2022 ᠣᠨ ᠤ ᠲᠣᠭᠲᠠᠬᠤ ᠰᠢᠶᠠᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/19
      ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠠ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠤᠨ ᠬᠠᠷᠢᠭᠤᠴᠠᠯᠭ᠎ᠠ ᠪᠠᠨ ᠪᠦᠲᠦᠮᠵᠢᠲᠡᠢ ᠨᠠᠶᠢᠳᠠᠪᠤᠷᠢᠵᠢᠭᠤᠯᠤᠨ᠂ ᠳᠠᠷᠤᠯᠲᠠ ᠶᠢ ᠳᠠᠮᠵᠢᠭᠤᠯᠵᠤ᠂ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ 5 ᠳ᠋ᠤᠭᠠᠷ ᠰᠠᠷ᠎ᠠ ᠶᠢᠨ 18  ᠤ ᠦᠳᠡ ᠶᠢᠨ ᠡᠮᠦᠨ᠎ᠡ᠂ 2022 ᠣᠨ ᠤ ᠲᠣᠭᠲᠠᠬᠤ ᠰᠢᠶᠠᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ᠃
     ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠰᠢᠶᠠᠨ ᠤ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶᠠᠨ ᠤ ᠱᠦᠵᠢ ᠦ᠋ ᠹᠦ᠋ ᠵᠦᠩ ᠬᠤᠷᠠᠯ ᠳᠤ ᠣᠷᠣᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠵᠢᠴᠢ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠵᠤ ᠤᠬᠠᠭᠤᠯᠬᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠦᠨᠳᠦᠰᠦᠨ ᠱᠠᠲᠤ ᠶᠢ ᠶᠡᠬᠡᠪᠡᠷ ᠠᠳᠬᠤᠬᠤ᠂ ᠨᠠᠮ ᠤᠨ ᠡᠭᠦᠷ ᠢ ᠶᠡᠬᠡᠪᠡᠷ ᠠᠳᠬᠤᠬᠤ᠂ ᠪᠦᠬᠦ ᠠᠵᠢᠯᠲᠠᠨ ᠤ ᠨᠠᠮ ᠤᠨ ᠪᠠᠶᠢᠭᠤᠯᠤᠯᠲᠠ ᠶᠢ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠤᠯᠤᠰ ᠲᠦᠷᠦ ᠪᠠᠷ ᠶᠡᠷᠦᠩᠬᠡᠶᠢᠯᠡᠨ ᠵᠢᠯᠤᠭᠤᠳᠬᠤ᠂ ᠠᠵᠢᠯ ᠢᠶᠠᠷ ᠬᠥᠲᠥᠯᠥᠨ ᠳᠠᠭᠠᠭᠤᠯᠬᠤ ᠶᠢ ᠲᠤᠪᠤᠶᠢᠯᠭᠠᠵᠤ᠂ ᠨᠠᠮ ᠤᠨ ᠲᠦᠷᠦ ᠪᠠᠷᠢᠬᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠰᠠᠭᠤᠷᠢ ᠶᠢ ᠴᠢᠩᠭᠠᠳᠬᠠᠨ᠂ ᠳᠤᠲᠠᠭᠤᠳᠠᠯ ᠢ ᠨᠥᠬᠦᠪᠦᠷᠢᠯᠡᠵᠦ᠂ ᠲᠦᠷᠦᠯ ᠲᠡᠮᠳᠡᠭ ᠢ ᠡᠭᠦᠳᠴᠦ᠂ ᠲᠡᠰ ᠳᠡᠪᠰᠢᠭᠦᠯᠬᠦ ᠶᠢ ᠠᠬᠢᠭᠤᠯᠵᠤ᠂ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽2022 ᠣᠨ ᠤ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ︾ ᠲᠠᠢ ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠡᠷᠬᠡᠪᠰᠢ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠪᠢᠲᠡᠭᠦᠦ ᠴᠠᠭᠠᠷᠢᠭ ᠤᠨ ᠠᠵᠢᠯ ᠤᠨ ᠠᠷᠭ᠎ᠠ︾ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠵᠤ᠂ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠴᠢᠨᠠᠷ ᠰᠠᠶᠢᠲᠠᠢ ᠨᠠᠮ ᠤᠨ ᠭᠡᠰᠢᠭᠦᠨ ᠺᠠᠳ᠋ᠷ ᠤᠨ ᠡᠩᠨᠡᠭᠡ ᠶᠢ ᠪᠠᠶᠢᠭᠤᠯᠵᠤ᠂ ᠴᠢᠨᠠᠷ ᠰᠠᠶᠢᠲᠠᠢ ᠵᠢᠱᠢᠶᠡᠴᠢ ᠪᠠᠶᠢᠭᠤᠯᠤᠯᠭ᠎ᠠ ᠶᠢ ᠡᠭᠦᠳᠦᠨ ᠪᠠᠶᠢᠭᠤᠯᠬᠤ ᠬᠡᠷᠡᠭᠲᠡᠢ᠃
     ᠬᠤᠷᠠᠯ ᠠᠴᠠ ᠴᠢᠬᠤᠯᠠᠴᠢᠯᠠᠭᠰᠠᠨ ᠨᠢ᠂ ᠪᠠᠶᠢᠭᠤᠯᠤᠯᠭ᠎ᠠ ᠨᠢᠭᠡᠴᠡ ᠨᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ︽ᠨᠢᠭᠡᠳᠦᠭᠡᠷ ᠵᠢᠭᠰᠠᠭᠠᠯ︾ ᠳᠤ ᠣᠷᠣᠰᠢᠵᠤ᠂ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠨᠢ ᠪᠤᠰᠤᠳ ᠬᠦᠷᠢᠶᠡᠨ ᠤ ᠨᠠᠮ ᠤᠨ ᠪᠠᠶᠢᠭᠤᠯᠤᠯᠲᠠ ᠳᠤ ᠴᠢᠭᠯᠡᠯ ᠤᠨ ᠦᠢᠯᠡᠳᠦᠯ ᠦᠵᠡᠭᠦᠯᠵᠦ ᠪᠠᠶᠢᠨ᠎ᠠ᠂ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠶᠢᠨ ᠴᠢᠬᠤᠯᠠ ᠴᠢᠨᠠᠷ᠂ ᠭᠤᠤᠯᠳᠠᠯᠭᠠᠳᠤ ᠴᠢᠨᠠᠷ ᠢ ᠭᠦᠢᠴᠡᠳ ᠲᠠᠨᠢᠵᠤ᠂ ᠨᠠᠮ ᠤᠨ ᠭᠡᠰᠢᠭᠦᠨ ᠤ ᠤᠬᠠᠮᠰᠠᠷ ᠢ ᠡᠷᠡᠰ ᠢᠶᠠᠷ ᠰᠡᠩᠬᠡᠷᠡᠭᠦᠯᠵᠦ᠂ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠬᠤ ᠬᠡᠷᠡᠭᠲᠡᠢ᠃ ᠤᠬᠠᠮᠰᠠᠷ ᠠᠴᠠ ᠪᠠᠨ ᠠᠵᠢᠯ ᠤᠨ ᠪᠠᠶᠢᠷᠢ ᠲᠣᠭᠲᠠᠭᠠᠯᠲᠠ ᠶᠢ ᠬᠢᠨᠠᠨ ᠬᠠᠷᠭᠤᠭᠤᠯᠵᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠰᠢᠶᠠᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠠᠵᠢᠯ ᠤᠨ ᠠᠷᠭ᠎ᠠ ᠬᠡᠯᠪᠡᠷᠢ ᠪᠠᠨ ᠬᠠᠯᠠᠨ ᠰᠠᠶᠢᠵᠢᠷᠠᠭᠤᠯᠵᠤ᠂ ᠨᠠᠮ ᠤᠨ ᠳᠣᠲᠣᠭᠠᠳᠤ ᠶᠢᠨ ᠠᠵᠢᠯᠯᠠᠭ᠎ᠠ ᠶᠢᠨ ᠬᠡᠯᠪᠡᠷᠢ ᠶᠢ ᠤᠯᠠᠨ ᠶᠠᠩᠵᠤ ᠶᠢᠨ᠂ ᠠᠴᠢᠶᠠᠯᠠᠪᠤᠷᠢ ᠶᠢ ᠪᠠᠶᠠᠯᠢᠭ᠂ ᠲᠠᠲᠠᠬᠤ ᠬᠦᠴᠦᠨ ᠲᠠᠢ᠂ ᠪᠣᠳᠠᠲᠤ ᠦᠷ᠎ᠡ ᠪᠦᠲᠦᠮᠵᠢᠲᠦ ᠴᠢᠨᠠᠷ ᠲᠠᠢ ᠪᠣᠯᠭᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠥᠪ ᠴᠢᠩᠭ᠎ᠠ᠂ ᠦᠷᠭᠦᠯᠵᠢ ᠶᠢᠨ᠂ ᠵᠢᠷᠤᠮᠵᠢᠯ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ︽ᠲᠠᠪᠤᠨ ᠲᠠᠯ᠎ᠠ ᠶᠢ ᠬᠠᠮᠵᠢᠯᠴᠠᠭᠤᠯᠵᠤ᠂ ᠦᠨᠳᠦᠰᠦᠨ ᠱᠠᠲᠤ ᠶᠢ ᠶᠡᠬᠡᠪᠡᠷ ᠠᠳᠬᠤᠬᠤ︾ ᠶᠢ ᠭᠦᠨᠵᠡᠭᠡᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠳᠤᠲᠠᠭᠤᠳᠠᠯ ᠢ ᠦᠨᠡᠨᠬᠦ ᠨᠥᠬᠦᠪᠦᠷᠢᠯᠡᠵᠦ᠂ ᠰᠠᠭᠤᠷᠢ ᠶᠢ ᠨᠡᠩ ᠪᠠᠲᠤᠳᠬᠠᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭ᠎ᠠ ᠭᠤᠣᠯ ᠠᠵᠢᠯ ᠤᠨ ᠤᠬᠠᠮᠰᠠᠷ ᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠵᠦ᠂ ᠨᠠᠮ ᠤᠨ ᠪᠠᠶᠢᠭᠤᠯᠤᠯᠲᠠ ᠶᠢᠨ ᠬᠢᠨᠠᠨ ᠰᠢᠯᠭᠠᠵᠤ ᠦᠨᠡᠯᠡᠬᠦ ᠶᠢ ᠴᠢᠩᠳᠠᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃      ᠬᠤᠷᠠᠯ ᠠᠴᠠ ᠰᠢᠶᠠᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠶᠢᠨ 2021 ᠣᠨ ᠤ ᠠᠵᠢᠯ ᠤᠨ ᠳ᠋ᠦᠩᠨᠡᠯᠲᠡ ᠶᠢ ᠪᠦᠬᠦ ᠲᠠᠯ᠎ᠠ ᠪᠠᠷ ᠡᠷᠭᠢᠴᠡᠭᠦᠯᠦᠨ ᠳ᠋ᠦᠩᠨᠡᠭᠰᠡᠨ ᠪᠥᠭᠡᠳ 2022 ᠣᠨ ᠤ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠲᠠᠷᠠᠭᠠᠴᠢ ᠶᠢᠨ ᠱᠠᠲᠤᠨ ᠤ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠡᠷᠬᠢᠨ ᠰᠠᠶᠢᠲᠤᠷ ᠠᠳᠬᠤᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃      ᠰᠢᠶᠠᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯᠯᠠᠬᠤ ᠬᠤᠷᠢᠶ᠎ᠠ ᠶᠢᠨ ᠭᠡᠰᠢᠭᠦᠨ ᠵᠢᠴᠢ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠨᠡᠶᠢᠳᠡ 70 ᠭᠠᠷᠤᠢ ᠬᠥᠮᠥᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1