᠶᠡᠵᠢᠭᠰᠡᠨ ᠬᠥᠲᠥᠴᠢ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ | ᠣᠷᠣᠯᠭ᠎ᠠ ᠶᠢ 2350 ᠳ᠋ᠦᠩᠰᠢᠭᠤᠷ ᠲᠥᠭᠦᠷᠢᠭ ᠪᠡᠶᠡᠯᠡᠭᠦᠯᠵᠦ᠂ 9% ᠪᠠᠷ ᠨᠡᠮᠡᠭᠳᠡᠭᠦᠯᠦᠨ᠎ᠡ᠃ ᠲᠠᠷᠢᠶᠠᠯᠠᠩ ᠮᠠᠯ | ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠭᠤᠣᠯ ᠪᠣᠯᠬᠤ | ᠲᠠᠷᠢᠮᠠᠯ ᠤᠨ ᠰᠠᠶᠢᠨ ᠡᠭᠦᠯᠳᠡᠷ ᠤᠨ ᠪᠦᠷᠬᠦᠴᠡ ᠶᠢᠨ ᠨᠤᠷᠮ᠎ᠠ ᠶᠢ 99% ᠠᠴᠠ ᠳᠡᠭᠡᠭᠰᠢ ᠳᠤ ᠬᠦᠷᠦᠭᠦᠯᠵᠦ᠂ | ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠨᠤᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ᠃ | ︽ᠴᠡᠯᠡᠭᠡᠷ ᠲᠠᠯ᠎ᠠ ᠶᠢᠨ ᠦᠨᠦᠷ ᠠᠮᠲᠠ︾ ᠲᠥᠷᠥᠯ ᠲᠡᠮᠳᠡᠭᠲᠦ ᠶᠢᠨ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ | ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ | ᠥᠷᠭᠡᠳᠬᠡᠨ᠎ᠡ᠃ ᠬᠤᠷᠢᠨᠭᠡᠷ ᠰᠢᠶᠠᠨ ᠤᠯᠤᠰ ᠤᠨ ᠲᠠᠰ ᠤᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ | ᠴᠢᠷᠮᠠᠶᠢᠨ ᠪᠠᠶᠢᠭᠤᠯᠵᠤ᠂ ᠲᠦᠮᠡᠳ ᠵᠡᠭᠦᠨ ᠬᠤᠰᠢᠭᠤ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠴᠢᠷᠮᠠᠶᠢᠨ ᠪᠠᠶᠢᠭᠤᠯᠤᠨ᠎ᠠ᠃ | ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠎ᠡ᠃ ᠬᠥᠳᠡᠭᠡ | ᠲᠣᠰᠬᠤᠨ ᠤ ᠰᠠᠭᠤᠷᠢ ᠪᠡᠯᠡᠳᠬᠡᠮᠵᠢ ᠶᠢᠨ ︽ᠲᠤᠯᠤᠭ᠎ᠠ ᠶᠢ ᠢᠵᠢ ᠪᠦᠷᠢᠳᠦᠭᠦᠯᠬᠦ︾ ᠶᠢ ᠦᠷᠭᠦᠯᠵᠢᠯᠡᠨ | ᠴᠢᠩᠭᠠᠳᠬᠠᠵᠤ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠳᠠ ᠶᠢᠨ | ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ | ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ | ᠳᠤᠨᠢ ᠲᠣᠬᠢᠷᠠᠭᠤᠯᠤᠨ ᠬᠥᠳᠡᠭᠡ ᠲᠣᠰᠬᠤᠨ ᠤ 3 ᠲᠦᠮᠡᠨ ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ ᠶᠢ | ᠪᠡᠶᠡᠯᠡᠭᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠠᠵᠢᠯ ᠢ ᠲᠦᠷᠦᠯ ᠬᠤᠪᠢᠶᠠᠨ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠥᠯᠢᠭᠡᠷ ᠳᠠᠭᠤᠷᠢᠶᠠᠯ ᠢᠶᠠᠷ ᠵᠢᠱᠢᠶ᠎ᠡ ᠦᠵᠡᠭᠦᠯᠬᠦ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ ᠶᠢ ᠡᠬᠢᠯᠡᠭᠦᠯᠵᠦ᠂ ᠬᠤᠰᠢᠭᠤ ᠰᠢᠶᠠᠨ ᠲᠣᠭᠤᠷᠢᠭ ᠨᠢᠭᠡᠪᠦᠷᠢ ᠳᠤ 1 ᠵᠢᠱᠢᠶ᠎ᠡ ᠦᠵᠡᠭᠦᠯᠬᠦ ᠥᠯᠢᠭᠡᠷ | ᠳᠠᠭᠤᠷᠢᠶᠠᠯ ᠰᠢᠶᠠᠩ ᠪᠠᠯᠭᠠᠰᠤ ᠪᠠᠶᠢᠭᠤᠯᠵᠤ᠂ ᠰᠢᠶᠠᠩ ᠪᠠᠯᠭᠠᠰᠤ ᠨᠢᠭᠡᠪᠦᠷᠢ ᠳᠤ 1-2 ᠵᠢᠱᠢᠶ᠎ᠡ ᠦᠵᠡᠭᠦᠯᠬᠦ ᠥᠯᠢᠭᠡᠷ | ᠳᠠᠭᠤᠷᠢᠶᠠᠯ ᠲᠣᠰᠬᠤᠨ ᠢ ᠪᠠᠶᠢᠭᠤᠯᠤᠨ᠎ᠠ᠃ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ ᠬᠡᠪ ᠪᠣᠯᠪᠠᠰᠤᠷᠠᠯ ᠲᠠᠢ ᠲᠠᠷᠢᠶᠠᠴᠢᠨ ᠢ 1500 ᠬᠥᠮᠥᠨ ᠠᠴᠠ | ᠳᠡᠭᠡᠭᠰᠢ᠂ ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠶ ᠶᠢᠨ ᠵᠠᠯᠠᠭᠤ ᠡᠵᠡᠨ ᠪᠠ ᠪᠠᠶᠠᠵᠢᠯ ᠤᠨ ᠳᠠᠭᠠᠭᠤᠯᠤᠭᠴᠢ | ᠶᠢ120 ᠬᠥᠮᠥᠨ ᠠᠴᠠ ᠳᠡᠭᠡᠭᠰᠢ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠴᠢᠳᠠᠪᠤᠷᠢᠲᠠᠨ ᠢ 450 | ᠬᠥᠮᠥᠨ ᠠᠴᠠ ᠳᠡᠭᠡᠭᠰᠢ ᠬᠥᠮᠥᠵᠢᠭᠦᠯᠦᠨ᠎ᠡ᠃ ᠬᠥᠳᠡᠭᠡ ᠲᠣᠰᠬᠤᠨ ᠤ ᠬᠠᠭᠤᠴᠢᠨ ᠵᠠᠩ ᠳᠠᠳᠬᠠᠯ ᠢ ᠥᠭᠡᠷᠡᠴᠢᠯᠡᠬᠦ | ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ ︽ᠲᠦᠷᠪᠡᠨ ᠵᠥᠪᠯᠡᠯ︾ ᠤᠨ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢ ᠴᠢᠩᠭᠠᠳᠬᠠᠵᠤ᠂ ᠬᠡᠪ ᠰᠤᠷᠲᠠᠯ ᠰᠠᠶᠢᠨ᠂ ᠨᠡᠶᠢᠭᠡᠮ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠪᠠᠶᠢᠭᠤᠯᠤᠨ᠎ᠠ᠃ | ︵ᠵᠢᠷᠭᠤᠭ᠎ᠠ︶ ᠬᠤᠲᠠ ᠶᠢᠨ ᠴᠢᠳᠠᠪᠬᠢ ᠶᠠᠰᠤ ᠴᠢᠨᠠᠷ ᠢ ᠳᠡᠭᠡᠭᠰᠢᠯᠡᠭᠦᠯᠦᠨ᠎ᠡ | ᠬᠤᠲᠠ ᠶᠢ ᠨᠠᠷᠢᠨ ᠨᠢᠮᠪᠠᠢ ᠲᠥᠯᠥᠪᠵᠢᠭᠦᠯᠦᠨ᠎ᠡ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ᠵᠡᠭᠦᠨ ᠬᠡᠰᠡᠭ ᠤᠨ ᠴᠠᠭᠠᠨ ᠰᠤᠪᠤᠷᠭ᠎ᠠ | ᠨᠢᠰᠬᠡᠯ ᠤᠨ ᠪᠠᠭᠤᠳᠠᠯ ᠢ ᠲᠣᠭᠤᠷᠢᠭᠰᠠᠨ ᠠᠮᠢ ᠠᠬᠤᠢ ᠶᠢᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠣᠷᠣᠨ᠂ | ᠪᠠᠷᠠᠭᠤᠨ ᠬᠡᠰᠡᠭ ᠤᠨ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠠᠵᠤ ᠦᠢᠯᠡᠰ | ᠪᠠ ᠬᠤᠲᠠ ᠠᠭᠤᠰᠤᠯᠴᠠᠭᠰᠠᠨ ᠣᠷᠣᠨ ᠵᠢᠴᠢ ᠡᠮᠦᠨᠡᠲᠦ ᠬᠡᠰᠡᠭ ᠤᠨ ᠰᠢᠨ᠎ᠡ ᠨᠢᠰᠬᠡᠯ ᠤᠨ ᠪᠠᠭᠤᠳᠠᠯ᠂ ᠬᠤᠷᠢᠨᠭᠡᠷ | ᠰᠢᠨ᠎ᠡ ᠲᠣᠭᠤᠷᠢᠭ᠂ ᠮᠧᠩ ᠨᠢᠦ ᠶᠢᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠬᠤᠲᠠ ᠶᠢᠨ | ᠳᠡᠳ᠋ ᠲᠥᠪ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠲᠥᠯᠦᠪᠵᠢᠭᠦᠯᠭᠡ ᠶᠢ ᠡᠬᠢᠯᠡᠭᠦᠯᠵᠦ᠂ ᠡᠯ᠎ᠡ | ᠲᠥᠷᠥᠯ ᠤᠨ ᠲᠤᠰᠬᠠᠢ ᠲᠥᠯᠦᠪᠵᠢᠭᠦᠯᠭᠡ᠂ ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠶᠢ ᠨᠢᠭᠡᠳᠦᠯᠲᠡᠢ ᠲᠥᠯᠥᠪᠯᠡᠨ᠎ᠡ᠃ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ᠂ ᠶᠡᠭᠡ | ᠲᠦᠷᠭᠡᠨᠭᠤᠣᠯ ᠤᠨ ᠬᠤᠶᠠᠷ ᠡᠷᠭᠢ ᠵᠡᠷᠭᠡ ᠶᠢᠨ ᠲᠥᠯᠦᠪᠵᠢᠭᠦᠯᠭᠡ ᠵᠢᠷᠤᠭ ᠲᠥᠯᠥᠪᠯᠡᠭᠡ ᠶᠢ ᠰᠢᠯᠢᠳᠡᠭᠵᠢᠭᠦᠯᠦᠨ᠎ᠡ᠃ | ᠪᠠᠷᠢᠯᠭ᠎ᠠ ᠶᠢᠨ ᠨᠢᠭᠲᠠᠴᠠ᠂ ᠳᠦᠷᠰᠦ ᠪᠠᠶᠢᠳᠠᠯ᠂ ᠬᠡᠪ ᠨᠠᠮᠪᠠ᠂ ᠥᠩᠭᠡ ᠪᠤᠳᠤᠭ ᠤᠨ ᠬᠠᠮᠢᠶᠠᠷᠤᠯᠲᠠ ᠡᠵᠡᠮᠳᠡᠯ ᠢ | ᠴᠢᠩᠭᠠᠳᠬᠠᠵᠤ᠂ ᠲᠥᠯᠦᠪᠵᠢᠭᠦᠯᠭᠡ ᠶᠢᠨ ᠪᠦᠬᠦᠯᠢ ᠴᠣᠭᠴᠠᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠢ | ᠳᠡᠭᠡᠭᠰᠢᠯᠡᠭᠦᠯᠦᠨ᠂ ᠲᠥᠪ ᠴᠢᠩᠭ᠎ᠠ ᠴᠢᠨᠠᠷ᠂ ᠡᠷᠬᠡ ᠰᠦᠷᠲᠦ ᠴᠢᠨᠠᠷ ᠢ ᠬᠠᠮᠠᠭᠠᠯᠠᠨ᠎ᠠ᠃ | ᠬᠤᠳᠠ ᠶᠢ ᠨᠠᠷᠢᠯᠢᠭ ᠪᠦᠲᠦᠭᠡᠨ ᠪᠠᠶᠢᠭᠤᠯᠤᠨ᠎ᠠ᠃ ᠰᠢᠨ᠎ᠡ ᠨᠢᠰᠬᠡᠯ ᠤᠨ ᠪᠠᠭᠤᠳᠠᠯ ᠵᠢᠴᠢ ᠢᠵᠢ ᠪᠦᠷᠢᠳᠦᠭᠦᠯᠬᠦ | ᠪᠡᠯᠡᠳᠬᠡᠮᠵᠢ᠂ S29 ᠬᠥᠬᠡᠬᠤᠲᠠ ᠠᠴᠠ ᠯᠢᠶᠡᠩᠴᠧᠩ ᠬᠦᠷᠬᠦ ᠲᠦᠷᠭᠡᠨ ᠤ ᠵᠠᠮ᠂ S43 ᠰᠢᠨ᠎ᠡ ᠨᠢᠰᠬᠡᠯ ᠤᠨ | ᠪᠠᠭᠤᠳᠠᠯ ᠤᠨ ᠲᠦᠷᠭᠡᠨ ᠤ ᠵᠠᠮ᠂ S311 ᠦᠴᠦᠸᠠᠨ ᠠᠴᠠ ᠶᠠᠩ ᠱᠦ ᠪᠠ ᠬᠦᠷᠬᠦ ᠵᠠᠰᠠᠮᠠᠯ ᠵᠠᠮ᠂ ᠬᠥᠬᠡᠬᠤᠲᠠ | ᠠᠴᠠ ᠱᠦᠸᠧᠵᠸᠦ ᠬᠦᠷᠬᠦ ᠲᠦᠷᠭᠡᠨ ᠤ ᠵᠠᠮ ᠬᠢᠭᠡᠳ 209 ᠤᠯᠤᠰ ᠤᠨ ᠵᠠᠮ ᠤᠨ ᠬᠤᠯᠪᠣᠬᠤ ᠱᠤᠭᠤᠮ ᠤᠨ | ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠦᠨ᠎ᠡ᠃ S27 ᠬᠥᠬᠡᠬᠤᠲᠠ ᠠᠴᠠ ᠣᠷᠳᠣᠰ ᠬᠦᠷᠬᠦ ᠲᠦᠷᠭᠡᠨ ᠤ ᠵᠠᠮ | ᠂ ᠬᠥᠬᠡᠬᠤᠲᠠ ᠠᠴᠠ ᠴᠢᠩ ᠱᠦᠢ ᠾᠧ ᠬᠦᠷᠬᠦ ᠲᠦᠷᠭᠡᠨ ᠤ ᠵᠠᠮ᠂ ᠤᠯᠤᠰ ᠤᠨ ᠵᠠᠮ ᠤᠨ 512 ᠱᠤᠭᠤᠮ ᠤᠨ ᠮᠠ | ᠸᠠᠨ ᠠᠴᠠ ᠵᠢᠦᠢ ᠾᠧ ᠲᠠᠨ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠯᠣᠣ ᠨᠢᠦ ᠸᠠᠨ ᠤ ᠨᠡᠶᠢᠳᠡᠮ ᠬᠡᠷᠡᠭᠯᠡᠬᠦ ᠨᠢᠰᠬᠡᠯ ᠤᠨ | ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠭᠤᠷᠪᠠᠳᠤᠭᠠᠷ ᠲᠣᠭᠤᠷᠢᠯ ᠵᠠᠮ ᠤᠨ ᠰᠡᠭᠦᠯ | ᠬᠤᠷᠢᠶᠠᠬᠤ ᠢᠨᠵᠧᠨᠧᠷᠢᠩ ᠢ ᠦᠷᠭᠦᠯᠵᠢᠯᠡᠨ ᠠᠬᠢᠭᠤᠯᠤᠨ᠎ᠠ︔ ᠶᠢᠨ ᠱᠧᠩ ᠬᠤᠷᠳᠤᠨ ᠤ ᠵᠠᠮ ᠤᠨ ᠬᠤᠶᠢᠲᠤ ᠬᠡᠰᠡᠭ | ︱ ᠬᠠᠩᠭᠠᠢ ᠵᠠᠮ ᠤᠨ ᠬᠤᠯᠪᠣᠬᠤ ᠱᠤᠭᠤᠮ ᠤᠨ ᠢᠨᠵᠧᠨᠧᠷᠢᠩ ᠢ ᠪᠡᠶᠡᠯᠡᠭᠦᠯᠵᠦ᠂ ᠲᠥᠪ ᠬᠤᠲᠠ ᠶᠢᠨ | ᠲᠣᠭᠤᠷᠢᠭ ᠠᠴᠠ ᠬᠤᠷᠢᠨᠭᠡᠷ ᠰᠢᠨ᠎ᠡ ᠲᠣᠭᠤᠷᠢᠭ ᠬᠦᠷᠬᠦ ᠡᠮᠦᠨᠡᠰᠢ ᠤᠮᠠᠷᠠᠰᠢ ᠨᠡᠪᠲᠡᠷᠡᠬᠦ ᠶᠡᠭᠡ ᠵᠠᠮ ᠢ ᠨᠡᠪᠲᠡᠷᠡᠭᠦᠯᠦᠨ᠎ᠡ | ︔ ᠶᠢᠨ ᠬᠠᠢ ᠵᠠᠮ ᠤᠨ ᠵᠡᠭᠦᠨᠰᠢ ᠪᠠᠷᠠᠭᠤᠨᠰᠢ ᠦᠷᠭᠦᠯᠵᠢᠯᠡᠭᠰᠡᠨ ᠬᠡᠰᠡᠭ ᠤᠨ ᠢᠨᠵᠧᠨᠧᠷᠢᠩ ᠢ ᠪᠡᠶᠡᠯᠡᠭᠦᠯᠵᠦ᠂ ᠴᠠᠭᠠᠨ | ᠰᠤᠪᠤᠷᠭ᠎ᠠ ᠨᠢᠰᠬᠡᠯ ᠤᠨ ᠪᠠᠭᠤᠳᠠᠯ ᠠᠴᠠ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ | ᠬᠦᠷᠬᠦ ᠵᠡᠭᠦᠨᠰᠢ ᠪᠠᠷᠠᠭᠤᠨᠰᠢ ᠨᠡᠪᠲᠡᠷᠡᠬᠦ ᠶᠡᠭᠡ ᠵᠠᠮ ᠢ ᠨᠡᠪᠲᠡᠷᠡᠭᠦᠯᠦᠨ᠎ᠡ︔ ᠪᠠᠶᠠᠨ ᠵᠠᠮ ᠤᠨ ᠬᠤᠶᠢᠰᠢ | ᠥᠷᠬᠦᠯᠵᠢᠯᠡᠭᠰᠡᠨ ᠬᠡᠰᠡᠭ᠂ ᠰᠢᠨᠬᠤᠸᠠ ᠶᠡᠭᠡ ᠵᠡᠭᠡᠯᠢ ᠶᠢᠨ ᠪᠠᠷᠠᠭᠤᠨᠰᠢ ᠥᠷᠭᠦᠯᠵᠢᠯᠡᠭᠰᠡᠨ ᠬᠡᠰᠡᠭ᠂ ᠣᠷᠳᠣᠰ ᠶᠡᠭᠡ | ᠵᠡᠭᠡᠯᠢ ᠶᠢᠨ ᠪᠠᠷᠠᠭᠤᠨᠰᠢ ᠥᠷᠭᠦᠯᠵᠢᠯᠡᠭᠰᠡᠨ ᠬᠡᠰᠡᠭ ᠤᠨ ᠢᠨᠵᠧᠨᠧᠷᠢᠩ ᠢ ᠪᠡᠶᠡᠯᠡᠭᠦᠯᠦᠨ᠎ᠡ︔ G6 ᠲᠦᠷᠭᠡᠨ ᠤ ᠵᠠᠮ | ᠬᠢᠭᠡᠳ ᠬᠤᠷᠴᠢᠨ ᠵᠠᠮ ᠤᠨ ᠬᠠᠷᠢᠯᠴᠠᠨ ᠨᠡᠪᠲᠡᠷᠡᠯᠴᠡᠬᠦ ᠬᠡᠰᠡᠭ᠂ G5901 ᠢᠯᠢ ᠶᠢᠨ ᠣᠲᠣ ᠦᠶ᠎ᠡ ᠶᠢᠨ | ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠬᠠᠷᠢᠯᠴᠠᠨ ᠨᠡᠪᠲᠡᠷᠡᠯᠴᠡᠬᠦ ᠬᠡᠰᠡᠭ ᠤᠨ ᠲᠥᠷᠥᠯ ᠵᠦᠢᠯ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠬᠤᠲᠠ ᠶᠢᠨ ᠶᠠᠪᠤᠳᠠᠯ ᠤᠨ75 ᠵᠠᠮ ᠢ ᠰᠢᠨ᠎ᠡ ᠪᠠᠷ ᠪᠠᠶᠢᠭᠤᠯᠵᠤ | ᠦᠷᠭᠦᠯᠵᠢᠯᠡᠨ ᠪᠠᠶᠢᠭᠤᠯᠵᠤ᠂ 31 ︽ᠲᠠᠰᠤᠷᠬᠠᠢ ᠵᠠᠮ︾ ᠢ ᠨᠠᠪᠲᠠᠷᠡᠭᠦᠯᠵᠦ᠂ 140 ᠵᠡᠭᠡᠯᠢ ᠭᠤᠳᠤᠮᠵᠢ ᠶᠢ | ᠥᠭᠡᠷᠡᠴᠢᠯᠡᠨ ᠪᠠᠶᠢᠭᠤᠯᠤᠨ᠎ᠠ︔ ᠭᠠᠯᠲᠤ ᠲᠡᠷᠭᠡᠨ ᠤ ᠵᠡᠭᠦᠨ ᠥᠷᠲᠡᠭᠡᠨ ᠤ ᠬᠤᠶᠢᠲᠤ ᠥᠷᠲᠡᠭᠡ ᠭᠡᠷ ᠵᠢᠴᠢ ᠢᠵᠢ | ᠪᠦᠷᠢᠳᠦᠭᠦᠯᠬᠦ ᠪᠠᠷᠢᠯᠭ᠎ᠠ ᠶᠢ ᠪᠡᠶᠡᠯᠡᠭᠦᠯᠦᠨ᠎ᠡ︔ 392 ᠬᠠᠭᠤᠴᠢᠨ ᠬᠤᠷᠢᠶᠠᠯᠠᠯ᠂ 8 ᠲᠦᠬᠦᠮ ᠪᠦᠲᠦᠴᠡᠲᠦ ᠣᠷᠣᠨ | ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ 5 ︽ᠪᠦᠷᠢᠨ ᠪᠦᠲᠦᠨ ᠣᠷᠣᠨ | ᠰᠠᠭᠤᠴᠠ ᠶᠢᠨ ᠨᠡᠶᠢᠭᠡᠮ ᠲᠣᠭᠤᠷᠢᠭ︾ ᠢ ᠲᠤᠷᠰᠢᠨ ᠪᠠᠶᠢᠭᠤᠯᠤᠨ᠎ᠠ︔1ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢ ᠬᠡᠷᠡᠭᠵᠢᠭᠦᠯᠦᠨ᠎ᠡ︔ ᠣᠷᠣᠨ ᠰᠠᠭᠤᠴᠠ ᠶᠢᠨ ᠪᠤᠰᠤ ᠲᠦᠷᠦᠯ ᠵᠦᠢᠯ ᠤᠨ | ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠡᠦᠬᠡᠨ ᠦᠯᠡᠳᠡᠭᠳᠡᠯ ᠠᠰᠠᠭᠤᠳᠠᠯ ᠢ ᠡᠬᠢᠯᠡᠨ ᠰᠢᠢᠳᠪᠦᠷᠢᠯᠡᠨ᠎ᠡ | ᠃ ᠬᠤᠲᠠ ᠶᠢᠨ ᠨᠣᠭᠤᠭᠠᠨ ᠵᠠᠮ ᠢ 300 ᠺᠢᠯᠣᠮᠧᠲᠷ ᠰᠢᠨ᠎ᠡ ᠪᠠᠷ ᠪᠠᠶᠢᠭᠤᠯᠵᠤ᠂ ᠦᠷᠭᠦᠯᠵᠢᠯᠡᠨ ᠪᠠᠶᠢᠭᠤᠯᠵᠤ᠂ | ᠥᠭᠡᠷᠡᠴᠢᠯᠡᠨ ᠪᠠᠶᠢᠭᠤᠯᠵᠤ᠂ ᠬᠠᠷᠮᠠᠨ ᠴᠡᠴᠡᠷᠯᠢᠭ᠂ ᠨᠡᠶᠢᠭᠡᠮ ᠲᠣᠭᠤᠷᠢᠭ ᠤᠨ ᠵᠤᠭᠠᠴᠠᠯ ᠤᠨ ᠴᠡᠴᠡᠷᠯᠢᠭ᠂ ᠪᠡᠶ᠎ᠡ ᠶᠢᠨ | ᠲᠠᠮᠢᠷ ᠤᠨ ᠴᠡᠴᠡᠷᠯᠢᠭ ᠢ 300 ᠶᠢ ᠰᠢᠨ᠎ᠡ ᠪᠠᠷ ᠪᠠᠶᠢᠭᠤᠯᠤᠨ᠎ᠠ︔ ᠰᠢᠨᠬᠤᠸᠠ ᠶᠡᠭᠡ ᠵᠡᠭᠡᠯᠢ᠂ ᠪᠧᠢ ᠶᠤᠸᠠᠨ ᠵᠡᠭᠡᠯᠢ | ᠵᠡᠷᠭᠡ 7 ᠵᠤᠷᠪᠤᠰ ᠭᠤᠣᠯᠳᠠᠯᠭ᠎ᠠ ᠲᠠᠢ ᠵᠠᠮ ᠤᠨ ᠣᠷᠣᠨ ᠵᠠᠢ ᠶᠢᠨ ᠶᠠᠰᠤ ᠴᠢᠨᠠᠷ ᠢ ᠰᠢᠯᠢᠳᠡᠭᠵᠢᠭᠦᠯᠦᠨ | ᠳᠡᠭᠡᠭᠰᠢᠯᠡᠭᠦᠯᠦᠨ᠎ᠡ︔ ᠬᠤᠲᠠ ᠶᠢᠨ ᠴᠠᠬᠢᠯᠭᠠᠨ ᠤᠲᠠᠰᠤ ᠶᠢ ᠭᠠᠵᠠᠷ ᠲᠤ ᠣᠷᠣᠭᠤᠯᠬᠤ ᠲᠥᠯᠥᠪᠯᠡᠭᠡ ᠶᠢ ᠡᠬᠢᠯᠡᠭᠦᠯᠵᠦ | ᠂ ᠦᠯᠡᠳᠡᠭᠰᠡᠨ 38 ᠲᠦᠮᠡᠨ ᠡᠷᠦᠬᠡ ᠶᠢᠨ ᠰᠢᠲᠠᠮᠠᠬᠠᠢ ᠬᠡᠢ ᠶᠢᠨ ᠮᠡᠷᠭᠡᠵᠢᠯ ᠤᠨ ᠰᠡᠷᠭᠡᠶᠢᠯᠡᠯᠲᠡ ᠶᠢᠨ ᠪᠡᠯᠡᠳᠬᠡᠮᠵᠢ ᠶᠢ | ᠤᠭᠰᠠᠷᠠᠬᠤ ᠢᠨᠵᠧᠨᠧᠷᠢᠩ ᠢ ᠪᠡᠶᠡᠯᠡᠭᠦᠯᠦᠨ᠎ᠡ︔10 ᠵᠤᠷᠪᠤᠰ ᠬᠠᠶᠢᠮᠢᠶᠠᠨ ᠵᠠᠮ ᠤᠨ ᠵᠢᠱᠢᠶ᠎ᠡ ᠦᠵᠡᠭᠦᠯᠬᠦ ᠵᠡᠭᠡᠯᠢ | ᠭᠤᠳᠤᠮᠵᠢ᠂ 8 ᠬᠠᠶᠢᠮᠢᠶᠠᠨᠵᠢᠭᠤᠯᠬᠤ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠬᠤᠷᠢᠶᠠᠯᠠᠯ ᠢ ᠪᠠᠶᠢᠭᠤᠯᠵᠤ᠂ | ᠤᠯᠤᠰ ᠤᠨ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ | ᠬᠡᠪᠴᠢᠶᠡᠨ ᠳᠤ ᠣᠷᠣᠬᠤ ᠪᠠᠷ ᠴᠢᠷᠮᠠᠶᠢᠨ᠎ᠠ᠃ | ᠬᠤᠲᠠ ᠶᠢ ᠨᠠᠷᠢᠯᠢᠭ ᠬᠠᠮᠢᠶᠠᠷᠤᠨ᠎ᠠ᠃ ᠠᠮᠢᠳᠤᠷᠠᠯ᠂ ᠲᠣᠭᠤᠭᠠᠨ ᠭᠡᠷ᠂ ᠪᠤᠵᠠᠷ ᠰᠢᠪᠠᠷ᠂ ᠡᠮ ᠡᠮᠨᠡᠯᠭᠡ᠂ | ᠪᠠᠷᠢᠯᠭ᠎ᠠ ᠶᠢᠨ ︽ᠪᠦᠬᠦ︾ ᠬᠤᠭ ᠨᠣᠪᠰᠢ ᠶᠢ ᠰᠢᠢᠳᠪᠦᠷᠢᠯᠡᠬᠦ ᠲᠦᠷᠦᠯ ᠵᠦᠢᠯ ᠢ ᠡᠬᠢᠯᠡᠭᠦᠯᠵᠦ᠂ ᠬᠤᠳᠠ ᠶᠢᠨ ᠬᠤᠭ | ᠨᠣᠪᠰᠢ ᠶᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ ᠠᠳᠠᠯ ᠠᠬᠤᠢ ᠶᠢᠨ ᠬᠠᠮᠢᠶᠠᠷᠤᠯᠲᠠ ᠶᠢᠨ | ᠦᠢᠯᠡᠴᠢᠯᠡᠭᠡᠨ ᠤ ᠪᠠᠷᠢᠮᠵᠢᠶ᠎ᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠣᠷᠣᠨ ᠨᠤᠲᠤᠭ ᠤᠨ ᠠᠳᠠᠯ ᠠᠬᠤᠢ ᠶᠢᠨ | ᠰᠢᠯᠢᠳᠡᠭ ᠲᠥᠷᠥᠯ ᠲᠡᠮᠳᠡᠭᠲᠦ ᠶᠢ ᠪᠣᠶ ᠪᠣᠯᠭᠠᠵᠤ᠂ ᠠᠳᠠᠯ ᠠᠬᠤᠢ ᠶᠢᠨ ᠬᠠᠮᠢᠶᠠᠷᠤᠯᠲᠠ ᠶᠢ ︽ᠪᠠᠶᠢᠬᠤ ᠡᠰᠡᠬᠦ︾ | ᠠᠴᠠ ︽ᠰᠠᠶᠢᠨ ᠡᠰᠡᠬᠦ︾ ᠳᠠᠰᠢ ᠳᠡᠭᠡᠭᠰᠢᠯᠡᠭᠦᠯᠦᠨ᠎ᠡ︔ ᠨᠡᠶᠢᠲᠡ ᠶᠢᠨ ᠮᠠᠰᠢᠨ ᠲᠡᠷᠭᠡᠨ ᠤ ᠬᠤᠷᠳᠤᠨ ᠱᠤᠭᠤᠮ ᠢ | 3 ᠶᠢ ᠰᠢᠨ᠎ᠡ ᠪᠠᠷ ᠨᠠᠪᠲᠠᠷᠡᠭᠦᠯᠵᠦ᠂ ᠨᠡᠶᠢᠲᠡ ᠶᠢᠨ ᠮᠠᠰᠢᠨ ᠲᠡᠷᠭᠡᠨ ᠤ ᠬᠡᠯᠪᠡᠷᠢ ᠶᠢ ᠵᠦᠢ ᠵᠣᠬᠢᠰᠲᠠᠢ ᠲᠣᠬᠢᠷᠠᠭᠤᠯᠵᠤ᠂ | ᠬᠤᠳᠠ ᠶᠢᠨ ᠲᠡᠬᠦᠷᠭᠡ ᠬᠥᠳᠡᠭᠡ ᠲᠣᠰᠬᠤᠨ ᠳᠤ ᠨᠡᠶᠢᠲᠡ ᠶᠢᠨ ᠮᠠᠰᠢᠨ ᠲᠡᠷᠭᠡ ᠶᠢ ︽ᠨᠡᠶᠢᠳᠡᠮ ᠪᠦᠷᠬᠦᠭᠦᠯᠬᠦ︾ ᠶᠢ | ᠴᠢᠷᠮᠠᠶᠢᠨ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠰᠤᠷᠭᠠᠨ ᠬᠥᠮᠦᠵᠢᠯ᠂ ᠡᠮᠴᠢᠯᠡᠭᠡ᠂ | ᠨᠠᠰᠤᠵᠢᠯ ᠤᠨ ᠠᠰᠠᠷᠠᠮᠵᠢ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ | ᠬᠤᠳᠠ ᠶᠢᠨ ᠶᠡᠭᠡ ᠲᠠᠷᠢᠬᠢᠨ ᠤ 3.0 ᠬᠡᠪ ᠢ ᠪᠤᠢ ᠪᠣᠯᠭᠠᠵᠤ᠂ ︽ᠨᠢᠭᠡ ᠲᠣᠣᠷ ᠢᠶᠠᠷ ᠨᠢᠭᠡᠳᠦᠯᠲᠡᠢ ᠬᠠᠮᠢᠶᠠᠷᠬᠤ︾ | ᠶᠢ ᠬᠤᠳᠠ ᠶᠢᠨ ᠣᠶᠤᠨᠴᠢᠯᠠᠭᠰᠠᠨ ᠬᠠᠮᠢᠶᠠᠷᠤᠯᠲᠠ ᠶᠢᠨ ᠰᠢᠨ᠎ᠡ ᠬᠡᠪ ᠪᠠᠶᠢᠳᠠᠯ ᠪᠣᠯᠭᠠᠨ᠎ᠠ᠃ | ︵ᠲᠤᠯᠤᠭ᠎ᠠ︶ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠨ᠎ᠠ | ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠤᠮᠠᠷᠠᠲᠤ | ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠬᠤᠲᠠ ᠶᠢᠨ ᠲᠤᠷᠰᠢᠯᠲᠠ ᠤ ᠴᠡᠭ ᠢ ᠴᠢᠷᠮᠠᠶᠢᠨ | ᠡᠭᠦᠳᠬᠦ ᠶᠢᠨ ᠲᠣᠭᠤᠷᠢᠨ ᠳᠤ᠂ ᠪᠣᠬᠢᠷᠳᠤᠯ ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠳᠤ ᠲᠦᠯᠡᠰᠢᠨ | ᠨᠡᠭᠦᠷᠡᠰᠦ ᠶᠢ ᠰᠤᠯᠠ ᠰᠢᠲᠠᠭᠠᠬᠤ ᠶᠢ ︽ᠠᠷᠢᠯᠭᠠᠬᠤ︾ ᠠᠵᠢᠯᠯᠠᠭ᠎ᠠ ᠶᠢ ᠥᠷᠨᠢᠭᠦᠯᠦᠨ᠎ᠡ︔35 ᠠᠭᠤᠷ ᠲᠣᠨ ᠠᠴᠠ | ᠳᠡᠭᠡᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ ᠰᠢᠭᠰᠢᠬᠦ ᠠᠵᠢᠯ ᠢ ᠡᠬᠢᠯᠡᠭᠦᠯᠦᠨ᠎ᠡ︔ ᠳ᠋ᠠ ᠲᠠᠩ ᠤᠨ ᠲᠣᠭᠲᠠᠬᠤ | ᠰᠢᠶᠠᠨ ᠤ ᠴᠠᠬᠢᠯᠭᠠᠨ ᠤ ᠦᠢᠯᠡᠳᠪᠦᠷᠢ᠂ ᠵᠢᠰᠢᠶ᠎ᠡ ᠠᠶᠢᠯ ᠤᠨ ᠢᠯᠴᠢ ᠴᠠᠬᠢᠯᠭᠠᠨ ᠤ ᠦᠢᠯᠡᠳᠪᠦᠷᠢ᠂ ᠶᠢᠨ ᠱᠠᠨ | ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ ᠭᠤᠷᠪᠠᠨ ᠶᠡᠭᠡ ᠢᠯᠴᠢ ᠶᠢᠨ ᠢᠷᠡᠯᠲᠡ ᠶᠢ | ᠬᠥᠬᠡᠬᠤᠲᠠ ᠳᠤ ᠣᠷᠣᠭᠤᠯᠬᠤ ᠲᠥᠷᠥᠯ ᠵᠦᠢᠯ ᠢ ᠬᠡᠷᠡᠭᠵᠢᠭᠦᠯᠦᠨ᠎ᠡ︔ ᠳᠤᠯᠠᠭᠠᠯᠠᠭ᠎ᠠ ᠶᠢᠨ ᠬᠤᠭᠤᠯᠠᠢ ᠶᠢᠨ ᠲᠣᠣᠷ | 53 ᠺᠢᠯᠣᠮᠧᠲᠷ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠳᠤᠯᠠᠭᠠᠯᠠᠭ᠎ᠠ ᠶᠢᠨ ᠠᠵᠤ ᠠᠬᠤᠶᠢᠯᠠᠯ ᠢ ᠡᠮᠬᠢᠯᠡᠨ | ᠨᠡᠶᠢᠯᠡᠭᠦᠯᠬᠦ ᠶᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠠᠭᠠᠷ ᠤᠨ ᠶᠠᠰᠤ ᠴᠢᠨᠠᠷ ᠤᠨ ᠦᠷᠭᠦᠯᠵᠢᠯᠡᠨ | ᠰᠠᠶᠢᠵᠢᠷᠠᠬᠤ ᠬᠠᠨᠳᠤᠰᠢ ᠶᠢ ᠪᠠᠲᠤᠯᠠᠨ᠎ᠠ᠃ ᠤᠯᠤᠰ ᠤᠨ ᠣᠷᠣᠨ ᠪᠦᠰᠡ ᠶᠢᠨ ᠳᠠᠬᠢᠯᠲᠠ ᠤᠰᠤ ᠶᠢ ᠡᠷᠭᠢᠯᠳᠦᠭᠦᠯᠦᠨ | ᠠᠰᠢᠭᠯᠠᠬᠤ ᠲᠤᠷᠰᠢᠯᠲᠠ ᠶᠢᠨ ᠴᠡᠭ ᠢ ᠴᠢᠷᠮᠠᠶᠢᠨ ᠡᠭᠦᠳᠬᠦ ᠶᠢᠨ ᠲᠣᠭᠤᠷᠢᠨ ᠳᠤ᠂ ᠬᠠᠲᠤᠨ ᠭᠤᠣᠯ ᠤᠨ ᠤᠰᠤ ᠶᠢ | ᠬᠥᠬᠡᠬᠤᠲᠠ ᠳᠤ ᠲᠠᠲᠠᠵᠤ ᠣᠷᠣᠭᠤᠯᠬᠤ ᠭᠤᠷᠪᠠᠳᠤᠭᠠᠷ ᠬᠤᠭᠤᠴᠠᠭ᠎ᠠ ᠪᠠ ᠲᠣᠭᠲᠠᠬᠤ ᠴᠢᠩ ᠱᠦᠢ ᠾᠧ ᠤᠨ | ᠳᠠᠬᠢᠯᠲᠠ ᠤᠰᠤᠨ ᠤ ᠤᠷᠲᠤ ᠬᠤᠭᠤᠯᠠᠢ ᠶᠢᠨ ᠱᠤᠭᠤᠮ ᠤᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ | ᠯᠠᠮᠠ ᠶᠢᠨ ᠠᠶᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ᠂ ᠭᠦᠩᠵᠦ ᠶᠢᠨ ᠣᠷᠳᠣᠨ 3 EOD ᠭᠠᠵᠠᠷ | ᠳᠣᠣᠷᠠᠬᠢ ᠮᠠᠶ᠋ᠢᠭ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠪᠠ ᠶᠢᠨ ᠴᠢᠶᠣᠤ ᠶᠢᠨ ᠠᠵᠤ | ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢ ᠡᠬᠢᠯᠡᠨ ᠪᠠᠶᠢᠭᠤᠯᠵᠤ᠂ ᠵᠠᠩᠭᠢ ᠶᠢᠨ ᠠᠶᠢᠯ | ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠥᠭᠡᠷᠡᠴᠢᠯᠡᠨ | ᠰᠠᠶᠢᠵᠢᠷᠠᠭᠤᠯᠬᠤ ᠢᠨᠵᠧᠨᠧᠷᠢᠩ ᠢ ᠠᠬᠢᠭᠤᠯᠤᠨ᠎ᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ | ᠣᠷᠣᠨ ᠤ ᠵᠠᠰᠠᠯᠲᠠ ᠶᠢᠨ ᠡᠷᠴᠢᠮ ᠢ ᠴᠢᠩᠭᠠᠷᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠣᠶᠤᠨᠲᠤ | ᠬᠠᠮᠢᠶᠠᠷᠤᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠵᠠᠰᠠᠯᠲᠠ ᠶᠢᠨ ᠪᠠᠯᠠᠢ ᠣᠷᠣᠨ ᠢ ᠪᠦᠬᠦ | ᠲᠠᠯ᠎ᠠ ᠪᠠᠷ ᠠᠷᠢᠯᠭᠠᠨ᠎ᠠ᠃ ︽ᠬᠠᠶᠠᠭᠳᠠᠮᠠᠯ ᠪᠣᠳᠠᠰ ᠦᠭᠡᠢ ᠬᠤᠳᠠ︾ ᠶᠢ ᠴᠢᠷᠮᠠᠶᠢᠨ ᠪᠠᠶᠢᠭᠤᠯᠬᠤ ᠶᠢᠨ | ᠲᠣᠭᠤᠷᠢᠨ ᠳᠤ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠪᠣᠬᠢᠷᠳᠤᠯ ᠢ ᠴᠡᠭᠴᠡᠯᠡᠨ ᠵᠠᠰᠠᠬᠤ᠂ | ᠠᠶᠤᠯᠲᠠᠢ ᠬᠠᠶᠠᠭᠳᠠᠮᠠᠯ ᠪᠣᠳᠠᠰ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠵᠢᠯ ᠢ ᠲᠣᠪᠣᠶᠢᠮ᠎ᠠ | ᠰᠠᠶᠢᠲᠤᠷ ᠠᠳᠬᠤᠨ᠎ᠠ᠃ ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠭᠤᠣᠯᠳᠠᠯᠭ᠎ᠠ ᠲᠠᠢ | ᠬᠡᠷᠡᠭᠵᠢᠭᠦᠯᠵᠦ᠂ ᠭᠤᠣᠯ ᠪᠣᠯᠬᠤ ᠲᠠᠷᠢᠮᠠᠯ ᠤᠨ ᠬᠢᠮᠢ ᠶᠢᠨ ᠪᠣᠷᠳᠣᠭᠤᠷ ᠪᠠ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ | ᠲᠤᠰ ᠲᠤᠰ 3.59 % ᠪᠠ 2 % ᠪᠠᠭᠤᠷᠠᠭᠤᠯᠵᠤ᠂ ᠰᠦᠯᠢᠶᠥᠦ ᠪᠦᠷᠬᠦᠪᠴᠢ ᠶᠢ ᠡᠭᠡᠭᠦᠯᠦᠨ ᠬᠤᠷᠢᠶᠠᠵᠤ | ᠠᠰᠢᠭᠯᠠᠬᠤ ᠨᠤᠷᠮ᠎ᠠ ᠶᠢ 82 % ᠠᠴᠠ ᠳᠡᠭᠡᠭᠰᠢ ᠪᠣᠯᠭᠠᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ | ᠨᠤᠷᠮ᠎ᠠ ᠶᠢ 91% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ | ᠠᠮᠢ ᠠᠬᠤᠢ ᠶᠢ ᠵᠠᠰᠠᠨ ᠰᠡᠷᠭᠦᠭᠡᠬᠦ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠬᠠᠲᠤᠨ | ᠭᠤᠣᠯ ᠤᠨ ᠰᠠᠶᠢᠷᠭᠠᠯ ᠤᠨ ᠣᠷᠣᠨ ᠢ ᠶᠡᠷᠦᠩᠬᠡᠶᠢᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠵᠤ᠂ ᠳᠠᠯᠠᠨ ᠬᠠᠷ᠎ᠠ | ᠠᠭᠤᠯᠠ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠬᠤ᠂ ᠴᠡᠯᠡᠭᠡᠷ ᠲᠠᠯ᠎ᠠ ᠶᠢᠨ ᠠᠮᠢ ᠠᠬᠤᠢ ᠶᠢ ᠰᠠᠶᠢᠵᠢᠷᠠᠭᠤᠯᠬᠤ᠂ | ᠬᠠᠲᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠵᠤ᠂ ᠬᠠᠷ᠎ᠠ ᠤᠰᠤ ᠶᠢᠨ ᠤᠰᠤ ᠶᠢ | ᠲᠠᠲᠠᠵᠤ ᠤᠰᠤ ᠶᠢ ᠨᠥᠬᠦᠪᠦᠷᠢᠯᠡᠬᠦ᠂ ᠶᠡᠭᠡ ᠲᠦᠷᠭᠡᠨ ᠭᠤᠣᠯ ᠤᠨ ᠭᠤᠣᠯ ᠤᠨ ᠵᠠᠮ ᠢ ᠵᠠᠰᠠᠨ ᠰᠡᠷᠭᠦᠭᠡᠬᠦ ᠪᠠ ᠤᠰᠤᠨ | ᠰᠢᠰᠲ᠋ᠧᠮ ᠢ ᠬᠤᠯᠪᠣᠨ ᠨᠡᠪᠲᠡᠷᠡᠭᠦᠯᠬᠦ᠂ ᠬᠠᠲᠤᠨ ᠭᠤᠣᠯ ᠤᠨ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠤ ᠴᠢᠩ | ᠱᠦᠢ ᠾᠧ ᠰᠢᠶᠠᠨ ᠤ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠲᠤᠷᠰᠢᠯᠲᠠ ᠶᠢᠨ ᠴᠡᠭ ᠤᠨ ᠵᠢᠱᠢᠶ᠎ᠡ | ᠦᠵᠡᠭᠦᠯᠬᠦ᠂ ᠡᠸᠦ᠋ᠷᠦᠫᠡ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠪᠠᠷ ᠬᠠᠲᠤᠨ ᠭᠤᠣᠯ ᠤᠨ ᠰᠠᠪᠠ | ᠭᠠᠵᠠᠷ ᠤᠨ ᠡᠯᠡᠰᠦᠷᠭᠡᠭᠵᠢᠭᠰᠡᠨᠭᠠᠵᠠᠷ ᠢ ᠦᠷᠭᠦᠯᠵᠢᠯᠡᠨ ᠵᠠᠰᠠᠬᠤ ᠵᠡᠷᠭᠡ ᠢᠨᠵᠧᠨᠧᠷᠢᠩ ᠢ ᠭᠦᠨᠵᠡᠭᠡᠢ ᠰᠠᠶᠢᠲᠤᠷ | ᠠᠳᠬᠤᠨ᠎ᠠ᠃ ᠲᠥᠪ ᠤᠨ ᠬᠤᠶᠠᠳᠤᠭᠠᠷ ᠡᠭᠡᠯᠵᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠠᠮᠵᠢᠯᠴᠠᠨ ᠬᠢᠨ᠎ᠡ᠃ ᠤᠯᠤᠰ ᠤᠨ ᠭᠤᠣᠯᠳᠠᠯᠭ᠎ᠠ ᠲᠠᠢ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠣᠶ ᠰᠢᠭᠤᠢ ᠡᠪᠡᠰᠦ | ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 40 ᠲᠦᠮᠡᠨ ᠮᠦ ᠪᠡᠶᠡᠯᠡᠭᠦᠯᠵᠦ᠂ ᠣᠶ ᠰᠢᠭᠤᠢ | ᠡᠪᠡᠰᠦ ᠪᠡᠯᠴᠢᠭᠡᠷ ᠤᠨ ᠪᠦᠷᠬᠦᠴᠡ ᠶᠢᠨ ᠨᠣᠷᠮ᠎ᠠ ᠶᠢ 35% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠰᠢᠪᠲᠤᠯᠤᠯᠲᠠ ᠶᠢᠨ | ᠳᠠᠶᠢᠯᠠᠯᠳᠤᠭᠠᠨ ᠢ ᠰᠠᠶᠢᠲᠤᠷ ᠬᠢᠨ᠎ᠡ᠃ ︽ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠶᠢ ᠴᠢᠩᠭ᠎ᠠ | ᠬᠢᠵᠠᠭᠠᠷᠯᠠᠵᠤ᠂ ᠶᠡᠷᠦᠩᠬᠡᠢ ᠬᠡᠮᠵᠢᠶ᠎ᠡ ᠶᠢ ᠬᠠᠷᠢᠮᠠᠬᠠᠢ ᠴᠢᠨᠠᠷᠲᠠᠢ ᠬᠠᠮᠢᠶᠠᠷᠬᠤ︾ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠳᠤ ᠴᠥᠮ ︽ᠬᠤᠶᠠᠷ ᠲᠡᠷᠢᠭᠦᠨ︾ ᠤ ᠡᠨᠧᠷᠭᠢ | ᠠᠷᠪᠢᠯᠠᠬᠤ ᠶᠢ ᠬᠢᠨᠠᠨ ᠪᠠᠶᠢᠴᠠᠭᠠᠬᠤ ᠪᠠᠷᠢᠮᠵᠢᠶ᠎ᠠ ᠶᠢ ᠬᠡᠷᠡᠭᠵᠢᠭᠦᠯᠵᠦ᠂ ᠦᠯᠡᠳᠡᠭᠡᠯ ᠲᠦᠷᠦᠯ ᠵᠦᠢᠯ ᠢ ᠠᠵᠢᠯ | ᠲᠦᠷᠦᠯ ᠤᠨ ᠲᠡᠷᠢᠭᠦᠨ ᠤ ᠬᠢ ᠲᠠᠢ ᠬᠠᠷᠢᠴᠠᠭᠤᠯᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ | ᠲᠦᠷᠭᠡᠳᠬᠡᠨ᠎ᠡ᠃ ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ 5 ᠨᠡᠭᠡᠭᠡᠯᠲᠡ ᠶᠢᠨ | ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠲᠤ ᠪᠦᠭᠦᠳᠡ ᠳᠤ ᠨᠢ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠪᠠ ᠣᠷᠴᠢᠯᠳᠤᠭᠤᠯᠬᠤ ᠥᠭᠡᠷᠡᠴᠢᠯᠡᠯᠲᠡ ᠶᠢ | ᠡᠬᠢᠯᠡᠭᠦᠯᠦᠨ᠎ᠡ᠃ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠢ ᠰᠠᠨᠠᠭᠠᠴᠢᠯᠠᠵᠤ᠂ | ᠭᠡᠷᠡᠯᠲᠦᠭᠦᠯᠭᠡ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠪᠠ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ | ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠡᠨᠧᠷᠭᠢ ᠠᠷᠪᠢᠯᠠᠬᠤ ᠶᠢ ᠪᠦᠬᠦ ᠨᠡᠶᠢᠭᠡᠮ ᠤᠨ | ᠰᠢᠨ᠎ᠡ ᠬᠡᠪ ᠰᠤᠷᠲᠠᠯ ᠪᠣᠯᠭᠠᠨ᠎ᠠ᠃ | ︵ᠨᠠᠢᠮᠠ︶ ᠠᠷᠠᠳ ᠤᠨ ᠠᠮᠢᠳᠤᠷᠠᠯ ᠤᠨ ᠵᠣᠯ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ | ᠠᠵᠢᠯ ᠣᠯᠭᠤᠯᠲᠠ ᠶᠢ ᠲᠣᠭᠲᠠᠭᠤᠨ ᠢᠶᠠᠷ ᠥᠷᠭᠡᠳᠬᠡᠨ᠎ᠡ᠃ ︽ᠦᠢᠯᠡᠰ ᠴᠣᠭᠴᠠᠯᠠᠬᠤ ᠳᠤ ᠲᠣᠬᠢᠷᠠᠮᠵᠢᠲᠠᠢ | ᠬᠥᠬᠡ ᠬᠤᠲᠠ᠂ ᠦᠢᠯᠡᠰ ᠴᠣᠭᠴᠠᠯᠠᠬᠤ ᠳᠤ ᠲᠤᠰᠠᠯᠠᠬᠤ︾ ᠦᠢᠯᠡᠰ ᠴᠣᠭᠴᠠᠯᠠᠬᠤ ᠠᠵᠢᠯᠯᠠᠭᠠᠨ ᠤ ᠲᠥᠯᠥᠪᠯᠡᠭᠡ ᠶᠢ | ᠲᠦᠯᠬᠢᠨ ᠠᠬᠢᠭᠤᠯᠵᠤ᠂ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠤᠨ ᠠᠵᠢᠯᠲᠠᠨ ᠡᠯᠰᠡᠬᠦ ᠲᠤᠰᠬᠠᠢ | ᠲᠠᠯᠠᠪᠤᠷ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠵᠢᠯ ᠣᠯᠬᠤ ᠳᠤ ᠦᠢᠯᠡᠴᠢᠯᠡᠬᠦ ᠰᠠᠷ᠎ᠠ ᠵᠡᠷᠭᠡ | ᠠᠵᠢᠯᠯᠠᠭ᠎ᠠ ᠶᠢ ᠡᠷᠭᠢᠯᠡᠨ᠎ᠡ︔ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠴᠣᠭᠴᠠᠯᠠᠬᠤ | ᠬᠤᠯᠪᠣᠭ᠎ᠠ ᠶᠢ ᠡᠬᠢᠯᠡᠨ ᠪᠠᠶᠢᠭᠤᠯᠤᠨ᠎ᠠ︔ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ 3 ᠲᠦᠮᠡᠨ ᠬᠥᠮᠥᠨ ᠤᠳᠠᠭ᠎ᠠ | ᠠᠴᠠ ᠳᠡᠭᠡᠭᠰᠢ ᠵᠣᠬᠢᠶᠠᠨ ᠪᠠᠶᠢᠭᠤᠯᠤᠨ ᠥᠷᠨᠢᠭᠦᠯᠵᠦ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ 2᠂ ᠠᠵᠢᠯ ᠣᠯᠭᠤᠯᠲᠠ ᠶᠢᠨ ᠮᠡᠷᠭᠡᠵᠢᠯ ᠤᠨ ᠳᠠᠳᠤᠯᠭ᠎ᠠ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ 10 ᠪᠠᠶᠢᠭᠤᠯᠤᠨ᠎ᠠ︔ ᠬᠤᠳᠠ ᠪᠠᠯᠭᠠᠰᠤᠨ ᠤ 6 ᠲᠦᠮᠡ ᠠᠴᠠ | ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 32 ᠲᠦᠮᠡ ᠠᠴᠠ ᠳᠡᠭᠡᠭᠰᠢ | ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠨ᠎ᠠ᠃ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠳᠤᠮᠳᠠᠳᠤ | ᠪᠠᠭ᠎ᠠ ᠰᠤᠷᠭᠠᠭᠤᠯᠢ ᠶᠢ 33᠂ ᠬᠡᠦᠬᠡᠳ ᠤᠨ ᠴᠡᠴᠡᠷᠯᠢᠭ ᠢ 19 ᠶᠢ ᠰᠢᠨ᠎ᠡ ᠪᠠᠷ ᠪᠠᠶᠢᠭᠤᠯᠵᠤ ᠦᠷᠭᠦᠯᠵᠢᠯᠡᠨ | ᠪᠠᠶᠢᠭᠤᠯᠵᠤ᠂ ᠵᠢᠯ ᠤᠨ ᠳᠣᠲᠣᠷ᠎ᠠ 20 ᠶᠢ ᠠᠰᠢᠭᠯᠠᠯᠲᠠ ᠳᠤ ᠣᠷᠣᠭᠤᠯᠤᠨ᠎ᠠ︔ ᠬᠤᠲᠠ ᠶᠢᠨ ᠬᠤᠶᠠᠳᠤᠭᠠᠷ | ᠳᠤᠮᠳᠠᠳᠤ ᠰᠤᠷᠭᠠᠭᠤᠯᠢ ᠶᠢᠨ ᠵᠡᠭᠦᠨ ᠰᠤᠷᠭᠠᠭᠤᠯᠢ ᠶᠢᠨ ᠲᠣᠭᠤᠷᠢᠭ ᠢ ᠥᠷᠭᠡᠳᠬᠡᠨ ᠪᠠᠶᠢᠭᠤᠯᠬᠤ᠂ ᠢᠯᠢ ᠶᠢᠨ ᠣᠲᠣ | ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠤᠪᠢᠶᠠᠷᠢ | ᠰᠤᠷᠭᠠᠭᠤᠯᠢ᠂ ᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠡᠮᠦᠨ᠎ᠡ ᠰᠤᠷᠭᠠᠭᠤᠯᠢ ᠶᠢᠨ ᠲᠣᠭᠤᠷᠢᠭ | ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠤᠨ᠎ᠠ︔ ᠲᠥᠪ ᠤᠨ | ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠥᠬᠡᠬᠤᠲᠠ ᠶᠢᠨ ᠬᠤᠪᠢᠶᠠᠷᠢ | ᠰᠤᠷᠭᠠᠭᠤᠯᠢ᠂ ᠬᠤᠲᠠ ᠶᠢᠨ 39 ᠳ᠋ᠦ᠋ᠭᠡᠷ ᠳᠤᠮᠳᠠᠳᠤ ᠰᠤᠷᠭᠠᠭᠤᠯᠢ ᠶᠢᠨ ᠶᠢᠨ ᠳ᠋ᠢ ᠰᠤᠷᠭᠠᠭᠤᠯᠢ ᠶᠢᠨ ᠲᠣᠭᠤᠷᠢᠭ ᠢ | ᠠᠰᠢᠭᠯᠠᠯᠲᠠ ᠳᠤ ᠣᠷᠣᠭᠤᠯᠤᠨ᠎ᠠ︔ ᠬᠤᠰᠢᠭᠤ ᠰᠢᠶᠠᠨ ᠲᠣᠭᠤᠷᠢᠭ ᠨᠢᠭᠡᠪᠦᠷᠢ ᠳᠤ ᠨᠠᠭᠠᠲᠤ ᠵᠠᠬ᠎ᠠ ᠳᠠᠭᠠᠨ 1 | ᠰᠢᠯᠢᠳᠡᠭ ᠬᠡᠦᠬᠡᠳ ᠤᠨ ᠴᠡᠴᠡᠷᠯᠢᠭ᠂ 1 ᠰᠢᠯᠢᠳᠡᠭ ᠪᠠᠭ᠎ᠠ ᠰᠤᠷᠭᠠᠭᠤᠯᠢ᠂ 1 ᠰᠢᠯᠢᠳᠡᠭ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ᠂ 1 ᠰᠢᠯᠢᠳᠡᠭ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠪᠠᠶᠢᠭᠤᠯᠤᠨ᠎ᠠ᠃ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ | ᠠᠵᠢᠯ ᠡᠬᠢᠯᠡᠭᠦᠯᠦᠨ᠎ᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠬᠤᠣᠰ ᠳᠡᠭᠡᠳᠦ ᠲᠦᠪᠰᠢᠨ ᠪᠦᠬᠦᠢ | ᠰᠤᠷᠭᠠᠭᠤᠯᠢ︾ ᠶᠢᠨ ᠪᠦᠲᠦᠭᠡᠨ ᠪᠠᠶᠢᠭᠤᠯᠤᠯᠲᠠ ᠪᠠ ᠠᠵᠢᠯ ᠮᠡᠷᠭᠡᠵᠢᠯ ᠦᠨᠰᠤᠷᠭᠠᠭᠤᠯᠢ ᠶᠢᠨ ᠵᠢᠩᠬᠢᠨᠢ ᠠᠩᠭᠢ ᠶᠢᠨ | ᠪᠣᠯᠬᠤ ᠪᠠᠷ ᠭᠤᠶᠤᠴᠢᠯᠠᠨ ᠮᠡᠳᠡᠭᠦᠯᠬᠦ ᠠᠵᠢᠯ ᠢ ᠳᠡᠮᠵᠢᠨ᠎ᠡ᠃ ︽ᠢᠨᠲ᠋ᠧᠷ ᠰᠦᠯᠵᠢᠶ᠎ᠡ+ ᠰᠤᠷᠭᠠᠨ ᠬᠥᠮᠦᠵᠢᠯ︾ | ᠤᠨ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠳᠠᠯᠢ ᠳᠠᠪᠲᠠᠮᠵᠢ ᠪᠠᠷ ᠬᠠᠷᠢᠯᠴᠠᠨ ᠦᠢᠯᠡᠳᠦᠯᠴᠡᠬᠦ | ᠪᠠᠷᠢᠮᠵᠢᠶᠠᠲᠤ ᠬᠢᠴᠢᠶᠡᠯ ᠤᠨ ᠭᠡᠷ ᠢ 95 ᠢᠵᠢ ᠰᠢᠨ᠎ᠡ ᠪᠠᠷ ᠪᠠᠶᠢᠭᠤᠯᠤᠨ᠎ᠠ᠃ ᠪᠡᠭᠡᠵᠢᠩ᠂ ᠱᠠᠩᠬᠠᠢ ᠵᠡᠷᠭᠡ | ᠭᠠᠵᠠᠷ ᠤᠨ ᠰᠤᠷᠭᠠᠨ ᠬᠥᠮᠦᠵᠢᠯ ᠤᠨ ᠪᠦᠯᠦᠭᠯᠡᠯ ᠲᠠᠢ ᠬᠠᠮᠲᠤᠷᠠᠨ ᠰᠤᠷᠭᠠᠭᠤᠯᠢ ᠡᠷᠬᠢᠯᠡᠬᠦ ᠠᠵᠢᠯ ᠢ ᠥᠷᠨᠢᠭᠦᠯᠦᠨ᠎ᠡ᠃ | ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠡᠰ ᠤᠨ ᠳᠦᠷᠢᠮ᠂ ᠪᠠᠭᠰᠢ ᠶᠢ ᠰᠢᠶᠠᠨ ᠠᠴᠠ ᠬᠠᠮᠢᠶᠠᠷᠴᠤ | ᠰᠤᠷᠭᠠᠭᠤᠯᠢ ᠤᠷᠢᠬᠤ᠂ ᠮᠡᠷᠭᠡᠵᠢᠯ ᠤᠨ ᠴᠣᠯᠠ ᠲᠣᠭᠲᠠᠭᠠᠵᠤ ᠤᠷᠢᠬᠤ᠂ ᠠᠵᠢᠯ ᠤᠨ ᠪᠦᠲᠦᠮᠵᠢ ᠶᠢᠨ ᠴᠠᠯᠢᠩ ᠵᠡᠷᠭᠡ | ᠥᠭᠡᠷᠡᠴᠢᠯᠡᠯᠲᠡ ᠶᠢ ᠬᠡᠷᠡᠭᠵᠢᠭᠦᠯᠵᠦ᠂ ︽ᠨᠡᠷᠡᠳᠦ ᠰᠤᠷᠭᠠᠭᠤᠯᠢ᠂ ᠨᠡᠷᠡᠳᠦ ᠰᠤᠷᠭᠠᠭᠤᠯᠢ ᠶᠢᠨ ᠵᠠᠬᠢᠷᠤᠯ᠂ ᠨᠡᠷᠡᠳᠦ | ᠪᠠᠭᠰᠢ︾ ᠶᠢᠨ ᠢᠨᠵᠧᠨᠧᠷᠢᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠰᠤᠷᠭᠠᠭᠤᠯᠢ ᠶᠢᠨ ᠵᠠᠬᠢᠷᠤᠯ᠂ | ᠪᠠᠭᠰᠢ᠂ ᠵᠢᠭᠠᠨ ᠰᠤᠳᠤᠯᠤᠭᠴᠢ︾ ᠭᠤᠷᠪᠠᠨ ᠡᠩᠨᠡᠭᠡ ᠶᠢ ᠪᠤᠵᠠᠭᠠᠶᠢᠷᠠᠭᠤᠯᠤᠨ᠎ᠠ᠃ ︽ᠶᠡᠭᠡ ᠳᠡᠭᠡᠳᠦ ᠰᠤᠷᠭᠠᠭᠤᠯᠢ | ᠳᠤᠮᠳᠠᠳᠤ ᠰᠤᠷᠭᠠᠭᠤᠯᠢ ᠪᠠᠭ᠎ᠠ ᠰᠤᠷᠭᠠᠭᠤᠯᠢᠬᠡᠦᠬᠡᠳ ᠤᠨ ᠴᠡᠴᠡᠷᠯᠢᠭ ᠤᠨ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠢ ᠨᠢᠭᠡ ᠴᠣᠭᠴᠠᠵᠢᠭᠤᠯᠬᠤ︾ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠠᠮᠤᠷ ᠤᠨ ᠤᠯᠠᠷᠢᠯ ᠤᠨ | ᠰᠤᠷᠤᠯᠭ᠎ᠠ ᠶᠢᠨ ᠬᠤᠭᠤᠴᠠᠭᠠᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠨ᠎ᠡ ᠡᠬᠢᠯᠡᠬᠦ ᠣᠨ ᠳᠤ ᠭᠤᠷᠪᠠᠨ ᠬᠢᠴᠢᠶᠡᠯ ᠲᠥᠷᠥᠯ ᠤᠨ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠰᠠᠶᠢᠲᠤᠷ ᠬᠢᠨ᠎ᠡ᠃ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠡᠮᠴᠢᠯᠡᠭᠡᠨ ᠤ ᠦᠢᠯᠡᠴᠢᠯᠡᠭᠡ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠬᠦᠬᠡᠬᠤᠲᠠ ᠶᠢᠨ ᠬᠢᠲᠠᠳ ︵ᠮᠣᠩᠭᠤᠯ︶ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ | ᠰᠤᠪᠢᠯᠠᠯᠲᠠ ᠶᠢᠨ ᠲᠥᠪ ᠤᠨ ᠭᠤᠣᠯ ᠴᠣᠭᠴᠠ ᠶᠢᠨ ᠠᠵᠢᠯ ᠳᠠᠭᠤᠰᠬᠤ ᠶᠢ ᠠᠬᠢᠭᠤᠯᠵᠤ᠂ ᠣᠶᠤᠨ ᠰᠠᠨᠠᠭᠠᠨ ᠤ | ᠡᠷᠡᠭᠦᠯ ᠬᠠᠮᠠᠭᠠᠯᠠᠯ ᠤᠨ ᠲᠥᠪ᠂ ᠠᠵᠢᠯ ᠤᠨ ᠨᠥᠯᠥᠭᠡᠨ ᠤ ᠡᠪᠡᠳᠴᠢᠨ ᠤ ᠡᠮᠨᠡᠯᠭᠡ ᠶᠢᠨ ᠬᠤᠷᠢᠶ᠎ᠠ ᠶᠢ ᠠᠵᠢᠯ | ᠡᠬᠢᠯᠡᠭᠦᠯᠦᠨ ᠪᠠᠶᠢᠭᠤᠯᠵᠤ᠂ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ᠂ ᠴᠡᠯᠡᠭᠡᠷ | ᠲᠠᠯ᠎ᠠ ᠡᠮᠨᠡᠯᠭᠡ ᠶᠢᠨ ᠬᠤᠷᠢᠶ᠎ᠠ ᠶᠢ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠤᠨ᠎ᠠ᠃ ᠬᠤᠲᠠ ᠶᠢᠨ | ᠨᠢᠭᠡᠳᠦᠭᠡᠷ ᠡᠮᠨᠡᠯᠭᠡ ᠶᠢᠨ ᠬᠤᠷᠢᠶ᠎ᠠ ᠶᠢ ︽ᠭᠤᠷᠪᠠᠳᠤᠭᠠᠷ ᠳᠡᠰ ᠤᠨ ᠬᠥᠬᠡ︾ ᠡᠮᠨᠡᠯᠭᠡ ᠶᠢᠨ ᠬᠤᠷᠢᠶ᠎ᠠ ᠪᠣᠯᠭᠠᠨ | ᠡᠭᠦᠳᠦᠨ ᠪᠠᠶᠢᠭᠤᠯᠵᠤ᠂ ᠬᠤᠰᠢᠭᠤ ᠰᠢᠶᠠᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢ ︽ᠬᠤᠶᠠᠳᠤᠭᠠᠷ | ᠳᠡᠰ ᠤᠨ ᠬᠥᠬᠡ︾ ᠡᠮᠨᠡᠯᠭᠡ ᠶᠢᠨ ᠬᠤᠷᠢᠶ᠎ᠠ ᠪᠣᠯᠭᠠᠨ ᠡᠭᠦᠳᠦᠨ ᠪᠠᠶᠢᠭᠤᠯᠤᠨ᠎ᠠ᠃ ︽ᠢᠨᠲ᠋ᠧᠷ ᠰᠦᠯᠵᠢᠶ᠎ᠡ+ | ᠡᠮᠴᠢᠯᠡᠭᠡ︾ ᠶᠢᠨ ᠦᠢᠯᠡᠴᠢᠯᠡᠭᠡ ᠶᠢ ᠬᠡᠷᠡᠭᠵᠢᠭᠦᠯᠵᠦ᠂ ᠬᠤᠳᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢ ︽ | ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ︾ ᠪᠣᠯᠭᠠᠨ ᠪᠠᠶᠢᠭᠤᠯᠤᠨ᠎ᠠ᠃ ᠪᠡᠭᠡᠵᠢᠩ ᠬᠤᠳᠠ ᠶᠢᠨ ᠬᠢᠲᠠᠳ | ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠪᠡᠭᠡᠵᠢᠩ ᠤᠨ ᠠᠨᠠᠭᠠᠬᠤ ᠤᠬᠠᠭᠠᠨ ᠤ ᠨᠡᠶᠢᠭᠡᠮᠯᠢᠭ᠂ ᠪᠡᠭᠡᠵᠢᠩ ᠤᠨ | ᠰᠠᠨᠰᠠᠷ ᠤᠨ ᠠᠶᠠᠯᠠᠯ ᠤᠨ ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ 3 ᠤᠯᠤᠰ ᠤᠨ ᠲᠡᠰ ᠤᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠬᠤᠪᠢᠶᠠᠷᠢ ᠲᠥᠪ ᠢ | ᠪᠠᠶᠢᠭᠤᠯᠬᠤ ᠶᠢ ᠠᠬᠢᠭᠤᠯᠤᠨ᠎ᠠ᠃ ᠳᠡᠭᠡᠳᠦ ᠳᠡᠰ ᠤᠨ ᠠᠨᠠᠭᠠᠬᠤ ᠤᠬᠠᠭᠠᠨ ᠤ ᠴᠢᠳᠠᠪᠤᠷᠢᠲᠠᠨ ᠢ 100 ᠠᠴᠠ | ᠳᠡᠭᠡᠭᠰᠢ ᠣᠷᠣᠭᠤᠯᠤᠨ ᠠᠪᠴᠢᠷᠠᠵᠤ᠂ ᠣᠷᠣᠨ ᠨᠤᠲᠤᠭ ᠤᠨ ᠴᠢᠳᠠᠪᠤᠷᠢᠲᠠᠨ ᠢ 100 ᠠᠴᠠ ᠳᠡᠭᠡᠭᠰᠢ | ᠬᠥᠮᠥᠵᠢᠭᠦᠯᠦᠨ᠎ᠡ᠃ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠤᠨ᠎ᠠ᠃ ︽ᠣᠷᠣᠨ ᠤ | ᠲᠥᠪ ᠪᠣᠯ ᠮᠢᠨᠤ ᠭᠡᠷ ᠣᠷᠣᠨ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠠᠮᠲᠤ ᠤᠯᠠᠨ ᠳᠤ | ᠲᠦᠰᠢᠭᠯᠡᠨ᠎ᠡ︾ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠪᠦᠬᠦ | ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ︽ᠨᠢᠭᠡ ᠰᠠᠷ᠎ᠠ ᠳᠤ ᠨᠢᠭᠡ ᠭᠤᠣᠯ ᠰᠡᠳᠦᠪ︾ | ᠠᠵᠢᠯᠯᠠᠭ᠎ᠠ ᠶᠢ ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠪᠠ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠤᠷᠳᠤ ᠴᠠᠭᠠᠨ ᠬᠡᠷᠡᠮ ᠤᠨ ᠤᠯᠤᠰ ᠤᠨ | ᠰᠣᠶᠣᠯ ᠤᠨ ᠴᠡᠴᠡᠷᠯᠢᠭ᠂ ᠬᠠᠳᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠠᠭᠠᠨᠮᠥ᠋ᠴᠢᠷ᠂ ᠰᠣᠨᠢᠨ ᠮᠡᠳᠡᠭᠡ ᠷᠠᠳᠢᠣ᠋ ᠲᠧᠯᠸᠢᠰ᠂ ᠤᠳᠬ᠎ᠠ | ᠤᠷᠠᠯᠢᠭ ᠤᠨ ᠵᠣᠬᠢᠶᠠᠨ ᠪᠦᠲᠦᠭᠡᠬᠦ ᠦᠢᠯᠡᠰ ᠤᠨ ᠲᠥᠪ ᠶᠣᠰᠣ ᠶᠢ ᠪᠠᠷᠢᠮᠲᠠᠯᠠᠵᠤ ᠰᠢᠨ᠎ᠡ ᠶᠢ ᠡᠭᠦᠳᠦᠨ ᠬᠥᠭᠵᠢᠵᠦ᠂ | ᠳᠤᠮᠳᠠᠳᠤ ᠤᠯᠤᠰ ᠤᠨ ᠦᠯᠢᠭᠡᠷ᠂ ᠥᠪᠥᠷ ᠮᠣᠩᠭᠤᠯ ᠤᠨ ᠦᠯᠢᠭᠡᠷ᠂ ᠬᠥᠬᠡᠬᠤᠲᠠ ᠶᠢᠨ ᠦᠯᠢᠭᠡᠷ ᠢ ᠰᠠᠶᠢᠲᠤᠷ | ᠶᠠᠷᠢᠬᠤ ᠶᠢ ᠳᠡᠮᠵᠢᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠥᠷᠨᠢᠭᠦᠯᠵᠦ᠂ ᠨᠢᠭᠡ ᠪᠦᠯᠦᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠬᠥᠮᠦᠵᠢᠯ ᠤᠨ ᠰᠠᠭᠤᠷᠢᠨ ᠭᠠᠵᠠᠷ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠩᠭᠢᠯ ᠪᠦᠰᠡ ᠶᠢ ᠴᠣᠭᠴᠠᠯᠠᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠣᠨ ᠰᠠᠨᠠᠭᠠᠨ ᠤ | ᠭᠡᠷ ᠣᠷᠣᠨ ᠢ ᠪᠠᠶᠢᠭᠤᠯᠬᠤ ᠶᠢ ᠠᠬᠢᠭᠤᠯᠤᠨ᠎ᠠ᠃ | ︵ᠶᠢᠰᠦ︶ ᠵᠠᠰᠠᠯᠲᠠ ᠶᠢᠨ ᠴᠢᠳᠠᠪᠤᠷᠢ ᠶᠢ ᠬᠦᠴᠦᠲᠡᠢ ᠳᠡᠭᠡᠭᠰᠢᠯᠡᠭᠦᠯᠦᠨ᠎ᠡ | ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ᠃ ᠪᠥᠬᠦ ᠤᠯᠤᠰ ᠤᠨ ᠬᠤᠲᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ | ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠣᠯᠪᠢᠴᠠᠨ ᠬᠠᠷᠢᠯᠴᠠᠨ ᠦᠨᠡᠯᠡᠬᠦ ᠪᠠ ᠲᠥᠪ ᠤᠨ | ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠬᠢᠨᠠᠨ ᠲᠣᠭᠲᠠᠭᠠᠵᠤ ᠫᠠᠶᠢᠰᠠ ᠡᠯᠭᠦᠬᠦ ᠠᠵᠢᠯ ᠢ ᠰᠠᠶᠢᠲᠤᠷ | ᠬᠢᠨ᠎ᠡ᠃ ᠦᠨᠳᠦᠰᠦᠨ ᠱᠠᠲᠤᠨ ᠤ ᠵᠠᠰᠠᠯᠲᠠ ᠶᠢᠨ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ᠂ ᠬᠦᠴᠦᠨ ᠢ | ᠳᠣᠷᠣᠭᠰᠢ ᠪᠠᠭᠤᠯᠭᠠᠬᠤ ᠶᠢ ᠲᠦᠷᠭᠡᠳᠬᠡᠨ ᠠᠬᠢᠭᠤᠯᠵᠤ᠂ ᠲᠣᠣᠷ ᠤᠨ ᠪᠠᠶᠢᠷᠢᠯᠠᠭᠤᠯᠤᠯᠲᠠ ᠪᠠ ᠬᠦᠴᠦᠨ ᠤ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ︽ᠲᠣᠣᠷᠵᠢᠯ + ᠨᠠᠮ ᠤᠨ ᠪᠠᠶᠢᠭᠤᠯᠤᠯᠲᠠ︾᠂ ︽ᠲᠣᠣᠷᠵᠢᠯ + | ᠴᠠᠭᠳᠠᠭᠠᠨ ᠤ ᠲᠣᠣᠷᠵᠢᠯ︾᠂ ︽ᠲᠣᠣᠷᠵᠢᠯ + ᠬᠤᠷᠢᠶᠠᠯᠠᠯ︾ ᠵᠡᠷᠭᠡ ᠬᠠᠮᠢᠶᠠᠷᠤᠯᠲᠠ ᠦᠢᠯᠡᠴᠢᠯᠡᠭᠡᠨ ᠤ ᠠᠷᠭ᠎ᠠ | ᠬᠡᠮᠵᠢᠶ᠎ᠡ ᠶᠢ ᠴᠢᠩᠭᠠᠳᠬᠠᠨ᠎ᠠ᠃ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠣᠭᠠᠴᠢᠯᠠᠭᠰᠠᠨ | ᠲᠠᠪᠴᠠᠩ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ︽ᠨᠢᠭᠡ ᠲᠠᠪᠴᠠᠩ ᠢᠶᠠᠷ ᠭᠥᠯᠢᠶᠡᠨ ᠠᠪᠴᠤ ᠰᠢᠢᠳᠪᠦᠷᠢᠯᠡᠬᠦ᠂ | ᠨᠢᠭᠡ ᠦᠷᠳᠡᠭᠡ ᠮᠠᠶ᠋ᠢᠭ ᠢᠶᠠᠷ ᠦᠢᠯᠡᠴᠢᠯᠡᠬᠦ᠂ ᠨᠢᠭᠡ ᠰᠦᠯᠵᠢᠶ᠎ᠡ ᠪᠠᠷ ᠬᠠᠮᠲᠤᠪᠠᠷ ᠵᠠᠰᠠᠬᠤ᠂ ᠪᠦᠬᠦᠨ ᠢ ᠰᠢᠢᠳᠪᠦᠷᠢᠯᠡᠬᠦ | ︾ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠲᠣᠭᠲᠠᠴᠠ ᠶᠢ ᠪᠤᠢ ᠪᠣᠯᠭᠠᠨ᠎ᠠ᠃ ︽12345︾ | ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠲᠠᠪᠴᠠᠩ ᠢ ᠲᠡᠭᠦᠯᠳᠡᠷᠵᠢᠭᠦᠯᠵᠦ᠂ ︽ᠵᠢᠷᠭᠤᠳᠤᠭᠠᠷ | ᠬᠤᠭᠤᠴᠠᠭᠠᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ | ᠬᠠᠯᠠᠮᠰᠢᠯ ᠤᠲᠠᠰᠤᠨ ᠤ ᠶᠡᠭᠡ ᠬᠤᠷᠠᠯ︾ ᠢ ᠰᠠᠶᠢᠲᠤᠷ ᠡᠷᠬᠢᠯᠡᠨ᠎ᠡ᠃ ︽ᠣᠯᠠᠨ ᠲᠥᠪ ᠢ ᠨᠢᠭᠡ ᠪᠣᠯᠭᠠᠬᠤ︾ | ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠹᠧᠩᠴᠢᠶᠤᠤ ᠶᠢᠨ ᠲᠤᠷᠰᠢᠯᠭ᠎ᠠ ᠶᠢ | ᠣᠷᠣᠨ ᠤ ᠲᠥᠪ ᠲᠤ ᠴᠡᠴᠡᠭᠯᠡᠭᠦᠯᠦᠨ ᠵᠢᠮᠢᠰᠯᠡᠭᠦᠯᠦᠨ᠎ᠡ᠃ | ᠠᠮᠤᠷ ᠠᠮᠤᠭᠤᠯᠠᠩ ᠣᠷᠣᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠤᠨ᠎ᠠ | ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ | ᠥᠷᠨᠢᠭᠦᠯᠦᠨ᠎ᠡ︔ ᠨᠡᠶᠢᠭᠡᠮ ᠤᠨ ᠠᠮᠤᠷ ᠤᠨ ᠬᠠᠮᠠᠭᠠᠯᠠᠯᠲᠠ ᠶᠢᠨ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠡᠳ᠋ ᠬᠥᠷᠥᠩᠭᠡ ᠳᠤ ᠬᠠᠯᠳᠠᠬᠤ᠂ ᠮᠡᠬᠡᠯᠡᠬᠦ᠂ ᠱᠠᠯᠢᠭ ᠵᠠᠪᠬᠠᠢ ᠵᠣᠭᠤᠰ | ᠮᠥᠷᠥᠶᠢᠴᠡᠬᠦ ᠬᠤᠣᠷ ᠰᠠᠷᠢᠭᠠᠯᠠᠬᠤ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠭᠦᠨ᠎ᠡ︔ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢ ᠴᠢᠩᠭᠠᠳᠬᠠᠵᠤ᠂ | ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ︔ ᠢᠳᠡᠭᠡᠨ | ᠪᠠ ᠡᠮ ᠤᠨ ᠵᠦᠢᠯ ᠤᠨ ᠠᠶᠤᠯᠭᠦᠢ ᠶᠢᠨ ᠭᠤᠷᠪᠠᠨ ᠵᠢᠯ ᠤᠨ ᠳᠡᠭᠡᠭᠰᠢᠯᠡᠭᠦᠯᠬᠦ ᠠᠵᠢᠯᠯᠠᠭᠠᠨ ᠢ ᠥᠷᠨᠢᠭᠦᠯᠵᠦ᠂ | ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠡᠭᠦᠳᠦᠨ ᠪᠠᠶᠢᠭᠤᠯᠤᠨ᠎ᠠ︔ | ᠠᠷᠪᠠᠨ ᠵᠢᠯ ᠳᠠᠷᠠᠭᠠᠯᠠᠨ ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢ ᠡᠭᠦᠳᠦᠨ | ᠪᠠᠶᠢᠭᠤᠯᠬᠤ ᠪᠠᠷ ᠠᠴᠢᠶᠠᠯᠠᠪᠤᠷᠢ ᠪᠣᠯᠭᠠᠵᠤ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠢ ᠭᠦᠨᠵᠡᠭᠡᠢ ᠥᠷᠨᠢᠭᠦᠯᠦᠨ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠳᠡᠮᠵᠢᠵᠦ᠂ | ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠪᠡᠯᠡᠳᠬᠡᠯ ᠬᠦᠴᠦᠨ᠂ ᠬᠤᠶᠠᠷ ᠢ ᠬᠦᠷᠢᠶᠡᠯᠡᠵᠦ ᠬᠠᠮᠲᠤᠪᠠᠷ | ᠪᠠᠶᠢᠭᠤᠯᠬᠤ᠂ ᠬᠠᠷᠠᠭᠠᠯᠵᠠᠨ ᠲᠥᠪᠬᠢᠨᠡᠭᠦᠯᠬᠦ ᠵᠡᠷᠭᠡ ᠠᠵᠢᠯ ᠢ ᠰᠠᠶᠢᠲᠤᠷ ᠬᠢᠨ᠎ᠡ᠃ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠦᠨᠳᠦ ᠶᠡᠭᠡ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠨ᠎ᠠ᠃ ᠨᠡᠪᠴᠢᠯᠲᠡ ᠡᠪᠳᠡᠯᠡᠭᠡ ᠬᠢᠬᠦ᠂ ᠬᠦᠴᠦᠷᠬᠡᠭᠯᠡᠯ ᠢᠶᠠᠷ ᠰᠦᠷᠳᠡᠭᠦᠯᠬᠦ ᠵᠡᠷᠭᠡ | ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ︔ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠴᠢᠩᠭ᠎ᠠ | ᠰᠡᠷᠭᠡᠶᠢᠯᠡᠬᠦ ︽ᠠᠷᠪᠢᠯᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠷᠢᠮᠲᠠᠯᠠᠨ᠂ ︽ᠭᠤᠷᠪᠠᠨ ᠵᠦᠢᠯ ᠤᠨ ᠠᠯᠪᠠᠨ ᠤ | ᠵᠠᠷᠤᠳᠠᠯ︾ ᠤᠨ ᠵᠠᠷᠤᠯᠭ᠎ᠠ ᠶᠢ ᠶᠡᠬᠡᠪᠡᠷ ᠪᠠᠭᠠᠰᠬᠠᠨ᠎ᠠ︔ ᠥᠷᠢᠲᠦᠵᠦ ᠪᠠᠶᠢᠭ᠎ᠠ ᠵᠠᠷᠤᠳᠠᠯ ᠢ ᠢᠯᠭᠠᠷᠠᠭᠤᠯᠤᠨ | ᠲᠤᠰᠢᠶᠠᠬᠤ᠂ ᠡᠳ᠋ ᠬᠥᠷᠥᠩᠭᠡ ᠶᠢ ᠠᠮᠢᠳᠤᠯᠢᠭ ᠪᠣᠯᠭᠠᠬᠤ᠂ ᠦᠨ᠎ᠡ ᠬᠠᠩᠰᠢ ᠶᠢ ᠬᠢᠨᠠᠨ ᠬᠠᠷᠭᠤᠭᠤᠯᠵᠤ ᠬᠠᠰᠤᠬᠤ | ᠵᠡᠷᠭᠡ ᠤᠯᠠᠨ ᠵᠦᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠥᠭᠴᠡᠭᠡ ᠶᠢᠨ ᠬᠠᠳᠠᠭᠠᠯᠠᠯᠲᠠ ᠶᠢ ᠪᠦᠲᠦᠮᠵᠢᠲᠡᠶ | ᠢᠯᠭᠠᠷᠠᠭᠤᠯᠵᠤ᠂ ᠨᠡᠮᠡᠭᠳᠡᠯ ᠢ ᠡᠷᠡᠰ ᠬᠤᠷᠢᠭᠯᠠᠨ᠎ᠠ᠃ | ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ | ᠨᠠᠷᠢᠯᠢᠭ ᠣᠨᠣᠴᠠᠲᠠᠢ ᠰᠠᠶᠢᠲᠤᠷ ᠠᠳᠬᠤᠨ᠎ᠠ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ | ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠶᠢ ᠪᠠᠷᠢᠮᠲᠠᠯᠠᠵᠤ᠂ ︽ᠬᠥᠬᠡᠬᠤᠲᠠ ᠶᠢᠨ ᠬᠢᠵᠢᠭ ᠢ | ᠡᠰᠡᠷᠭᠦᠴᠡᠬᠦ ᠣᠶᠤᠨᠲᠤ ᠲᠠᠪᠴᠠᠩ︾ ᠢ ᠲᠡᠰ ᠳᠡᠪᠰᠢᠭᠦᠯᠵᠦ᠂ ᠭᠤᠣᠯᠳᠠᠯᠭ᠎ᠠ ᠲᠠᠢ ᠬᠥᠮᠥᠰ ᠤᠨ ᠮᠡᠳᠡᠭᠡ ᠵᠠᠩᠭᠢ ᠶᠢ | ᠬᠢᠨᠠᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ | ᠢᠳᠡᠭᠡᠨ᠂ ᠬᠦᠢᠲᠡᠨ ᠬᠡᠯᠬᠢᠶᠡᠲᠦ ᠪᠤᠰᠤ ᠡᠳ᠋ ᠪᠣᠳᠠᠰ ᠪᠣᠯᠣᠨ ᠤᠯᠤᠰ ᠤᠨ ᠳᠣᠲᠣᠭᠠᠳᠤ ᠭᠠᠳᠠᠭᠠᠳᠤ ᠶᠢᠨ ᠥᠨᠳᠥᠷ | ᠳᠤᠮᠳᠠ ᠲᠦᠭᠰᠢᠭᠦᠷᠢ ᠲᠠᠢ ᠭᠠᠵᠠᠷ ᠣᠷᠣᠨ ᠤ ᠰᠢᠤᠳᠠᠨ ᠤ ᠪᠣᠭᠤᠳᠠᠯ ᠪᠠᠭᠯᠠᠭ᠎ᠠ ᠲᠦᠷᠭᠡᠨ ᠬᠦᠷᠭᠡᠯᠲᠡ ᠶᠢᠨ | ᠪᠣᠭᠤᠳᠠᠯ ᠪᠠᠭᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠵᠦ᠂ ᠤᠯᠠᠨ ᠤᠯᠤᠰ ᠤᠨ ᠡᠭᠡᠯᠵᠢ ᠶᠢᠨ ᠨᠢᠰᠬᠡᠯ ᠢ | ᠬᠤᠪᠢᠶᠠᠷᠢᠯᠠᠨ ᠪᠠᠭᠤᠯᠭᠠᠬᠤ ᠠᠵᠢᠯ ᠢ ᠰᠠᠶᠢᠲᠤᠷ ᠠᠳᠬᠤᠵᠤ᠂ ᠬᠢᠯᠪᠡᠷ ᠪᠤᠰᠤ ᠪᠠᠷ ᠣᠯᠣᠭᠰᠠᠨ ᠰᠡᠷᠭᠡᠶᠢᠯᠡᠨ ᠡᠵᠡᠮᠳᠡᠬᠦ | ᠦᠷ᠎ᠡ ᠪᠦᠲᠦᠭᠡᠯ ᠢ ᠡᠷᠡᠰ ᠪᠠᠬᠢᠵᠢᠭᠦᠯᠦᠨ᠎ᠡ᠃ | ᠳᠥᠷᠪᠡ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢᠨ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ | ᠰᠢᠨ᠎ᠡ ᠴᠠᠭ ᠦᠶ᠎ᠡ ᠠᠴᠠ ᠪᠢᠳᠡᠨ ᠳᠤ ᠰᠢᠨ᠎ᠡ ᠡᠭᠦᠷᠭᠡ ᠳᠠᠭᠠᠭᠠᠯᠭᠠᠵᠠᠢ᠂ ᠳᠡᠭᠡᠷ᠎ᠡ ᠳᠤᠷᠠᠳᠤᠭᠰᠠᠨ ᠬᠠᠷᠠᠯᠲᠠ | ᠡᠭᠦᠷᠭᠡ ᠶᠢ ᠪᠡᠶᠡᠯᠡᠭᠦᠯᠬᠦ ᠳᠤ ᠪᠢᠳᠡ ᠬᠠᠲᠠᠭᠤ ᠪᠡᠷᠬᠡᠰᠢᠶᠡᠯ ᠢ ᠬᠠᠮᠲᠤᠪᠠᠷ ᠲᠤᠭᠤᠯᠵᠤ᠂ ᠴᠠᠭ ᠤᠨ ᠪᠡᠷᠬᠡ ᠶᠢ | ᠬᠠᠮᠲᠤᠪᠠᠷ ᠲᠤᠭᠤᠯᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠵᠠᠰᠠᠭ ᠤᠨ ᠣᠷᠳᠣᠨ ᠢ ᠪᠦᠬᠦ | ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ | ᠪᠢᠳᠠ ᠲᠤᠬ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠬᠡᠷᠡᠭᠲᠡᠢ᠃ ︽ᠬᠤᠶᠠᠷ ᠢ | ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ | ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ | ᠬᠡᠷᠡᠭᠲᠡᠢ᠃ ᠨᠠᠮ ᠤᠨ ᠲᠥᠪ ᠬᠤᠷᠢᠶᠠᠨ ᠤ ᠵᠠᠷᠯᠢᠭ ᠢ ᠡᠷᠡᠰ ᠳᠠᠭᠠᠵᠤ᠂ ᠨᠠᠮ ᠤᠨ ᠲᠥᠪ ᠬᠤᠷᠢᠶᠠᠨ ᠤ | ᠵᠢᠯᠣᠭᠤᠳᠤᠯᠭ᠎ᠠ ᠶᠢ ᠡᠷᠡᠰ ᠳᠠᠭᠠᠵᠤ᠂ ᠣᠪᠣᠷ ᠤᠨ ᠲᠠᠯ᠎ᠠ ᠪᠠᠷ ᠡᠷᠡᠰ ᠪᠠᠲᠤ ᠪᠠᠶᠢᠵᠤ᠂ ᠦᠢᠯᠡ ᠠᠵᠢᠯᠯᠠᠭ᠎ᠠ ᠶᠢᠨ | ᠲᠠᠯ᠎ᠠ ᠪᠠᠷ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠢ᠃ ᠤᠯᠤᠰ ᠲᠦᠷᠦ ᠶᠢᠨ ᠵᠣᠭᠰᠣᠯᠲᠠ ᠪᠠᠨ ᠡᠷᠡᠰ | ᠪᠠᠲᠤᠳᠬᠠᠵᠤ᠂ ᠵᠥᠪ ᠪᠤᠷᠤᠭᠤ ᠶᠢᠨ ᠡᠮᠦᠨ᠎ᠡ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠶᠠᠭᠠᠬᠢᠭᠰᠠᠨ ᠴᠤ | ᠬᠠᠰᠢ ᠶᠠᠰᠢ ᠪᠠᠶᠢᠵᠤ ᠪᠣᠯᠬᠤ ᠦᠭᠡᠢ᠂ ᠲᠥᠪ ᠬᠤᠳᠠ ᠶᠢᠨ ᠬᠢᠨ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ︽ᠡᠮᠦᠨ᠎ᠡ ᠨᠢ ᠶᠠᠪᠤᠵᠤ᠂ ᠦᠯᠢᠭᠡᠷ | ᠳᠠᠭᠤᠷᠢᠶᠠᠯ ᠪᠣᠯᠬᠤ︾ ᠶᠢ ᠪᠠᠲᠤᠯᠠᠬᠤ ᠬᠡᠷᠡᠭᠲᠡᠢ᠃ | ᠪᠢᠳᠡ ᠨᠢᠭᠡ ᠰᠡᠳᠬᠢᠯ ᠢᠶᠠᠷ ᠬᠥᠭᠵᠢᠯᠲᠡ ᠶᠢ ᠡᠷᠢᠯᠬᠢᠯᠡᠬᠦ ᠬᠡᠷᠡᠭᠲᠡᠢ᠃ ᠵᠠᠰᠠᠭ ᠤᠨ ᠣᠷᠳᠣᠨ ᠲᠦᠷᠦᠭᠦᠯᠡᠨ | ᠬᠥᠭᠵᠢᠯᠲᠡ ᠶᠢ ᠲᠥᠯᠥᠪᠵᠢᠭᠦᠯᠬᠦ ᠶᠢ ᠰᠡᠳᠬᠢᠯ ᠳᠡᠭᠡᠨ ᠪᠤᠳᠤᠵᠤ᠂ ᠮᠥᠷᠥᠨ ᠳᠡᠭᠡᠷ᠎ᠡ ᠪᠠᠨ ᠡᠭᠦᠷᠭᠡᠯᠡᠨ᠂ ︽ | ᠥᠨᠥᠳᠥᠷ ᠬᠡᠳᠦᠢ ᠣᠷᠣᠢ ᠪᠣᠯᠤᠭᠰᠠᠨ ᠴᠤ ᠡᠷᠲᠡ᠂ ᠮᠠᠷᠭᠠᠰᠢ ᠬᠡᠳᠦᠢ ᠡᠷᠲᠡ ᠪᠠᠶᠢᠭᠰᠠᠨ ᠴᠤ ᠣᠷᠣᠢ︾ ᠭᠡᠬᠦ | ᠪᠠᠴᠢᠮ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠷ᠂ ᠥᠷᠯᠥᠭᠡ ᠦᠳᠡᠰᠢ ᠶᠢ ᠲᠡᠮᠡᠴᠡᠵᠦ᠂ | ᠥᠷᠯᠥᠭᠡ ᠦᠳᠡᠰᠢ ᠶᠢ ᠵᠠᠪᠠᠯ ᠲᠡᠮᠡᠴᠡᠵᠦ᠂ ᠦᠷᠭᠦᠯᠵᠢᠯᠡᠨ ᠬᠦᠴᠦᠯᠡᠨ ᠴᠢᠷᠮᠠᠶᠢᠵᠤ ᠪᠠᠶᠢᠭᠠᠳ ᠣᠷᠣᠨ ᠤ ᠲᠥᠪ ᠤᠨ | ᠠᠤᠭ᠎ᠠ ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃ ᠡᠯ᠎ᠡ ᠱᠠᠲᠤᠨ ᠤ | ᠺᠠᠳ᠋ᠷᠴᠤᠳ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢᠶᠠᠨ ᠭᠦᠢᠴᠡᠳ ᠪᠠᠳᠠᠷᠠᠭᠤᠯᠵᠤ᠂ | ᠲᠡᠷᠢᠭᠦᠨ ᠤ ᠬᠢ ᠪᠠᠷ ᠪᠠᠷᠢᠮᠵᠢᠶᠠᠯᠠᠵᠤ᠂ ᠴᠢᠳᠠᠪᠤᠷᠢ ᠪᠠᠨ ᠨᠡᠮᠡᠭᠳᠡᠭᠦᠯᠦᠨ᠂ ᠠᠳᠠᠯᠢᠳᠬᠠᠨ ᠰᠤᠷᠤᠯᠴᠠᠵᠤ ᠭᠦᠢᠴᠡᠨ | ᠳᠠᠪᠠᠵᠤ ᠭᠠᠷᠤᠭᠠᠳ᠂ ᠠᠵᠢᠯ ᠬᠢᠵᠦ ᠦᠢᠯᠡᠰ ᠪᠦᠲᠦᠭᠡᠬᠦ ᠶᠠᠪᠤᠴᠠ ᠳᠤ ᠠᠮᠢᠳᠤᠷᠠᠬᠤᠢ ᠶᠢᠨ ᠦᠨ᠎ᠡ ᠦᠷᠳᠡᠭ ᠢᠶᠠᠨ | ᠢᠯᠡᠷᠡᠬᠦᠯᠬᠦ ᠬᠡᠷᠡᠭᠲᠡᠢ᠃ ᠥᠷᠭᠡᠨ ᠤᠯᠠᠨ ᠲᠦᠮᠡᠨ ︽ᠡᠵᠡᠨ ᠬᠥᠮᠥᠨ︾ ᠤ ᠤᠬᠠᠮᠰᠠᠷ ᠢᠶᠠᠨ ᠲᠠᠰᠤᠷᠠᠯᠳᠡ ᠦᠭᠡᠢ | ᠴᠢᠩᠭᠠᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠬᠦ ᠬᠤᠳᠠ ᠪᠠᠷ ᠢᠶᠠᠨ ︽ᠨᠢᠭᠡ ᠣᠷᠣᠨ ᠤ | ᠬᠥᠭᠵᠢᠯᠲᠡ ᠶᠢ ᠡᠷᠢᠯᠬᠢᠯᠡᠵᠦ᠂ ᠨᠢᠭᠡ ᠣᠷᠣᠨ ᠤ ᠠᠵᠠ ᠵᠢᠷᠭᠠᠯ ᠢ ᠨᠡᠮᠡᠭᠳᠡᠭᠦᠯᠬᠦ︾ ᠬᠦᠴᠦᠷᠬᠡᠭ ᠶᠡᠭᠡ ᠨᠢᠭᠲᠠᠷᠠᠯ ᠤᠨ | ᠬᠦᠴᠦᠨ᠂ ᠲᠠᠶᠢᠴᠢᠨ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ | ᠪᠢᠳᠡ ᠨᠠᠶᠢᠳᠠᠪᠤᠷᠢᠵᠢᠭᠤᠯᠤᠯᠲᠠ ᠶᠢ ᠲᠡᠷᠡ ᠬᠡᠪ ᠢᠶᠠᠷ ᠨᠢ ᠠᠳᠬᠤᠬᠤ ᠬᠡᠷᠡᠭᠲᠡᠢ᠃ ᠲᠣᠳᠣᠷᠬᠠᠢ ᠬᠠᠷᠠᠯᠲᠠ | ᠡᠭᠦᠷᠭᠡ ᠶᠢ ᠲᠣᠭᠲᠠᠭᠠᠭᠰᠠᠨ ᠪᠣᠯ ᠬᠢᠵᠦ᠂ ᠬᠢᠪᠡᠯ ᠪᠦᠲᠦᠭᠡᠵᠦ᠂ ᠬᠢᠪᠡᠯ ᠰᠠᠶᠢᠨ ᠬᠢᠵᠦ᠂ ︽ᠵᠢᠷᠤᠭ︾ ᠢᠶᠠᠨ ᠠᠪᠴᠤ | ︽ᠪᠠᠷᠢᠯᠭ᠎ᠠ ᠶᠢᠨ ᠭᠠᠵᠠᠷ︾ ᠲᠤ ᠣᠷᠣᠵᠤ᠂ ᠬᠡᠷᠡᠭ ᠤᠴᠢᠷ ᠢ ᠣᠪᠣᠭᠠᠷᠠᠭᠤᠯᠬᠤ ᠦᠭᠡᠢ᠂ ᠠᠵᠢᠯ ᠶᠠᠪᠤᠳᠠᠯ ᠢ | ᠦᠨᠵᠢᠬᠦᠯᠬᠦ ᠦᠭᠡᠢ ᠪᠠᠶᠢᠬᠤ ᠬᠡᠷᠡᠭᠲᠡᠢ᠃ ᠶᠡᠭᠡ ᠲᠠᠯ᠎ᠠ ᠳᠤ ᠬᠤᠯᠪᠣᠭᠳᠠᠬᠤ ᠠᠰᠠᠭᠤᠳᠠᠯ ᠳᠤ᠂ ︽ᠲᠤᠰᠬᠠᠢ ᠬᠥᠮᠥᠨ | ᠲᠣᠮᠢᠯᠠᠨ ᠲᠤᠰᠬᠠᠢ ᠠᠩᠭᠢ ᠪᠠᠶᠢᠭᠤᠯᠵᠤ᠂ ᠲᠤᠰᠬᠠᠢ ᠵᠦᠢᠯ ᠢᠶᠠᠷ ᠲᠤᠰᠬᠠᠶᠢᠯᠠᠨ ᠬᠠᠷᠢᠭᠤᠴᠠᠵᠤ︾᠂ | ᠬᠠᠷᠢᠭᠤᠴᠠᠯᠭ᠎ᠠ ᠶᠢ ᠪᠣᠳᠠᠲᠠᠢ ᠬᠥᠮᠥᠨ ᠳᠤ ᠬᠦᠷᠲᠡᠯ᠎ᠡ ᠪᠣᠳᠠᠲᠠᠶᠢᠵᠢᠭᠤᠯᠵᠤ᠂ ᠠᠵᠢᠯ ᠢ ᠪᠣᠳᠠᠲᠠᠢ ᠭᠤᠭᠴᠤᠭ᠎ᠠ ᠳᠤ | ᠬᠦᠷᠲᠡᠯ᠎ᠡ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠨᠠᠷᠢᠨ ᠲᠠᠩᠰᠠ ᠪᠠᠷ ᠬᠠᠮᠢᠶᠠᠷᠴᠤ᠂ ᠨᠢᠭᠡᠳᠦᠭᠡᠷ | ᠹᠷᠣᠨᠲ ᠲᠤ ᠪᠠᠶᠢᠴᠠᠭᠠᠨ ᠰᠢᠢᠳᠪᠦᠷᠢᠯᠡᠵᠦ᠂ ᠪᠢᠲᠡᠭᠦᠦ ᠴᠠᠭᠠᠷᠢᠭ ᠢᠶᠠᠷ ᠨᠠᠶᠢᠳᠠᠪᠤᠷᠢᠵᠢᠭᠤᠯᠤᠨ᠂ ᠡᠳᠦᠷ ᠢᠶᠠᠷ | ᠰᠠᠷ᠎ᠠ ᠶᠢ ᠪᠠᠲᠤᠯᠠᠵᠤ᠂ ᠰᠠᠷ᠎ᠠ ᠪᠠᠷ ᠤᠯᠠᠷᠢᠯ ᠢ ᠪᠠᠲᠤᠯᠠᠵᠤ᠂ ᠤᠯᠠᠷᠢᠯ ᠢᠶᠠᠷ ᠵᠢᠯ ᠢ ᠪᠠᠲᠤᠯᠠᠬᠤ ᠬᠡᠷᠡᠭᠲᠡᠢ᠃ | ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠳᠤ ᠬᠠᠨᠳᠤᠬᠤ ᠳᠠᠭᠠᠨ ︽ᠰᠢᠨ᠎ᠡ ᠳᠠᠷᠤᠭ᠎ᠠ ᠵᠠᠪᠠᠯ ᠬᠠᠭᠤᠴᠢᠨ | ᠲᠡᠩᠰᠠ ᠶᠢ ᠰᠢᠢᠳᠪᠦᠷᠢᠯᠡᠬᠦ ᠬᠡᠷᠡᠭᠲᠡᠢ︾᠂ ᠬᠡᠴᠢᠨᠡᠨ ᠬᠦᠴᠢᠷ ᠪᠡᠷᠬᠡ ᠲᠠᠢ ᠪᠠᠶᠢᠭᠰᠠᠨ ᠴᠤ ᠠᠵᠢᠯᠯᠠᠵᠤ᠂ ᠬᠡᠴᠢᠨᠡᠨ | ᠬᠠᠯᠠ ᠵᠦᠳᠡᠭᠦᠷᠢ ᠲᠠᠢ ᠪᠠᠶᠢᠭᠰᠠᠨ ᠴᠤ ᠡᠭᠦᠷᠭᠡᠯᠡᠵᠦ᠂ ᠬᠥᠭᠵᠢᠭᠦᠯᠬᠦ ᠶᠠᠪᠤᠴᠠ ᠳᠤ ᠠᠰᠠᠭᠤᠳᠠᠯ ᠢ ᠰᠢᠢᠳᠪᠦᠷᠢᠯᠡᠵᠦ᠂ | ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃ | ᠪᠢᠳᠡ ᠬᠤᠷᠢᠭ᠎ᠠ ᠱᠤᠭᠤᠮ ᠢ ᠠᠷᠢᠭᠤᠨ ᠴᠢᠬᠡᠴᠢ ᠪᠠᠷ ᠰᠠᠬᠢᠬᠤ ᠬᠡᠷᠡᠭᠲᠡᠢ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ | ᠪᠤᠳᠤᠬᠤ ᠬᠢᠨᠠᠯᠲᠠ ᠶᠢ ᠴᠢᠩᠭᠠᠳᠬᠠᠵᠤ᠂ ᠨᠡᠶᠢᠭᠡᠮ ᠤᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃ ᠵᠠᠰᠠᠭ ᠤᠨ ᠣᠷᠳᠣᠨ ᠲᠦᠷᠦᠭᠦᠯᠡᠨ ᠢᠲᠡᠭᠡᠯ ᠢ ᠰᠠᠬᠢᠵᠤ | ᠠᠮᠠᠯᠠᠯᠲᠠ ᠪᠠᠨ ᠪᠡᠶᠡᠯᠡᠭᠦᠯᠵᠦ᠂ ᠬᠡᠯᠡᠭᠰᠡᠨ ᠢᠶᠠᠨ ᠵᠠᠪᠠᠯ ᠭᠦᠢᠴᠡᠳᠬᠡᠵᠦ᠂ ᠠᠮᠠᠯᠠᠭᠰᠠᠨ ᠢᠶᠠᠨ ᠵᠠᠪᠠᠯ ᠪᠡᠶᠡᠯᠡᠭᠦᠯᠬᠦ | ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠠᠷᠢᠭᠤᠨ ᠴᠢᠬᠡᠴᠢ ᠪᠠᠷ ᠠᠵᠢᠯ ᠬᠢᠵᠦ᠂ | ᠠᠷᠢᠭᠤᠨ ᠴᠢᠬᠡᠴᠢ ᠬᠥᠮᠥᠨ ᠪᠣᠯᠵᠤ᠂ ︽ᠠᠷᠤ ᠳᠤ ᠨᠢᠭᠡ ᠴᠦ ᠬᠠᠵᠠᠭᠠᠢ ᠮᠥᠷ ᠦᠭᠡᠢ︾ ᠪᠠᠶᠢᠬᠤ ᠶᠢ ᠪᠡᠶᠡᠯᠡᠭᠦᠯᠵᠦ | ᠂ ᠦᠢᠯᠡᠳᠦᠯᠭᠡ᠂ ᠠᠷᠠᠳ ᠲᠦᠮᠡᠨ ᠪᠣᠯᠣᠨ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠠᠮᠵᠢᠯᠲᠠ | ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃ | ᠲᠥᠯᠥᠭᠡᠯᠡᠭᠴᠢᠳ ᠠ᠋︕ ᠰᠢᠨ᠎ᠡ ᠡᠭᠦᠷᠭᠡ ᠬᠠᠷᠢᠭᠤᠴᠠᠯᠭ᠎ᠠ ᠶᠢᠨ ᠡᠮᠦᠨ᠎ᠡ᠂ ᠪᠢᠳᠡ ᠬᠦᠨᠳᠦ ᠡᠭᠦᠷᠭᠡ ᠶᠢ | ᠡᠭᠦᠷᠭᠡᠯᠡᠵᠦ ᠪᠠᠶᠢᠬᠤ ᠪᠠᠨ ᠭᠦᠨ ᠮᠡᠳᠡᠷᠡᠵᠦ ᠪᠠᠶᠢᠨ᠎ᠠ᠂ ᠨᠡᠩ ᠴᠤ ᠲᠤᠶᠢᠯ ᠤᠨ ᠥᠩᠭᠡ ᠭᠡᠷᠡᠯᠲᠡᠢ ᠲᠠᠢ ᠰᠠᠨᠠᠭᠳᠠᠵᠤ | ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ | ᠪᠠᠲᠤ ᠴᠡᠭᠡᠵᠢᠯᠡᠵᠦ᠂ ᠠᠴᠢ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠡᠷᠡᠯᠬᠡᠭᠯᠡᠨ ᠲᠡᠮᠡᠴᠡᠵᠦ᠂ ᠴᠤᠴᠠᠯᠲᠠ | ᠦᠭᠡᠢ ᠤᠷᠤᠭᠰᠢᠯᠠᠨ᠂ ︽ᠦᠵᠡᠰᠬᠦᠯᠡᠩᠲᠦ ᠰᠠᠶᠢᠬᠠᠨ ᠬᠥᠬᠡ ᠬᠤᠲᠠ︾ ᠶᠢᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠢᠶᠠᠨ ᠡᠭᠦᠳᠴᠦ᠂ ︽ᠲᠠᠯ᠎ᠠ ᠨᠤᠲᠤᠭ ᠤᠨ ᠬᠤᠳᠠ︾ | ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ | ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠰᠤᠭᠠᠢ︕ | | ᠢᠷᠡᠯᠳᠡ᠄ ᠬᠦᠬᠡᠬᠤᠳᠡ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ | |