ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠤᠷᠳᠤ ᠬᠤᠭᠤᠴᠠᠭᠠᠨ ᠤ ᠪᠦᠲᠦᠮᠵᠢᠲᠡᠢ | ᠳᠠᠭᠠᠭᠠᠴᠢᠯᠠᠨ ᠬᠤᠯᠪᠣᠭᠠᠯᠠᠬᠤ ᠭᠤᠣᠯᠳᠠᠯᠭ᠎ᠠ ᠲᠠᠢ ᠠᠵᠢᠯ ᠤᠨ ᠲᠣᠭᠲᠠᠴᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢᠨ ᠲᠥᠯᠥᠭᠡ᠂ 5ᠳ᠋ᠤᠭᠠᠷ ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ | ᠠᠯᠪᠠᠨ ᠭᠡᠷ ᠤᠨ ᠨᠠᠮ ᠤᠨ ᠶᠡᠷᠦᠩᠬᠡᠢ ᠡᠭᠦᠷ ᠤᠨ ᠬᠡᠯᠲᠡᠰ ᠤᠨ 40 ᠭᠠᠷᠤᠢ ᠨᠠᠮ ᠤᠨ ᠭᠡᠰᠢᠭᠦᠨ ᠺᠠᠳ᠋ᠷ ᠲᠠᠪᠢᠨ ᠭᠡᠷ | ᠪᠠᠯᠭᠠᠰᠤᠨ ᠤ ᠳ᠋ᠠ ᠪᠧᠢ ᠶᠣᠣ ᠲᠣᠰᠬᠤᠨ ᠳᠤ ᠭᠦᠨᠵᠡᠭᠡᠶᠢᠷᠡᠵᠦ᠂ ᠲᠤᠰ ᠲᠣᠰᠬᠤᠨ ᠤ ︽ᠬᠤᠶᠠᠷ ᠵᠥᠪᠯᠡᠯ︾ ᠤᠨ | ᠺᠠᠳ᠋ᠷ ᠲᠠᠢ ᠬᠠᠮᠲᠤᠷᠠᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ | ᠠᠵᠢᠯᠯᠠᠭ᠎ᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠶ᠎ᠡ︾ | ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠡᠢ᠃ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠰᠦᠨ ᠬᠠᠢ ᠱᠧᠩ | ᠠᠵᠢᠯᠯᠠᠭ᠎ᠠ ᠳᠤ ᠣᠷᠣᠯᠴᠠᠪᠠ᠃ | | | | | ᠠᠵᠢᠯᠯᠠᠭ᠎ᠠ ᠨᠢ ᠤᠬᠠᠭᠤᠯᠭ᠎ᠠ ᠶᠢᠨ ᠵᠠᠷᠯᠠᠯ ᠨᠠᠭᠠᠬᠤ᠂ ᠲᠣᠰᠬᠤᠨ ᠤ ᠠᠷᠠᠳ ᠲᠤ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ | ᠳᠦᠷᠢᠮ︾ ᠤᠨ ᠤᠬᠠᠭᠤᠯᠭ᠎ᠠ ᠶᠢᠨ ᠭᠠᠷ ᠳᠡᠪᠲᠡᠷ᠂ ᠤᠬᠠᠭᠤᠯᠭ᠎ᠠ ᠶᠢᠨ ᠡᠪᠬᠡᠮᠡᠯ ᠬᠠᠭᠤᠳᠠᠰᠤ ᠲᠠᠷᠬᠠᠭᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠤᠣᠯ ᠰᠡᠳᠦᠪ ᠨᠢ ᠢᠯᠡ ᠲᠣᠳᠣ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠨᠠᠮ ᠤᠨ ᠠᠷᠠᠳ | ᠲᠦᠮᠡᠨ ᠢ ᠤᠬᠠᠭᠤᠯᠤᠨ ᠲᠤᠤᠱᠯᠠᠭᠤᠯᠪᠠ᠃ | | | | | | | | ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠨᠢ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ | ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ | ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ | ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠣᠶ ᠪᠣᠯᠭᠠᠵᠤ᠂ ︽ᠦᠨᠳᠦᠰᠦᠲᠡᠨ ᠨᠦᠭᠦᠳ | ᠪᠦᠯᠬᠦᠮᠳᠡᠨ ᠨᠢᠭᠡ ᠭᠡᠷ ᠤᠨ ᠬᠥᠮᠥᠨ ᠮᠡᠳᠦ︾ ︽ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ | ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ | ᠪᠣᠯᠭᠠᠬᠤ︾ ᠶᠢ ᠬᠥᠮᠥᠰ ᠤᠨ ᠰᠡᠳᠬᠢᠯ ᠳᠤ ᠨᠠᠩ ᠭᠦᠨ ᠬᠠᠳᠠᠩᠰᠢᠭᠤᠯᠪᠠ᠃ ᠡᠭᠦᠨ ᠤ ᠬᠠᠮᠲᠤ᠂ ᠠᠶᠢᠯ | ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠥᠷᠨᠢᠭᠦᠯᠵᠦ᠂ ᠭᠡᠷ ᠪᠠᠶᠢᠰᠢᠩ ᠤᠨ ᠠᠷᠤ ᠥᠪᠥᠷ᠂ ᠠᠶᠢᠯ ᠲᠣᠰᠬᠤᠨ ᠤ | ᠵᠠᠮ ᠵᠡᠷᠭᠡ ᠭᠠᠵᠠᠷ ᠣᠷᠣᠨ ᠤ ᠬᠤᠭ ᠨᠣᠪᠰᠢ ᠶᠢ ᠲᠥᠪᠯᠡᠷᠡᠭᠦᠯᠦᠨ ᠴᠡᠪᠡᠷᠯᠡᠵᠦ᠂ ᠥᠷᠭᠡᠨ ᠤᠯᠠᠨ ᠲᠦᠮᠡᠨ ᠢ ᠰᠠᠶᠢᠨ | ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠲᠠᠢ ᠪᠣᠯᠭᠠᠬᠤ ᠪᠠᠷ ᠬᠥᠲᠥᠯᠥᠨ ᠵᠢᠯᠣᠭᠤᠳᠪᠠ᠃ ᠪᠦᠬᠦ ᠲᠣᠰᠬᠤᠨ ᠳᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠲᠣᠰᠬᠤᠨ ᠤ | ᠣᠷᠴᠢᠨ ᠲᠣᠭᠤᠷᠢᠨ ᠤ ᠳᠦᠷᠰᠦ ᠪᠠᠶᠢᠳᠠᠯ ᠢ ᠬᠦᠴᠦᠲᠡᠢ ᠰᠠᠶᠢᠵᠢᠷᠠᠭᠤᠯᠪᠠ᠃ | | | | | ᠲᠠᠷᠠᠭᠠᠴᠢ ᠶᠢᠨ ᠠᠯᠬᠤᠮ ᠳᠤ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠠᠴᠠ ᠰᠢᠶᠠᠨ ᠤ ᠨᠠᠮ ᠤᠨ | ᠬᠤᠷᠢᠶᠠᠨ ᠤ ᠳᠠᠭᠠᠭᠠᠴᠢᠯᠠᠨ ᠬᠤᠯᠪᠣᠭᠠᠯᠠᠬᠤ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ | ᠭᠤᠣᠯᠳᠠᠯᠭ᠎ᠠ ᠲᠠᠢ ᠠᠵᠢᠯ ᠤᠨ ᠲᠣᠭᠲᠠᠴᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ | ᠵᠣᠯᠭᠠᠭᠤᠯᠵᠤ᠂ ᠣᠷᠣᠨ ᠪᠠᠶᠢᠷᠢ ᠪᠠᠨ ᠣᠨᠣᠪᠴᠢᠲᠠᠶ ᠡᠷᠢᠨ᠂ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢ | ᠢᠳᠡᠪᠬᠢᠲᠡᠢ ᠨᠠᠶᠢᠳᠠᠪᠤᠷᠢᠵᠢᠭᠤᠯᠵᠤ᠂ ᠨᠡᠪᠲᠡᠷᠡᠯᠴᠡᠭᠡ ᠪᠠᠨ ᠴᠢᠩᠭᠠᠳᠬᠠᠨ᠂ ᠣᠯᠠᠨ ᠲᠦᠮᠡᠨ ᠢ ᠬᠠᠪᠰᠤᠷᠤᠨ ᠬᠦᠴᠢᠷ | ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠳᠤ ᠨᠠᠩ ᠴᠢᠨᠠᠷ ᠰᠠᠶᠢᠲᠠᠢ ᠦᠢᠯᠡᠴᠢᠯᠡᠵᠦ᠂ ᠳᠠᠭᠠᠭᠠᠴᠢᠯᠠᠨ | ᠬᠤᠯᠪᠣᠭᠠᠯᠠᠬᠤ ᠡᠯ᠎ᠡ ᠵᠦᠢᠯ ᠤᠨ ᠠᠵᠢᠯ ᠢ ᠨᠠᠷᠢᠨ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠨ᠎ᠠ᠃ | |