ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠣᠷᠴᠢᠮᠬᠠᠨ ᠳᠤ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠂ ᠰᠢᠶᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ | ᠬᠤᠷᠠᠯ ᠢ ᠡᠷᠬᠢᠯᠡᠪᠡ᠃ | ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠵᠠᠢ ᠱᠦ ᠵᠢᠶᠧ᠂ ᠸᠧᠨ ᠵᠢᠶᠠᠩ ᠬᠠᠢ᠂ ᠹᠠᠨ ᠷᠦᠢ ᠫᠢᠩ ᠵᠡᠷᠭᠡ ᠪᠠᠶᠢᠩᠭᠤ ᠶᠢᠨ ᠬᠤᠷᠢᠶᠠᠨ ᠤ | ᠪᠦᠷᠢᠯᠳᠦᠭᠦᠨ ᠬᠤᠷᠠᠯ ᠳᠤ ᠣᠷᠣᠯᠴᠠᠪᠠ᠃ ᠰᠢᠶᠠᠨ ᠤ ᠳᠡᠳ᠋ ᠳᠠᠷᠤᠭ᠎ᠠ ᠰᠢᠶ᠋ᠧ ᠴᠦᠨ ᠯᠦᠩ᠂ ᠰᠢᠶᠠᠨ ᠤ ᠬᠢᠨᠠᠨ | ᠪᠠᠶᠢᠴᠠᠭᠠᠬᠤ ᠵᠥᠪᠯᠡᠯ᠂ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠰᠢᠶᠠᠨ ᠤ ᠠᠷᠠᠳ ᠤᠨ ᠪᠠᠶᠢᠴᠠᠭᠠᠬᠤ | ᠬᠤᠷᠢᠶᠠᠨ ᠤ ᠬᠠᠷᠢᠭᠤᠴᠠᠯᠭᠠᠲᠠᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠯᠪᠠᠨ ᠭᠡᠷ ᠪᠣᠯᠣᠨ ᠡᠯ᠎ᠡ ᠲᠤᠰᠬᠠᠢ ᠵᠥᠪᠯᠡᠯ ᠵᠢᠴᠢ ᠠᠵᠢᠯᠯᠠᠬᠤ ᠵᠥᠪᠯᠡᠯ ᠤᠨ ᠡᠷᠬᠢᠯᠡᠭᠴᠢ᠂ ᠳᠡᠳ᠋ | ᠡᠷᠬᠢᠯᠡᠭᠴᠢ᠂ ᠡᠯ᠎ᠡ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠬᠤᠷᠠᠯ ᠳᠤ | ᠰᠤᠯᠠ ᠣᠷᠣᠯᠴᠠᠪᠠ᠃ | ᠬᠤᠷᠠᠯ ᠠᠴᠠ᠂ ᠰᠢᠶᠠᠨ ᠤ ᠳᠡᠳ᠋ ᠳᠠᠷᠤᠭ᠎ᠠ ᠰᠢᠶᠧ ᠴᠦᠨ ᠯᠦᠩ ᠰᠢᠶᠠᠨ ᠤ ᠠᠷᠠᠳ ᠤᠨ ᠵᠠᠰᠠᠭ ᠤᠨ | ᠣᠷᠳᠣᠨ ᠢ ᠲᠥᠯᠥᠭᠡᠯᠡᠨ ᠬᠢᠭᠰᠡᠨ ︽ᠬᠥᠬᠡᠬᠤᠲᠠ ᠶᠢᠨ ᠬᠥᠩᠭᠡᠨ ᠴᠠᠭᠠᠨ ᠤ ᠴᠠᠬᠢᠯᠭᠠᠨ ᠤ ᠦᠢᠯᠡᠳᠪᠦᠷᠢ ᠠᠴᠠ | ᠲᠤᠭᠳᠠᠬᠤ ᠰᠢᠶᠠᠨ ᠤ ᠬᠤᠳᠠ ᠳᠤ ᠬᠦᠷᠬᠦ ᠢᠯᠴᠢ ᠳᠠᠮᠵᠢᠭᠤᠯᠬᠤ ᠬᠤᠭᠤᠯᠠᠢ ᠶᠢᠨ ᠲᠣᠣᠷ ᠤᠨ ᠢᠨᠵᠧᠨᠧᠷᠢᠩ ᠤᠨ | ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠲᠦᠷᠦᠯ ᠵᠦᠢᠯ ᠢ ᠬᠡᠷᠡᠭᠵᠢᠭᠦᠯᠬᠦ ᠲᠥᠰᠥᠯ︾ ᠢ ᠰᠣᠨᠣᠰᠤᠨ ᠬᠢᠨᠠᠨ | ᠵᠥᠪᠯᠡᠵᠦ᠂ ᠬᠤᠷᠠᠯ ᠠᠴᠠ ᠡᠨᠡᠬᠦ ᠲᠦᠷᠦᠯ ᠵᠦᠢᠯ ᠢ ᠬᠡᠷᠡᠭᠵᠢᠭᠦᠯᠬᠦ ᠶᠢ ᠵᠥᠪᠰᠢᠶᠡᠷᠡᠬᠦ ᠪᠠᠷ ᠲᠣᠭᠲᠠᠪᠠ᠃ | ᠬᠤᠷᠠᠯ ᠠᠴᠠ᠂ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ ᠪᠣᠯ ᠰᠢᠶᠠᠨ ᠤ ᠬᠤᠳᠠ ᠶᠢᠨ ᠰᠠᠭᠤᠭᠠᠯᠢ | ᠠᠷᠠᠳ ᠤᠨ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ ᠠᠮᠢ ᠨᠠᠰᠤᠨ ᠤ ᠢᠨᠵᠧᠨᠧᠷᠢᠩ ᠪᠣᠯᠣᠨ᠎ᠠ᠃ ᠰᠢᠶᠠᠨ ᠤ | ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳᠠᠪᠠᠷ ᠪᠣᠬᠢᠷᠳᠤᠯ ᠦᠭᠡᠢ ᠬᠥᠭᠵᠢᠭᠦᠯᠬᠦ | ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠬᠠᠳᠤᠨ ᠭᠤᠣᠯ ᠳᠠᠭᠠᠤ ᠶᠢᠨ ᠠᠮᠢ ᠠᠬᠤᠢ ᠶᠢ ᠬᠠᠮᠠᠭᠠᠯᠠᠬᠤ ᠪᠠ ᠴᠢᠨᠠᠷ | ᠰᠠᠶᠢᠲᠠᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠠᠯᠤᠰ ᠬᠡᠳᠦ ᠳᠤ ᠰᠠᠭᠤᠷᠢᠯᠠᠵᠤ᠂ | ᠪᠣᠳᠠᠲᠤ ᠠᠬᠤᠢ ᠶᠢ ᠪᠣᠳᠣᠯᠬᠢᠯᠠᠵᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠬᠡᠷᠡᠭᠲᠡᠢ᠃ ᠭᠦᠨᠵᠡᠭᠡᠢ | ᠪᠠᠶᠢᠴᠠᠭᠠᠨ ᠰᠤᠳᠤᠯᠤᠯᠲᠠ ᠬᠢᠵᠦ᠂ ᠡᠯ᠎ᠡ ᠲᠠᠯ᠎ᠠ ᠶᠢᠨ ᠬᠦᠴᠦᠨ ᠢ ᠢᠳᠡᠪᠬᠢᠲᠡᠢ ᠵᠣᠬᠢᠴᠠᠭᠤᠯᠤᠨ᠂ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠶᠠᠪᠤᠴᠠ ᠳᠤ ᠢᠯᠡᠷᠡᠭᠰᠡᠨ ᠡᠯ᠎ᠡ ᠵᠦᠢᠯ ᠤᠨ ᠵᠥᠷᠢᠴᠡᠯ ᠪᠠ | ᠠᠰᠠᠭᠤᠳᠠᠯ ᠢ ᠤᠷᠢᠳᠴᠢᠯᠠᠨ ᠪᠣᠳᠣᠯᠬᠢᠯᠠᠬᠤ ᠶᠢᠨ ᠬᠠᠮᠲᠤ ᠲᠣᠬᠢᠲᠠᠢ ᠰᠢᠢᠳᠪᠦᠷᠢᠯᠡᠵᠦ᠂ ᠬᠦᠴᠦᠲᠡᠢ ᠲᠦᠯᠬᠢᠨ | ᠠᠬᠢᠭᠤᠯᠵᠤ᠂ ᠡᠪᠦᠯ ᠤᠨ ᠤᠯᠠᠷᠢᠯ ᠳᠤ ᠲᠣᠭᠲᠠᠭᠰᠠᠨ ᠬᠤᠭᠤᠴᠠᠭᠠᠨ ᠳᠠᠭᠠᠨ ᠳᠤᠯᠠᠭᠠᠯᠠᠭ᠎ᠠ ᠬᠠᠩᠭᠠᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠠᠵᠢᠯ ᠤᠨ ᠲᠥᠰᠥᠯ ᠢᠶᠠᠨ ᠠᠯᠢ ᠲᠦᠷᠭᠡᠨ ᠢᠶᠠᠷ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ | ᠪᠦᠬᠦ ᠰᠢᠶᠠᠨ ᠤ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠬᠤᠯᠪᠣᠭᠳᠠᠯ ᠪᠦᠬᠦᠢ | ᠵᠢᠷᠤᠮ ᠶᠣᠰᠣᠭᠠᠷ ᠪᠣᠳᠠᠲᠤ ᠬᠦᠴᠦᠨ ᠤ ᠢᠲᠡᠭᠡᠯ ᠬᠦᠨᠳᠦ ᠪᠠᠷ ᠥᠨᠳᠥᠷ ᠠᠵᠤ ᠠᠬᠤᠶᠢᠯᠠᠯ ᠢ ᠰᠣᠩᠭᠤᠵᠤ᠂ | ᠪᠠᠷᠢᠯᠭ᠎ᠠ ᠶᠢᠨ ᠶᠠᠰᠤ ᠴᠢᠨᠠᠷ ᠪᠠ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠢᠯᠴᠢ ᠬᠦᠷᠭᠡᠬᠦ ᠢᠨᠵᠧᠨᠧᠷᠢᠩ ᠤᠨ ᠲᠡᠦᠬᠡ ᠶᠢᠨ ᠰᠢᠯᠭᠠᠯᠲᠠ ᠶᠢ ᠳᠠᠭᠠᠭᠠᠵᠤ ᠴᠢᠳᠠᠬᠤ ᠶᠢ ᠦᠨᠡᠨ ᠬᠦ ᠪᠠᠲᠤᠯᠠᠵᠤ᠂ | ᠠᠷᠠᠳ ᠲᠦᠮᠡᠨ ᠤ ᠰᠡᠳᠬᠢᠯ ᠬᠠᠨᠤᠮᠵᠢᠲᠠᠶ ᠢᠨᠵᠧᠨᠧᠷᠢᠩ ᠢ ᠪᠠᠶᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃ | |