ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ 2022 ᠣᠨ ᠤ 5 ᠳ᠋ᠤᠭᠠᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠠᠰᠠᠭᠤᠳᠠᠯ ᠤᠨ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2022/5/16
      ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠵᠤ ᠲᠥᠪᠯᠡᠷᠡᠭᠦᠯᠦᠨ ᠵᠠᠰᠠᠬᠤ ᠶᠢ ᠥᠷᠨᠢᠭᠦᠯᠬᠦ ᠪᠣᠯ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠮᠥᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠭᠦᠯᠵᠢᠯᠡᠨ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠃ 5 ᠳ᠋ᠤᠭᠠᠷ ᠰᠠᠷ᠎ᠠ ᠶᠢᠨ 14  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2022 ᠣᠨ ᠤ 5 ᠳ᠋ᠤᠭᠠᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠨ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠠᠩᠭᠢ  ᠡᠷᠬᠢᠯᠡᠪᠡ᠃ ᠬᠥᠬᠡᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠰᠦᠨ ᠵᠥᠩ ᠾᠦᠢ᠂ ᠬᠥᠬᠡᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢ ᠰᠢᠩ ᠴᠤᠤ ᠶᠢ ᠤᠷᠢᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢᠨ ᠲᠣᠭᠤᠷᠢᠨ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠶᠢᠨ ᠲᠣᠭᠤᠷᠢᠨ ᠳᠤ ᠲᠤᠰ ᠲᠤᠰ ᠨᠠᠷᠢᠨ ᠲᠠᠶᠢᠯᠪᠤᠷᠢᠯᠠᠯᠲᠠ ᠬᠢᠭᠰᠡᠨ ᠪᠥᠭᠡᠳ ᠸᠢᠳᠢᠤ᠋ ᠲᠠᠢ ᠤᠶᠠᠯᠳᠤᠭᠤᠯᠤᠨ ᠠᠯᠢ ᠤᠯᠠᠨ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠶᠠᠷᠢᠵᠤ᠂ ᠨᠠᠮ ᠤᠨ ᠭᠡᠰᠢᠭᠦᠨ ᠺᠠᠳ᠋ᠷᠴᠤᠳ ᠢ ᠴᠠᠭ ᠢᠮᠠᠭᠲᠠ ᠰᠡᠷᠭᠡᠭ ᠪᠠᠶᠢᠵᠤ᠂ ︽ᠤᠯᠠᠭᠠᠨ ᠱᠤᠭᠤᠮ︾ ᠢ ᠪᠠᠲᠤ ᠴᠡᠭᠡᠵᠢᠯᠡᠵᠦ᠂ ᠬᠤᠷᠢᠭ᠎ᠠ ᠱᠤᠭᠤᠮ ᠠᠴᠠ ᠳᠠᠪᠠᠭ᠋ᠤ ᠦᠭᠡᠢ ᠪᠠᠶᠢᠬᠤ ᠶᠢ ᠰᠡᠷᠡᠮᠵᠢᠯᠡᠭᠦᠯᠵᠡᠢ᠃      ᠲᠤᠰ ᠤᠳᠠᠭ᠎ᠠ ᠶᠢᠨ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠠᠩᠭᠢ ᠶᠢ ︽ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠨᠠᠬᠢ︾ ᠬᠡᠯᠪᠡᠷᠢ ᠪᠠᠷ ᠡᠷᠬᠢᠯᠡᠵᠤ᠂ ᠭᠤᠣᠯ ᠬᠤᠷᠠᠯ ᠤᠨ ᠲᠠᠯᠠᠪᠠᠢ ᠶᠢ ᠶᠦᠨ ᠵᠦᠩ ᠰᠣᠶᠣᠯ ᠤᠨ ᠣᠷᠳᠣᠨ ᠳᠤ ᠲᠣᠬᠢᠷᠠᠭᠤᠯᠵᠤ᠂ 135 ᠬᠤᠪᠢᠶᠠᠷᠢ ᠬᠤᠷᠠᠯ ᠤᠨ ᠲᠠᠯᠠᠪᠠᠢ ᠶᠢ ᠲᠤᠰ ᠲᠤᠰ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠡᠯ᠎ᠡ ᠪᠠᠯᠭᠠᠰᠤ᠂ ᠡᠯ᠎ᠡ ᠨᠢᠭᠡᠴᠡ ᠳᠤ ᠲᠣᠬᠢᠷᠠᠭᠤᠯᠵᠠᠢ᠃ ᠰᠦᠨ ᠰᠢᠶᠦ᠋ᠨ᠂ ᠸᠠᠩ ᠮᠢᠩ ᠵᠡᠷᠭᠡ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠵᠢᠴᠢ ᠪᠦᠬᠦ ᠰᠢᠶᠠᠨ ᠤ ᠰᠠᠯᠠᠭ᠎ᠠ ᠶᠢᠨ ᠲᠡᠰ ᠤᠨ ᠺᠠᠳ᠋ᠷ ᠤᠨ ᠪᠣᠯᠪᠠᠰᠤᠷᠠᠯ ᠤᠨ ᠠᠩᠭᠢ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠲᠤᠰᠬᠠᠢ ᠰᠡᠳᠦᠪᠲᠦ ᠰᠤᠷᠭᠠᠨ ᠬᠥᠮᠦᠵᠢᠯ ᠤᠨ ᠡᠭᠡᠯᠵᠢᠯᠡᠨ ᠪᠣᠯᠪᠠᠰᠤᠷᠠᠭᠤᠯᠬᠤ ᠠᠩᠭᠢ ᠶᠢᠨ ᠰᠤᠷᠤᠬᠴᠢ᠂ ᠠᠵᠢᠯ ᠳᠤ ᠪᠠᠶᠢᠭ᠎ᠠ 2500 ᠭᠠᠷᠤᠢ ᠨᠠᠮ ᠤᠨ ᠭᠡᠰᠢᠭᠦᠨ ᠺᠠᠳ᠋ᠷ ᠬᠠᠪᠰᠤᠷᠤᠨ ᠵᠢᠯᠤᠭᠤᠳᠬᠤ ᠰᠤᠷᠤᠯᠴᠠᠯᠭ᠎ᠠ ᠳᠤ ᠣᠷᠣᠯᠴᠠᠪᠠ᠃      ᠪᠣᠯᠪᠠᠰᠤᠷᠠᠯ ᠤᠨ ᠠᠩᠭᠢ ᠴᠢᠬᠤᠯᠠᠴᠢᠯᠠᠭᠰᠠᠨ ᠨᠢ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠭᠢᠴᠢᠯᠠᠨ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠤᠰᠬᠠᠢ ᠰᠡᠳᠦᠪᠲᠦ ᠰᠤᠷᠤᠯᠴᠠᠯᠭ᠎ᠠ ᠶᠢᠨ ᠡᠨᠡᠬᠦ ᠴᠢᠬᠤᠯᠠ ᠭᠤᠭᠴᠤᠭ᠎ᠠ ᠶᠢ ᠦᠨᠡᠨᠬᠦ ᠰᠠᠶᠢᠲᠤᠷ ᠠᠳᠬᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠲᠤᠬᠠᠢ ᠴᠢᠬᠤᠯᠠ ᠥᠭᠦᠯᠡᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠥᠩ ᠯᠢᠶᠠᠩ ᠤᠨ ᠰᠠᠬᠢᠯᠭ᠎ᠠ ᠪᠠᠲᠤ ᠶᠢ ᠬᠦᠨᠳᠦ ᠨᠣᠴᠢᠲᠠᠢ ᠵᠥᠷᠢᠴᠡᠭᠰᠡᠨ ᠬᠠᠤᠯᠢ ᠶᠢᠨ ᠲᠥᠰᠥᠯ ᠢ ᠭᠦᠨᠵᠡᠭᠡᠢ ᠰᠤᠷᠤᠯᠴᠠᠵᠤ ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠳᠠᠯᠠᠬᠤ ᠪᠠ ᠵᠢᠷᠤᠮᠵᠢᠭᠤᠯᠬᠤ ᠶᠢ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠬᠦ᠂ ︽ᠬᠤᠶᠠᠷ ᠢ  ᠬᠦᠷᠢᠶᠡᠯᠡᠬᠦ︾ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠲᠥᠪᠯᠡᠷᠡᠭᠦᠯᠦᠨ ᠵᠠᠰᠠᠬᠤ ᠶᠢᠨ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠶᠯᠡ ᠠᠵᠢᠯᠯᠠᠭ᠎ᠠ ᠶᠢᠨ ᠤᠬᠠᠮᠰᠠᠷ ᠢ ᠦᠨᠡᠨᠬᠦ ᠴᠢᠩᠭᠠᠳᠬᠠᠬᠤ ᠬᠡᠷᠡᠭᠲᠡᠢ᠃ ᠡᠯ᠎ᠡ ᠨᠢᠭᠡᠴᠡ ᠨᠦᠭᠦᠳ ᠲᠥᠪᠯᠡᠷᠡᠭᠦᠯᠦᠨ ᠵᠠᠰᠠᠬᠤ ᠠᠵᠢᠯ ᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠨ᠂ ᠳᠡᠭᠡᠷ᠎ᠡ ᠨᠢᠭᠡ ᠱᠠᠲᠤᠨ ᠤ ᠡᠯ᠎ᠡ ᠵᠦᠢᠯ ᠤᠨ ᠠᠵᠢᠯ ᠢ ︽ᠡᠷᠬᠢᠨ ᠬᠠᠷᠠᠵᠤ︾᠂ ᠴᠠᠭ ᠲᠤᠬᠠᠢ ᠳᠤᠨᠢ ᠪᠠᠶᠢᠴᠠᠭᠠᠨ ᠳᠤᠲᠠᠭᠤ ᠶᠢ ᠨᠥᠬᠦᠪᠦᠷᠢᠯᠡᠵᠦ᠂ ᠲᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠵᠦ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠲᠠᠷᠠᠭᠠᠴᠢ ᠶᠢᠨ ᠱᠠᠲᠤᠨ ᠤ ᠠᠵᠢᠯ᠂ ᠢᠯᠠᠩᠭᠤᠶ᠎ᠠ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ︽ᠠᠷᠪᠠᠨ ᠨᠢᠭᠡᠨ ᠢ ᠴᠢᠩᠭ᠎ᠠ ᠴᠠᠭᠠᠵᠠᠯᠠᠬᠤ︾ 54 ᠲᠠᠯ᠎ᠠ ᠶᠢᠨ ᠢᠯᠡᠷᠡᠯ ᠲᠠᠢ ᠬᠠᠷᠢᠴᠠᠭᠤᠯᠵᠤ᠂ ᠨᠠᠵᠠᠭᠠᠢ ᠲᠠᠯ᠎ᠠ ᠶᠢᠨ ᠨᠡᠶᠢᠲᠡᠯᠢᠭ ᠵᠢᠱᠢᠶ᠎ᠡ ᠲᠠᠢ ᠬᠠᠷᠢᠴᠠᠭᠤᠯᠵᠤ᠂ ᠭᠦᠨᠵᠡᠭᠡᠢ ᠪᠥᠭᠡᠳ ᠨᠠᠷᠢᠨ ᠪᠠᠶᠢᠴᠠᠭᠠᠵᠤ᠂ ᠱᠠᠭᠠᠷᠳᠠᠯᠭ᠎ᠠ ᠲᠠᠢ ᠬᠠᠷᠢᠴᠠᠭᠤᠯᠤᠨ ᠥᠭᠡᠷᠡᠴᠢᠯᠡᠵᠦ᠂ ᠨᠡᠩ ᠴᠢᠩᠭ᠎ᠠ ᠠᠷᠭ᠎ᠠ ᠬᠡᠮᠵᠢᠶ᠎ᠡ ᠪᠠ ᠥᠪᠡᠷ ᠢ ᠪᠠᠨ ᠰᠢᠨᠡᠴᠢᠯᠡᠬᠦ ᠰᠥᠰᠥ ᠵᠣᠷᠢᠭ ᠢᠶᠠᠷ ᠲᠥᠪᠯᠡᠷᠡᠭᠦᠯᠦᠨ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠡᠴᠦᠰ ᠲᠤᠨᠢ ᠲᠤᠯᠲᠠᠯ᠎ᠠ ᠨᠠᠶᠢᠳᠠᠪᠤᠷᠢᠵᠢᠭᠤᠯᠵᠤ᠂ ᠣᠷᠣᠨ ᠪᠠᠶᠢᠷᠢ ᠳᠤᠨᠢ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃      ᠪᠣᠯᠪᠠᠰᠤᠷᠠᠯ ᠤᠨ ᠠᠩᠭᠢ ᠪᠠᠰᠠ ᠪᠦᠬᠦ ᠰᠢᠶᠠᠨ ᠤ ᠳᠡᠳ᠋ ᠰᠠᠯᠠᠭᠠᠨ ᠤ ᠳᠡᠰ ᠠᠴᠠ ᠳᠡᠭᠡᠭᠰᠢᠬᠢ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠵᠣᠬᠢᠶᠠᠨ ᠪᠠᠶᠢᠭᠤᠯᠵᠤ ︽ᠬᠤᠣᠷᠲᠤ ᠬᠠᠪᠤᠳᠠᠷ ᠢ ᠠᠷᠢᠯᠭᠠᠬᠤ᠂ ᠬᠤᠣᠷ ᠤᠨ ᠢᠷᠡᠯᠲᠡ ᠶᠢ ᠠᠷᠢᠯᠭᠠᠬᠤ᠂ ᠲᠠᠷᠬᠠᠭᠠᠭᠰᠠᠨ ᠬᠤᠣᠷ ᠢ ᠠᠷᠢᠯᠭᠠᠬᠤ︱ ᠰᠦᠩ ᠯᠢᠶᠠᠩ ᠤᠨ ᠰᠠᠬᠢᠯᠭ᠎ᠠ ᠪᠠᠲᠤ ᠶᠢ ᠬᠦᠨᠳᠦ ᠨᠣᠴᠢᠲᠠᠢ ᠵᠥᠷᠢᠴᠡᠭᠰᠡᠨ ᠬᠠᠤᠯᠢ ᠶᠢᠨ ᠲᠥᠰᠥᠯ ᠢ ᠬᠦᠨᠳᠦ ᠨᠣᠴᠢᠲᠠᠢ ᠵᠥᠷᠢᠴᠡᠭᠰᠡᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠢ ᠰᠡᠳᠦᠪᠲᠦ ᠰᠡᠷᠡᠮᠵᠢᠯᠡᠭᠦᠯᠬᠦ ᠬᠥᠮᠦᠵᠢᠯ ᠤᠨ ᠹᠢᠯᠢᠮ︾ ᠢ ᠦᠵᠡᠭᠦᠯᠬᠦ ᠶᠢᠨ ᠬᠠᠮᠲᠤ ᠲᠦᠷᠦᠭᠦᠦ ᠨᠢᠭᠡ ᠱᠠᠲᠤᠨ ᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠦᠷ᠎ᠡ ᠪᠦᠲᠦᠮᠵᠢ ᠳᠤ ᠰᠢᠯᠭᠠᠯᠲᠠ ᠬᠢᠵᠦ᠂ ᠲᠤᠰᠬᠠᠢ ᠰᠡᠳᠦᠪᠲᠦ ᠰᠤᠷᠤᠯᠴᠠᠯᠭ᠎ᠠ᠂ ᠰᠡᠷᠡᠮᠵᠢᠯᠡᠭᠦᠯᠬᠦ ᠬᠥᠮᠦᠵᠢᠯ᠂ ᠦᠷ᠎ᠡ ᠪᠦᠲᠦᠮᠵᠢ ᠶᠢᠨ ᠰᠢᠯᠭᠠᠯᠲᠠ ᠶᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠵᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1