ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠦᠭᠬᠦ ᠠᠯᠤᠰ ᠠᠴᠠ ᠡᠷᠬᠢᠨ ᠦᠵᠡᠬᠦ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ ︱ ᠲᠤᠭᠳᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠡᠷᠡᠭᠦᠦ ᠰᠢᠳᠬᠡᠯ ᠭᠦᠢᠴᠡᠳᠬᠡᠭᠰᠡᠳ ᠤᠨ ᠠᠯᠤᠰ ᠠᠴᠠ ᠸᠢᠳᠢᠤ᠋ ᠪᠠᠷ ᠡᠷᠬᠢᠨ ᠦᠵᠡᠬᠦ ᠠᠵᠢᠯ ᠥᠷᠨᠢᠭᠦᠯᠵᠡᠢ
ᠨᠡᠶᠢᠲᠡᠯᠡᠭᠰᠡᠨ ᠴᠠᠭ᠄
2022/5/18
      ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠴᠢᠨᠠᠭᠰᠢᠳᠠ  ᠴᠢᠩᠭᠠᠳᠬᠠᠵᠦ᠂ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠵᠠᠭᠪᠤᠷ ᠢ ᠲᠠᠰᠤᠷᠠᠯᠲᠠ ᠦᠭᠡᠢ ᠰᠢᠨ᠎ᠡ ᠪᠠᠷ ᠡᠭᠦᠳᠴᠦ᠂ ᠡᠷᠡᠭᠦᠦ ᠰᠢᠳᠬᠡᠯ ᠭᠦᠢᠴᠡᠳᠬᠡᠭᠰᠡᠳ ᠤᠨ ᠭᠡᠷ ᠪᠦᠯᠢ ᠶᠢᠨ ᠬᠢᠨ ᠡᠷᠡᠭᠦᠦ ᠰᠢᠳᠬᠡᠯ ᠭᠦᠢᠴᠡᠳᠬᠡᠭᠰᠡᠳ ᠢ ᠡᠷᠭᠢᠵᠦ ᠦᠵᠡᠬᠦ ᠵᠠᠮ ᠬᠤᠯᠠ᠂ ᠥᠪᠡᠷ ᠤᠨ ᠥᠷᠲᠡᠭ ᠥᠨᠳᠥᠷ᠂ ᠠᠭᠤᠯᠵᠠᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ᠂ ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠡᠷᠡᠭᠦᠦ ᠰᠢᠳᠬᠡᠯ ᠭᠦᠢᠴᠡᠳᠬᠡᠭᠰᠡᠳ ᠤᠨ ᠭᠡᠷ ᠪᠦᠯᠢ ᠶᠢᠨ ᠬᠢᠨ ᠲᠠᠢ ᠠᠭᠤᠯᠵᠠᠬᠤ ᠭᠤᠶᠤᠴᠢᠯᠠᠯ ᠢ ᠬᠢᠨᠠᠮᠠᠭᠠᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠨᠡᠪᠲᠡᠷᠡᠯᠴᠡᠵᠦ᠂ ᠡᠷᠡᠭᠦᠦ ᠰᠢᠳᠬᠡᠯ ᠭᠦᠢᠴᠡᠳᠬᠡᠭᠰᠡᠳ ᠪᠣᠯᠣᠨ ᠭᠡᠷ ᠪᠦᠯᠢ ᠶᠢᠨ ᠬᠢᠨ ᠢ ᠠᠯᠤᠰ   ᠠᠴᠠ ᠸᠢᠳᠢᠤ᠋ ᠪᠠᠷ ᠡᠷᠭᠢᠵᠦ ᠦᠵᠡᠬᠦ ᠶᠢ ᠤᠷᠤᠭᠰᠢᠲᠠᠢ ᠪᠡᠶᠡᠯᠡᠭᠦᠯᠪᠡ᠃      ᠡᠷᠡᠭᠦᠦ ᠰᠢᠳᠬᠡᠯ ᠭᠦᠢᠴᠡᠳᠬᠡᠭᠳᠡᠭᠴᠢ ᠯᠢᠦ ᠣᠪᠣᠭᠲᠤ᠂ ᠬᠢᠩᠭᠠᠨ ᠠᠶᠢᠮᠠᠭ ᠤᠨ ᠨᠢᠭᠡᠨ ᠭᠢᠨᠳᠠᠨ ᠳᠤ ᠡᠷᠡᠭᠦᠦ ᠰᠢᠳᠬᠡᠯ ᠭᠦᠢᠴᠡᠳᠬᠡᠵᠦ᠂ ᠲᠡᠭᠦᠨ ᠤ ᠡᠬᠡ ᠨᠢ ᠨᠠᠰᠤ ᠠᠬᠢᠭᠰᠠᠨ ᠪᠣᠯᠬᠤᠷ ᠭᠢᠨᠳᠠᠨ ᠳᠤ ᠣᠴᠢᠵᠤ ᠡᠷᠭᠢᠵᠦ ᠦᠵᠡᠬᠦ ᠳᠤ ᠨᠡᠯᠢᠶᠡᠳ ᠬᠦᠴᠢᠷᠲᠡᠢ ᠪᠠᠶᠢᠵᠤ᠂ ᠲᠤᠭᠳᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠠᠮᠢᠶᠠᠷᠤᠯᠲᠠ ᠶᠢᠨ ᠲᠠᠰᠤᠭ ᠪᠣᠯᠣᠨ ᠠᠷᠠᠳ ᠲᠦᠮᠡᠨ ᠤ ᠣᠷᠣᠯᠴᠠᠭᠰᠠᠨ ᠪᠠ ᠠᠬᠢᠭᠤᠯᠤᠭᠰᠠᠨ ᠬᠠᠤᠯᠢ ᠪᠠᠷ ᠵᠠᠰᠠᠬᠤ ᠲᠠᠰᠤᠭ ᠨᠢ ᠡᠷᠡᠭᠦᠦ ᠰᠢᠳᠬᠡᠯ ᠭᠦᠢᠴᠡᠳᠬᠡᠭᠰᠡᠳ ᠤᠨ ᠭᠡᠷ ᠪᠦᠯᠢ ᠶᠢᠨ ᠠᠯᠤᠰ ᠠᠴᠠ ᠡᠷᠭᠢᠵᠦ ᠦᠵᠡᠬᠦ ᠭᠤᠶᠤᠴᠢᠯᠠᠯ ᠢ ᠣᠯᠣᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠵᠢᠴᠢ ᠡᠷᠡᠭᠦᠦ ᠰᠢᠳᠬᠡᠯ ᠭᠦᠢᠴᠡᠳᠬᠡᠭᠰᠡᠳ ᠤᠨ ᠪᠠᠶᠢᠭ᠎ᠠ ᠭᠢᠨᠳᠠᠨ ᠲᠠᠢ ᠢᠳᠡᠪᠬᠢᠲᠡᠢ ᠵᠣᠯᠭᠠᠭᠤᠯᠵᠤ᠂ ᠡᠷᠡᠭᠦᠦ ᠰᠢᠳᠬᠡᠯ ᠭᠦᠢᠴᠡᠳᠬᠡᠭᠰᠡᠳ ᠤᠨ ᠠᠯᠤᠰ ᠠᠴᠠ ᠸᠢᠳᠢᠤ᠋ ᠪᠠᠷ ᠡᠷᠭᠢᠵᠦ ᠦᠵᠡᠬᠦ ᠠᠵᠢᠯ ᠢ ᠨᠠᠶᠢᠳᠠᠪᠤᠷᠢᠵᠢᠭᠤᠯᠬᠤ ᠶᠢ ᠴᠢᠷᠮᠠᠶᠢᠨ ᠠᠬᠢᠭᠤᠯᠪᠠ᠃      ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠭᠢᠨᠳᠠᠨ ᠤ ᠬᠢᠨ ᠪᠢᠲᠡᠭᠦᠮᠵᠢᠯᠡᠭᠰᠡᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠡᠷᠡᠭᠦᠦ ᠰᠢᠳᠬᠡᠯ ᠭᠦᠢᠴᠡᠳᠬᠡᠵᠦ ᠪᠠᠶᠢᠭ᠎ᠠ ᠬᠥᠮᠥᠰ ᠢ ᠲᠤᠬᠠᠢ ᠶᠢᠨ ᠭᠠᠵᠠᠷ  ᠲᠤᠨᠢ ᠡᠷᠭᠢᠵᠦ ᠦᠵᠡᠬᠦ ᠶᠢ ᠲᠦᠷ   ᠵᠤᠭᠰᠤᠭᠠᠪᠠ᠂ ᠡᠶᠢᠮᠦ ᠪᠠᠶᠢᠳᠠᠯ ᠤᠨ ᠳᠣᠣᠷ᠎ᠠ᠂ ᠠᠯᠤᠰ ᠠᠴᠠ ᠸᠢᠳᠢᠤ᠋ ᠶᠢᠨ ᠬᠠᠶᠢᠨ ᠦᠵᠡᠬᠦ ᠰᠢᠰᠲ᠋ᠧᠮ ᠤᠨ ᠪᠠᠶᠢᠭᠤᠯᠤᠯᠲᠠ ᠪᠠ ᠬᠡᠷᠡᠭᠯᠡᠯᠲᠡ ᠨᠢ ᠭᠡᠷ ᠤᠨ ᠬᠥᠮᠥᠰ ᠤᠨ ᠬᠠᠶᠢᠨ ᠦᠵᠡᠬᠦ ᠳᠤ ᠰᠢᠨ᠎ᠡ ᠵᠠᠮ ᠨᠡᠭᠡᠭᠡᠵᠦ ᠥᠭᠭᠦᠭᠰᠡᠨ ᠨᠢ ᠳᠠᠮᠵᠢᠭ ᠦᠭᠡᠢ ᠶᠤᠮ᠃ ᠡᠷᠡᠭᠦᠦ ᠰᠢᠳᠬᠡᠯ ᠭᠦᠢᠴᠡᠳᠬᠡᠵᠦ ᠪᠠᠶᠢᠭ᠎ᠠ ᠬᠥᠮᠥᠰ ᠪᠣᠯᠣᠨ ᠭᠡᠷ ᠪᠦᠯᠢ ᠶᠢᠨ ᠬᠢᠨ ᠳᠤ ᠣᠶᠢᠷ᠎ᠠ ᠬᠠᠪᠢ   ᠶᠢᠨ ᠠᠭᠤᠯᠵᠠᠯᠲᠠ   ᠶᠢᠨ ᠲᠠᠪᠴᠠᠩ ᠭᠠᠷᠭᠠᠵᠤ ᠥᠭᠭᠦᠭᠰᠡᠨ ᠪᠥᠭᠡᠳ ᠭᠢᠨᠳᠠᠨ ᠤ ᠡᠷᠡᠭᠦᠦ ᠰᠢᠳᠬᠡᠯ ᠭᠦᠢᠴᠡᠳᠬᠡᠵᠦ ᠪᠠᠶᠢᠭ᠎ᠠ ᠬᠥᠮᠥᠰ ᠲᠤ ᠲᠥᠷᠥᠯ ᠰᠠᠳᠤᠨ ᠤ ᠬᠠᠶᠢᠷ᠎ᠠ ᠰᠡᠳᠬᠢᠯᠭᠡ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠵᠦ᠂ ᠡᠷᠡᠭᠦᠦ ᠰᠢᠳᠬᠡᠯ ᠭᠦᠢᠴᠡᠳᠬᠡᠵᠦ ᠪᠠᠶᠢᠭ᠎ᠠ ᠬᠥᠮᠥᠰ ᠤᠨ ᠰᠡᠳᠬᠢᠯ ᠠᠮᠤᠷ ᠥᠭᠡᠷᠡᠴᠢᠯᠡᠬᠦ ᠳᠤ ᠲᠤᠰᠠ ᠪᠣᠯᠵᠤ᠂ ᠲᠡᠳᠡᠨ ᠤ ᠴᠢᠷᠮᠠᠶᠢᠨ ᠥᠭᠡᠷᠡᠴᠢᠯᠡᠬᠦ᠂ ᠨᠡᠶᠢᠭᠡᠮ ᠳᠤ ᠡᠷᠲᠡᠬᠡᠨ ᠠᠴᠢ ᠬᠠᠷᠢᠭᠤᠯᠬᠤ ᠢᠲᠡᠭᠡᠯ ᠵᠣᠷᠢᠭ   ᠢ ᠨᠢ ᠬᠥᠭᠵᠢᠭᠡᠭᠰᠡᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠠᠯᠤᠰ ᠠᠴᠠ ᠸᠢᠳᠢᠤ᠋ ᠪᠠᠷ ᠡᠷᠭᠢᠵᠦ ᠦᠵᠡᠬᠦ ᠲᠠᠰᠤᠭ ᠤᠨ ᠴᠢᠳᠠᠮᠵᠢ ᠶᠢ ᠦᠷᠭᠦᠯᠵᠢᠯᠡᠨ ᠰᠠᠶᠢᠲᠤᠷ ᠪᠠᠳᠠᠷᠠᠭᠤᠯᠤᠨ ᠠᠰᠢᠭᠯᠠᠵᠤ᠂ ᠭᠢᠨᠳᠠᠨ ᠳᠤ ᠡᠷᠡᠭᠦᠦ ᠰᠢᠳᠬᠡᠯ ᠭᠦᠢᠴᠡᠳᠬᠡᠵᠦ ᠪᠠᠶᠢᠭ᠎ᠠ ᠬᠥᠮᠥᠰ ᠪᠠ ᠭᠡᠷ ᠪᠦᠯᠢ ᠶᠢᠨ ᠬᠢᠨ ᠳᠤ ᠰᠠᠶᠢᠨ ᠰᠠᠶᠢᠬᠠᠨ ᠨᠡᠪᠲᠡᠷᠡᠯᠴᠡᠬᠦ ᠲᠠᠪᠴᠠᠩ ᠪᠠᠶᠢᠭᠤᠯᠵᠤ᠂ ︽ᠠᠷᠠᠳ ᠤᠨ ᠲᠥᠯᠥᠭᠡ ᠬᠠᠤᠯᠢ ᠪᠠᠷᠢᠬᠤ︾ ᠡᠨᠡᠬᠦ ᠣᠶᠢᠯᠠᠭᠠᠭᠳᠠᠬᠤᠨ ᠢ ᠠᠵᠢᠯ ᠤᠨ ᠳᠤᠮᠳᠠ ᠪᠠᠨ ᠭᠦᠨᠵᠡᠭᠡᠢ ᠦᠢᠯᠡᠳᠦᠯᠭᠡᠵᠢᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1