ᠲᠤᠭᠳᠠᠬᠤ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠰᠢᠯᠢᠳᠡᠭ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠵᠤ ᠪᠣᠯᠪᠠᠰᠤᠷᠠᠯ ᠡᠬᠢᠯᠡᠭᠦᠯᠬᠦ ᠳᠠᠶᠢᠴᠢᠯᠠᠯᠲᠠ ᠵᠢᠴᠢ ᠰᠢᠯᠭᠠᠨ ᠪᠠᠶᠢᠴᠠᠭᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/18
      5 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠰᠢᠶᠠᠨ ᠤ ᠭᠠᠯ ᠤᠨᠲᠠᠷᠠᠭᠠᠬᠤ ᠰᠠᠯᠠᠭ᠎ᠠ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠰᠠᠯᠠᠭ᠎ᠠ᠂ ᠷᠠᠳᠢᠣ᠋ ᠬᠤᠯᠪᠣᠭᠠᠨ ᠤ ᠪᠠᠲᠤᠯᠠᠪᠤᠷᠢ ᠶᠢᠨ ᠰᠠᠯᠠᠭ᠎ᠠ᠂ ᠤᠰᠤ ᠬᠠᠩᠭᠠᠬᠤ ᠲᠥᠬᠦᠭᠡᠷᠦᠮᠵᠢ ᠶᠢ ᠵᠠᠪᠳᠤᠨ ᠵᠠᠰᠠᠬᠤ ᠰᠠᠯᠠᠭ᠎ᠠ ᠶᠢᠨ 4 ᠬᠤᠪᠢᠶᠠᠷᠢ ᠠᠩᠭᠢ ᠶᠢᠨ 89 ᠰᠢᠯᠢᠳᠡᠭ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠵᠤ᠂ 2022 ᠣᠨ ᠤ ᠪᠣᠯᠪᠠᠰᠤᠷᠠᠯ ᠡᠬᠢᠯᠡᠬᠦ ᠳᠠᠶᠢᠴᠢᠯᠠᠯᠲᠠ ᠵᠢᠴᠢ ᠰᠢᠯᠭᠠᠨ ᠪᠠᠶᠢᠴᠠᠭᠠᠬᠤ ᠶᠡᠭᠡ ᠬᠤᠷᠠᠯ ᠢ ᠬᠤᠷᠠᠯᠳᠤᠭᠤᠯᠪᠠ᠃ ᠪᠦᠬᠦ ᠡᠷᠦᠬᠡ ᠶᠢᠨ ᠴᠡᠷᠢᠭ ᠤᠨ ᠴᠤᠭ ᠵᠣᠷᠢᠭ ᠪᠠᠳᠠᠷᠠᠩᠭᠤᠢ᠂ ᠲᠡᠮᠡᠴᠡᠯ ᠤᠨ ᠵᠣᠷᠢᠭ ᠪᠠᠳᠠᠷᠠᠩᠭᠤᠢ᠂ ᠴᠤᠭ ᠵᠢᠪᠬᠤᠭ᠎ᠠ ᠨᠢ ᠪᠠᠳᠠᠷᠠᠵᠤ ᠪᠠᠶᠢᠨ᠎ᠠ᠃
     ᠬᠤᠷᠠᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠶᠠᠪᠤᠴᠠ ᠳᠤ ᠠᠮᠠᠪᠴᠢ ᠵᠡᠭᠦᠵᠦ᠂ ᠨᠢᠭᠡ ᠮᠧᠲᠷ ᠤᠨ ᠵᠠᠢ ᠶᠢ ᠪᠠᠲᠤᠯᠠᠪᠠ᠃ ᠬᠤᠷᠠᠯ ᠳᠡᠭᠡᠷ᠎ᠡ᠂ ᠵᠣᠬᠢᠶᠠᠨ ᠪᠠᠶᠢᠭᠤᠯᠤᠯᠲᠠ ᠠᠴᠠ ︽ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠴᠡᠷᠢᠭ ᠤᠨ ᠳᠠᠭᠤᠤ︾ ᠵᠢᠴᠢ ︽ᠳᠤᠮᠳᠠᠳᠤ ᠤᠯᠤᠰ ᠤᠨ ᠡᠷᠦᠭᠡ ᠶᠢᠨ ᠴᠡᠷᠢᠭ ᠤᠨ ᠳᠠᠭᠤᠤ︾ ᠶᠢ ᠬᠥᠭᠵᠢᠮᠳᠡᠨ ᠳᠠᠭᠤᠯᠠᠪᠠ᠃ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠸᠠᠩ ᠧᠨ ᠯᠸ ᠡᠷᠦᠭᠡ ᠶᠢᠨ ᠴᠡᠷᠢᠭ ᠤᠨ ᠺᠠᠳ᠋ᠷ ᠤᠨ ᠭᠤᠣᠯᠯᠠᠭᠴᠢ ᠬᠦᠴᠦᠨ ᠤ ᠲᠤᠰᠢᠶᠠᠯ ᠡᠭᠦᠷᠭᠡᠯᠡᠬᠦ ᠵᠠᠷᠯᠢᠭ ᠢ ᠤᠩᠰᠢᠨ ᠨᠡᠶᠢᠲᠡᠯᠡᠵᠦ᠂ ᠡᠯ᠎ᠡ ᠰᠠᠯᠠᠭ᠎ᠠ ᠶᠢᠨ ᠳᠠᠷᠤᠭ᠎ᠠ ᠵᠣᠬᠢᠶᠠᠨ ᠪᠠᠶᠢᠭᠤᠯᠤᠨ ᠨᠡᠷ᠎ᠡ ᠳᠤᠷᠠᠳᠴᠤ᠂ ᠪᠦᠬᠦ ᠡᠷᠦᠭᠡ ᠶᠢᠨ ᠴᠡᠷᠢᠭ ᠲᠠᠩᠭᠠᠷᠢᠭᠯᠠᠵᠤ᠂ ᠭᠠᠷ ᠤᠨ ᠦᠰᠦᠭ ᠵᠢᠷᠤᠵᠤ᠂ ᠰᠢᠨ᠎ᠡ ᠡᠷᠦᠭᠡ ᠶᠢᠨ ᠴᠡᠷᠢᠭ ᠤᠨ ᠲᠥᠯᠥᠭᠡᠯᠡᠭᠴᠢ ᠣᠪᠣᠷ ᠢᠶᠠᠨ ᠢᠯᠡᠳᠬᠡᠬᠦ ᠦᠭᠡ ᠬᠡᠯᠡᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠬᠠᠨ ᠵᠧᠨ ᠸᠧᠢ ᠰᠢᠨ᠎ᠡ ᠣᠨ ᠤ ᠴᠡᠷᠢᠭ ᠤᠨ ᠶᠠᠪᠤᠳᠠᠯ ᠤᠨ ᠪᠣᠯᠪᠠᠰᠤᠷᠠᠯ ᠤᠨ ᠠᠵᠢᠯ ᠳᠤ ᠳᠠᠶᠢᠴᠢᠯᠠᠯᠲᠠ ᠪᠠᠶᠢᠷᠢᠯᠠᠭᠤᠯᠤᠯᠲᠠ ᠬᠢᠵᠦ᠂ ᠪᠣᠯᠪᠠᠰᠤᠷᠠᠯ ᠳᠤ ᠣᠷᠤᠯᠴᠠᠬᠤ ᠡᠲᠡᠭᠡᠳ ᠢ ᠲᠣᠳᠣᠷᠬᠠᠶᠢᠯᠠᠵᠤ ᠂ ᠪᠦᠬᠦ ᠰᠢᠶᠠᠨ ᠤ ᠡᠷᠦᠬᠡ ᠶᠢᠨ ᠴᠡᠷᠢᠭ ᠢ ᠲᠡᠷᠢᠭᠦᠯᠡᠭᠴᠢ ᠰᠢ ᠶᠢᠨ ᠫᠢᠩ ᠤᠨ ᠵᠢᠭᠠᠪᠤᠷᠢ ᠶᠢ ᠡᠷᠡᠰ ᠲᠤᠤᠱᠯᠠᠭᠤᠯᠵᠤ᠂ ᠴᠡᠷᠢᠭ ᠤᠨ ᠶᠠᠪᠤᠳᠠᠯ ᠤᠨ ᠪᠣᠯᠪᠠᠰᠤᠷᠠᠯ ᠢ ᠶᠡᠬᠡᠪᠡᠷ ᠠᠳᠬᠤᠬᠤ ᠬᠠᠯᠠᠭᠤᠨ ᠥᠷᠨᠢᠯᠲᠡ ᠭᠠᠷᠭᠠᠵᠤ᠂ ᠲᠡᠷᠢᠭᠦᠨ ᠤ ᠰᠢᠯᠭᠠᠷᠠᠭᠰᠠᠨ ᠡᠷᠦᠬᠡ ᠶᠢᠨ ᠴᠡᠷᠢᠭ ᠤᠨ ᠡᠩᠨᠡᠭᠡ ᠶᠢ ᠪᠠᠶᠢᠭᠤᠯᠬᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢ ᠤᠷᠢᠶᠠᠯᠠᠪᠠ᠃
     ᠬᠤᠷᠠᠯ ᠤᠨ ᠲᠠᠷᠠᠭ᠎ᠠ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠸᠠᠩ ᠧᠨ ᠯᠸ ︽ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠰᠢᠨ᠎ᠡ ᠴᠠᠭ ᠦᠶ᠎ᠡ ᠶᠢᠨ ᠰᠢᠯᠢᠳᠡᠭ ᠡᠷᠦᠭᠡ ᠶᠢᠨ ᠴᠡᠷᠢᠭ ᠪᠣᠯᠬᠤ ᠪᠠᠷ ᠴᠢᠷᠮᠠᠶᠢᠶ᠎ᠠ︾ ᠭᠡᠬᠦ ᠰᠡᠳᠦᠪ ᠢᠶᠠᠷ ᠡᠷᠦᠭᠡ ᠶᠢᠨ ᠴᠡᠷᠢᠭ ᠤᠨ ᠡᠩᠨᠡᠭᠡᠨ ᠤ ᠪᠠᠶᠢᠷᠢ ᠰᠠᠭᠤᠷᠢ ᠦᠢᠯᠡᠳᠦᠯ᠂ ᠬᠥᠭᠵᠢᠯᠲᠡ ᠶᠢᠨ ᠶᠠᠪᠤᠴᠠ᠂ ᠰᠢᠨ᠎ᠡ ᠴᠠᠭ ᠦᠶ᠎ᠡ ᠶᠢᠨ ᠰᠢᠨ᠎ᠡ ᠱᠠᠭᠠᠷᠳᠠᠯᠭ᠎ᠠ ᠶᠢᠨ ᠲᠣᠭᠤᠷᠢᠨ ᠳᠤ ᠬᠠᠪᠰᠤᠷᠤᠨ ᠵᠢᠯᠤᠭᠤᠳᠴᠤ ᠬᠢᠴᠢᠶᠡᠯᠯᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1